【 ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ 】 ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ ᠪᠣᠳᠠᠲᠤ ᠶᠠᠪᠤᠳᠠᠯ ᠬᠢᠵᠦ ᠬᠤᠷᠠᠭᠰᠠᠨ ᠴᠠᠰᠤ ᠶᠢ ᠴᠡᠪᠡᠷᠯᠡᠵᠦ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ
ᠨᠡᠶᠢᠲᠡᠯᠡᠭᠰᠡᠨ ᠴᠠᠭ᠄
2023/12/14
     12 ᠰᠠᠷ᠎ᠠ ᠶᠢᠨ 10᠎ ᠤ ᠡᠳᠦᠷ᠂ ᠮᠠᠨ ᠤ ᠬᠤᠲᠠ ᠳᠤ ᠴᠠᠰᠤ ᠣᠷᠣᠬᠤ ᠠᠭᠤᠷ ᠠᠮᠢᠰᠬᠤᠯ ᠢᠯᠡᠷᠡᠵᠦ᠂ ᠬᠠᠷᠢᠶᠠᠲᠤ ᠣᠷᠣᠨ ᠤ ᠣᠯᠠᠨ ᠲᠦᠮᠡᠨ ᠤ ᠶᠠᠪᠤᠵᠤ ᠰᠠᠭᠤᠬᠤ ᠪᠠ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠵᠠᠮ ᠢ ᠰᠠᠭᠠᠳ ᠥᠬᠡᠶ ᠨᠡᠪᠲᠡᠷᠡᠭᠦᠯᠵᠦ᠂ ᠨᠠᠮ ᠤᠨ ᠭᠡᠰᠢᠭᠦᠨ᠂ ᠰᠠᠶᠢᠨ ᠳᠤᠷᠠᠴᠤᠳ ᠤᠨ ᠬᠦᠴᠦᠨ ᠢ ᠭᠦᠢᠴᠡᠳ ᠳᠠᠶᠢᠴᠢᠯᠠᠨ ᠪᠦᠯᠬᠦᠮᠳᠡᠨ ᠬᠠᠮᠵᠢᠯᠴᠠᠵᠤ ᠬᠤᠷᠠᠭᠰᠠᠨ ᠴᠠᠰᠤ ᠶᠢ ᠴᠡᠪᠡᠷᠯᠡᠨ ᠠᠷᠢᠯᠭᠠᠵᠤ᠂ ᠡᠯ᠎ᠡ ᠵᠦᠢᠯ ᠤᠨ ᠴᠠᠰᠤ ᠣᠷᠣᠬᠤ ᠶᠢ ᠠᠷᠭᠠᠴᠠᠬᠤ ᠠᠵᠢᠯ ᠢ ᠦᠨᠡᠨ ᠬᠦ ᠰᠠᠶᠢᠲᠤᠷ ᠬᠢᠵᠦ᠂ ᠬᠠᠷᠢᠶᠠᠲᠤ ᠣᠷᠣᠨ ᠤ ᠣᠯᠠᠨ ᠲᠦᠮᠡᠨ ᠳᠤ ᠠᠮᠤᠷ ᠲᠦᠪᠰᠢᠨ᠂ ᠰᠠᠭᠠᠳ ᠥᠬᠡᠶ ᠨᠡᠪᠲᠡᠷᠡᠬᠦ ᠣᠷᠴᠢᠨ ᠲᠣᠭᠤᠷᠢᠨ ᠢ ᠪᠣᠶ ᠪᠣᠯᠭᠠᠵᠤ ᠥᠭᠪᠡ᠃ ᠾᠧ ᠳ᠋ᠦᠩ ᠪᠠᠯᠭᠠᠰᠤ ᠵᠢᠴᠢ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠠᠵᠢᠯᠲᠠᠨ ᠵᠢᠴᠢ ᠰᠠᠶᠢᠨ ᠳᠤᠷ᠎ᠠ ᠶᠢᠨ ᠦᠢᠯᠡᠴᠢᠯᠡᠭᠴᠢᠳ ᠬᠤᠶᠢᠨ᠎ᠠ ᠬᠤᠶᠢᠨ᠎ᠠ ᠠᠴᠠ ᠪᠠᠨ ᠬᠤᠷᠠᠭᠰᠠᠨ ᠴᠠᠰᠤ ᠶᠢ ᠠᠷᠢᠯᠭᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ ᠬᠠᠮᠠᠭᠠᠯᠠᠪᠠ᠃ ᠪᠣᠳᠠᠲᠤ ᠠᠵᠢᠯᠯᠠᠭ᠎ᠠ ᠪᠠᠷ ᠢᠶᠠᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠬᠦ ᠶᠢ ᠤᠬᠠᠮᠰᠠᠷᠲᠤ ᠠᠵᠢᠯᠯᠠᠭ᠎ᠠ ᠶᠢᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠣᠯᠭᠠᠪᠠ᠃      ᠠᠵᠢᠯᠯᠠᠭ᠎ᠠ ᠶᠢᠨ ᠳᠤᠮᠳᠠ᠂ ᠣᠯᠠᠨ ᠢᠶᠠᠷ ᠢᠶᠠᠨ ᠬᠦᠢᠲᠡᠨ ᠰᠠᠯᠬᠢ ᠶᠢ ᠰᠥᠷᠴᠦ᠂ ᠲᠡᠮᠦᠷ ᠬᠦᠷᠵᠡ᠂ ᠱᠦᠭᠦᠷ ᠵᠡᠷᠭᠡ ᠪᠠᠭᠠᠵᠢ ᠬᠡᠷᠡᠭᠰᠡᠯ ᠢᠶᠠᠨ ᠠᠪᠴᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ᠂ ᠬᠠᠷᠢᠯᠴᠠᠨ ᠬᠠᠮᠵᠢᠯᠴᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠷᠠᠭᠰᠠᠨ ᠴᠠᠰᠤ ᠶᠢ ᠠᠷᠢᠯᠭᠠᠵᠤ᠂ ᠡᠨᠡ ᠬᠦ ᠬᠤᠪᠢᠰᠬᠠᠯ ᠤᠨ ᠴᠠᠰᠤ ᠠᠷᠢᠯᠭᠠᠬᠤ ᠡᠩᠨᠡᠭᠡ ᠡᠷᠴᠢ ᠵᠣᠷᠢᠭ ᠲᠡᠭᠦᠯᠳᠡᠷ ᠪᠠᠶᠢᠵᠤ᠂ ᠬᠠᠬᠢᠷ ᠬᠦᠢᠲᠡᠨ ᠠᠴᠠ ᠠᠶᠤᠬᠤ ᠥᠬᠡᠶ᠂ ᠵᠠᠮ ᠬᠠᠯᠲᠤᠷᠢᠬᠤ ᠠᠴᠠ ᠠᠶᠤᠬᠤ ᠥᠬᠡᠶ ᠪᠠᠶᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠬᠠᠷᠢᠶᠠᠲᠤ ᠣᠷᠣᠨ ᠤ ᠵᠠᠮ ᠤᠨ ᠬᠤᠶᠠᠷ ᠲᠠᠯ᠎ᠠ᠂ ᠰᠠᠭᠤᠭᠠᠯᠢ ᠠᠷᠠᠳ ᠤᠨ ᠲᠣᠭᠤᠷᠢᠭ ᠪᠠ ᠵᠡᠭᠡᠯᠢ ᠭᠤᠳᠤᠮᠵᠢ ᠶᠢᠨ ᠪᠠᠭ᠎ᠠ ᠭᠤᠳᠤᠮᠵᠢ ᠨᠢᠭᠡᠪᠦᠷᠢ ᠶᠢ ᠴᠡᠪᠡᠷᠯᠡᠵᠦ᠂ ᠴᠠᠰᠤ ᠮᠥᠰᠥ ᠶᠢ ᠠᠷᠢᠯᠭᠠᠬᠤ ᠠᠵᠢᠯ ᠢ ᠬᠦᠴᠦ ᠪᠠᠨ ᠬᠠᠮᠲᠤᠳᠬᠠᠨ ᠥᠨᠳᠥᠷ ᠪᠦᠲᠦᠮᠵᠢᠲᠡᠶ ᠪᠠᠷ ᠪᠡᠶᠡᠯᠡᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ︽ᠰᠡᠳᠬᠢᠯ ᠢ ᠳᠤᠯᠠᠭᠠᠴᠠᠭᠤᠯᠬᠤ ᠵᠠᠮ︾᠎ ᠢ ᠨᠡᠭᠡᠭᠡᠨ ᠥᠭᠴᠦ᠂ ᠶᠠᠪᠠᠭᠠᠨ ᠬᠥᠮᠦᠨ ᠤ ᠲᠡᠷᠭᠡ ᠬᠥᠰᠬᠡ ᠶᠢᠨ ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠲᠦᠢᠯ ᠤᠨ ᠶᠡᠭᠡ ᠲᠥᠬᠦᠮ ᠦᠵᠡᠭᠦᠯᠵᠦ᠂ ᠵᠠᠮ ᠰᠠᠭᠠᠳ ᠥᠬᠡᠶ ᠪᠥᠭᠡᠳ ᠠᠮᠤᠷ ᠲᠦᠪᠰᠢᠨ ᠪᠣᠯᠵᠣ᠂ ᠨᠠᠰᠢ ᠴᠠᠰᠢ ᠥᠩᠭᠡᠷᠡᠬᠦ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠮᠠᠭᠲᠠᠨ ᠰᠠᠶᠢᠰᠢᠶᠠᠪᠠ᠃      ᠲᠠᠷᠠᠭᠠᠴᠢ ᠶᠢᠨ ᠠᠯᠬᠤᠮ ᠳᠤ ᠾᠧ ᠳ᠋ᠦᠩ ᠪᠠᠯᠭᠠᠰᠤ ᠴᠠᠰᠤ ᠤᠷᠤᠭᠰᠠᠨ ᠪᠠᠶᠢᠳᠠᠯ ᠢ ᠦᠷᠭᠦᠯᠵᠢᠯᠡᠨ ᠠᠩᠬᠠᠷᠴᠤ᠂ ᠬᠠᠷᠢᠶ᠎ᠠ ᠣᠷᠣᠨ ᠤ ᠵᠠᠮ ᠤᠨ ᠭᠠᠳᠠᠷᠭᠤ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠠᠷᠢᠯᠭᠠᠵᠤ᠂ ᠬᠠᠷᠢᠶ᠎ᠠ ᠣᠷᠣᠨ ᠳᠤ ᠡᠪᠦᠯ ᠤᠨ ᠤᠯᠠᠷᠢᠯ ᠤᠨ ᠴᠠᠰᠤ ᠠᠷᠢᠯᠭᠠᠬᠤ ᠠᠵᠢᠯ ᠤᠨ ᠬᠤᠯᠪᠣᠭᠳᠠᠯ ᠪᠥᠬᠦᠶ ᠱᠠᠭᠠᠷᠳᠠᠯᠭ᠎ᠠ ᠪᠠ ᠠᠷᠭ᠎ᠠ ᠬᠢᠳᠡᠯ ᠢ ᠥᠷᠭᠡᠨ ᠢᠶᠠᠷ ᠤᠬᠠᠭᠤᠯᠵᠤ᠂ ᠣᠯᠠᠨ ᠨᠡᠶᠢᠲᠡ ᠶᠢᠨ ᠬᠠᠷᠢᠭᠤᠴᠠᠯᠭᠠᠲᠤ ᠤᠬᠠᠮᠰᠠᠷ ᠪᠠ ᠣᠷᠣᠯᠴᠠᠬᠤ ᠤᠬᠠᠮᠰᠠᠷ ᠢ ᠪᠦᠲᠦᠮᠵᠢᠲᠡᠶ ᠴᠢᠩᠭᠠᠳᠬᠠᠵᠤ᠂ ᠨᠡᠶᠢᠭᠡᠮ ᠤᠨ ᠴᠠᠰᠤ ᠠᠷᠢᠯᠭᠠᠬᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠬᠠᠷᠢᠶᠠᠲᠤ ᠣᠷᠣᠨ ᠤ ᠵᠠᠮ ᠤᠨ ᠰᠠᠭᠠᠳ ᠥᠬᠡᠶ ᠨᠡᠪᠲᠡᠷᠡᠬᠦ ᠶᠢ ᠣᠯᠠᠨ ᠲᠠᠯ᠎ᠠ ᠪᠠᠷ ᠪᠠᠲᠤᠯᠠᠵᠤ᠂ ᠣᠯᠠᠨ ᠲᠦᠮᠡᠨ ᠤ ᠶᠠᠪᠤᠵᠤ ᠰᠠᠭᠤᠬᠤ ᠶᠢ ᠪᠠᠲᠤᠯᠠᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1