【 ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ 】 ︽ᠴᠠᠰᠤ ᠪᠠᠷ ᠵᠠᠷᠯᠢᠭ ᠪᠣᠯᠭᠠᠵᠤ ᠰᠡᠳᠬᠢᠯ ᠢ ᠳᠤᠯᠠᠭᠠᠴᠠᠭᠤᠯᠤᠨ ᠬᠠᠮᠠᠭᠠᠯᠠᠶ᠎ᠠ︾ - ᠠᠷᠠᠳ ᠲᠤ ᠪᠣᠳᠠᠲᠠᠢ ᠶᠠᠪᠤᠳᠠᠯ ᠬᠢᠵᠦ ᠥᠭᠬᠦ ᠭᠤᠣᠯ ᠰᠡᠳᠦᠪᠲᠦ ᠠᠵᠢᠯᠯᠠᠭ᠎ᠠ
ᠨᠡᠶᠢᠲᠡᠯᠡᠭᠰᠡᠨ ᠴᠠᠭ᠄
2023/12/14
      ᠴᠠᠰᠤᠨ ᠯᠠᠪᠰᠠ ᠵᠢᠷᠤᠭ ᠮᠡᠲᠦ ᠠᠷᠪᠠᠨ ᠬᠤᠶᠠᠷ ᠰᠠᠷ᠎ᠠ ᠶᠢᠨ ᠴᠠᠰᠤᠨ ᠯᠠᠪᠰᠠ ᠰᠠᠯᠠᠭ᠎ᠠ ᠨᠠᠮᠠᠭ᠎ᠠ ᠰᠢᠪᠡᠷᠢᠯᠡᠨ᠎ᠡ᠃ ᠭᠦᠨ ᠵᠤᠵᠠᠭᠠᠨ ᠬᠤᠷᠠᠭᠰᠠᠨ ᠴᠠᠰᠤ ᠨᠢ ᠰᠠᠭᠤᠭᠠᠯᠢ ᠠᠷᠠᠳ ᠤᠨ ᠠᠮᠢᠳᠤᠷᠠᠯ ᠪᠣᠯᠤᠨ ᠶᠠᠪᠤᠵᠤ ᠰᠠᠭᠤᠬᠤ ᠳᠤ ᠮᠠᠰᠢ ᠤᠯᠠᠨ ᠳᠥᠭᠦᠮ ᠦᠭᠡᠢ ᠪᠠᠶᠢᠳᠠᠯ ᠢ ᠠᠪᠴᠢᠷᠠᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠪᠦᠦ ᠯᠢ ᠨᠡᠶᠢᠭᠡᠮ ᠲᠣᠭᠤᠷᠢᠭ ᠤᠨ ᠬᠢᠨ ᠡᠯ᠎ᠡ ᠠᠳᠠᠯ ᠠᠬᠤᠢ ᠶᠢᠨ ᠠᠵᠢᠯᠳᠠᠨ᠂ ᠬᠠᠯᠠᠭᠤᠨ ᠰᠡᠳᠬᠢᠯᠲᠦ ᠰᠠᠭᠤᠭᠠᠯᠢ ᠠᠷᠠᠳ ᠵᠡᠷᠭᠡ ᠤᠯᠠᠨ ᠲᠠᠯ᠎ᠠ ᠶᠢᠨ ᠰᠠᠶᠢᠨ ᠳᠤᠷ᠎ᠠ ᠶᠢᠨ ᠬᠦᠴᠦᠨ ᠲᠠᠢ ᠬᠠᠮᠲᠤᠷᠠᠨ᠂ ︽ᠴᠠᠰᠤ ᠪᠠᠷ ᠵᠠᠷᠯᠢᠭ ᠪᠣᠯᠭᠠᠵᠤ ᠰᠡᠳᠬᠢᠯ ᠢ ᠳᠤᠯᠠᠭᠠᠴᠠᠭᠤᠯᠬᠤ ᠪᠠᠷ ᠭᠤᠣᠯ ᠰᠡᠳᠦᠪ ᠪᠣᠯᠭᠠᠭᠰᠠᠨ ᠴᠠᠰᠤ ᠶᠢ ᠴᠡᠪᠡᠷᠯᠡᠵᠦ ᠮᠥᠰᠥ ᠠᠷᠢᠯᠭᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠴᠢᠳ ᠴᠠᠰᠤ ᠪᠠᠷ ᠵᠠᠷᠯᠢᠭ ᠪᠣᠯᠭᠠᠵᠤ᠂ ᠴᠠᠰᠤ ᠶᠢ ᠰᠣᠨᠣᠰᠤᠮᠠᠭᠴᠠ ᠬᠥᠳᠡᠯᠦᠯᠴᠡᠵᠦ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ ᠶᠢ ᠪᠣᠳᠠᠲᠠᠢ ᠠᠵᠢᠯᠯᠠᠭ᠎ᠠ ᠳᠡᠭᠡᠷ᠎ᠡ ᠨᠠᠶᠢᠳᠠᠪᠤᠷᠢᠵᠢᠭᠤᠯᠵᠤ᠂ ᠰᠡᠳᠬᠢᠯ ᠳᠤᠯᠠᠭᠠᠴᠠᠭᠤᠯᠤᠨ ᠰᠠᠭᠤᠭᠠᠯᠢ ᠠᠷᠠᠳ ᠤᠨ ᠭᠠᠷᠬᠤ ᠵᠠᠮ ᠢ ᠬᠠᠮᠠᠭᠠᠯᠠᠪᠠ᠃      ᠴᠠᠰᠤᠨ ᠳᠤᠮᠳᠠ᠂ ᠣᠯᠠᠨ ᠢᠶᠠᠷ ᠢᠶᠠᠨ ᠬᠠᠬᠢᠷ ᠬᠦᠢᠳᠡᠨ ᠠᠴᠠ ᠠᠶᠤᠬᠤ ᠦᠭᠡᠢ᠂ ᠠᠵᠢᠯ ᠤᠨ ᠬᠤᠪᠢᠶᠠᠷᠢᠯᠠᠯ ᠡᠮᠬᠢ ᠵᠢᠷᠤᠮ ᠲᠠᠢ᠂ ᠰᠡᠳᠬᠢᠯ ᠰᠠᠨᠠᠭ᠎ᠠ ᠪᠠᠨ ᠣᠯᠣᠯᠴᠠᠵᠤ᠂ ᠡᠷᠴᠢ ᠵᠣᠷᠢᠭ ᠲᠡᠭᠦᠯᠳᠡᠷ ᠪᠠᠶᠢᠵᠤ᠂ ᠴᠠᠰᠤᠨ ᠬᠤᠰᠤᠭᠤᠷ᠂ ᠱᠦᠭᠦᠷ ᠵᠡᠷᠭᠡ ᠪᠠᠭᠠᠵᠢ ᠬᠡᠷᠡᠭᠰᠡᠯ ᠢᠶᠠᠨ ᠪᠠᠷᠢᠵᠤ᠂ ᠬᠦᠷ ᠬᠥᠭᠵᠢᠶᠡᠨ ᠲᠠᠢ ᠬᠥᠳᠡᠯᠮᠦᠷᠢ ᠶᠢᠨ ᠪᠠᠶᠢᠳᠠᠯ ᠨᠢ ᠡᠪᠦᠯ ᠤᠨ ᠡᠳᠦᠷ ᠤᠨ ᠨᠢᠭᠡᠨ ᠦᠵᠡᠰᠬᠦᠯᠡᠩᠲᠦ ᠰᠠᠶᠢᠬᠠᠨ ᠦᠵᠡᠮᠵᠢ ᠪᠣᠯᠤᠭᠰᠠᠨ ᠪᠠᠶᠢᠨ᠎ᠠ᠃ ᠨᠠᠯᠠᠤ ᠵᠠᠮ ᠂ ᠶᠠᠪᠠᠭᠠᠨ ᠵᠠᠮ ᠵᠢᠴᠢ ᠡᠯ᠎ᠡ ᠵᠢᠵᠢᠭ ᠲᠣᠭᠤᠷᠢᠭ ᠤᠨ ᠣᠷᠣᠵᠤ ᠭᠠᠷᠬᠤ ᠭᠠᠵᠠᠷ ᠵᠡᠷᠭᠡ ᠣᠷᠣᠨ ᠪᠦᠰᠡ ᠨᠢ ᠴᠠᠰᠤ ᠶᠢ ᠠᠷᠢᠯᠭᠠᠨ ᠮᠥᠰᠥ ᠶᠢ ᠠᠷᠢᠯᠭᠠᠬᠤ ᠠᠵᠢᠯ ᠤᠨ ᠭᠤᠤᠯᠳᠠᠯᠭ᠎ᠠ ᠪᠣᠯᠤᠭᠰᠠᠨ ᠤ ᠬᠤᠪᠢ ᠳᠤ᠂ ᠣᠨᠴᠠᠭᠠᠶ ︽ᠬᠠᠷᠠᠭᠠᠯᠵᠠᠯ ︾ ᠣᠯᠤᠭᠰᠠᠨ ᠪᠠᠶᠢᠨ᠎ᠠ᠃ ᠬᠤᠰᠤᠬᠤ ᠬᠤᠰᠤᠬᠤ᠂ ᠲᠦᠯᠬᠢᠨ ᠠᠬᠢᠭᠤᠯᠬᠤ᠂ ᠱᠦᠭᠦᠷᠳᠡᠬᠦ ᠳᠠᠭᠤᠤ᠂ ᠲᠡᠮᠦᠷ ᠬᠤᠰᠤᠭᠤᠷ ᠪᠣᠯᠤᠨ ᠭᠠᠵᠠᠷ ᠤᠨ ᠭᠠᠳᠠᠷᠭᠤ ᠶᠢᠨ ᠦᠷᠦᠯᠲᠡ ᠶᠢᠨ ᠳᠠᠭᠤᠨ ᠠᠳᠡ ᠲᠡᠨᠳᠡ ᠦᠭᠡᠢ ᠴᠤᠤᠷᠢᠶᠠᠲᠤᠵᠤ᠂ ᠴᠠᠰᠤ ᠬᠤᠰᠤᠵᠤ ᠮᠥᠰᠥ ᠠᠷᠢᠯᠭᠠᠬᠤ ᠨᠢᠭᠡ ᠵᠦᠢᠯ ᠤᠨ ᠠᠶᠠᠰ ᠢ ᠬᠠᠩᠭᠢᠨᠠᠭᠤᠯᠵᠤ᠂ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠬᠤᠷᠠᠭᠰᠠᠨ ᠴᠠᠰᠤᠨ ᠤ ᠵᠠᠮ ᠤᠨ ᠭᠠᠳᠠᠷᠭᠤ ᠳᠤ ᠤᠤᠯ ᠤᠨ ᠥᠩᠭᠡ ᠢᠯᠡᠷᠡᠵᠦ᠂ ᠶᠠᠪᠤᠵᠤ ᠰᠠᠭᠤᠬᠤ ᠳᠤ ᠳᠥᠭᠦᠮ ᠳᠤᠯᠠᠭᠠᠨ ᠵᠠᠮ ᠢ ᠭᠠᠷᠭᠠᠪᠠ᠃      ᠴᠠᠰᠤ ᠮᠥᠰᠥ ᠶᠢ ᠠᠷᠢᠯᠭᠠᠬᠤ ᠨᠢ ᠣᠯᠠᠨ ᠲᠦᠮᠡᠨ ᠳᠤ ᠴᠡᠪᠡᠷ ᠲᠡᠭᠰᠢ ᠶᠠᠪᠤᠵᠤ ᠰᠠᠭᠤᠬᠤ ᠣᠷᠴᠢᠨ ᠲᠣᠭᠤᠷᠢᠨ ᠢ ᠪᠣᠶ ᠪᠣᠯᠭᠠᠵᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠭᠰᠠᠨ ᠢᠶᠠᠷ ᠪᠠᠷᠠᠬᠤ ᠥᠬᠡᠶ᠂ ᠨᠠᠮ ᠪᠠ ᠣᠯᠠᠨ ᠲᠦᠮᠡᠨ ᠤ ᠬᠤᠭᠤᠷᠣᠨᠳᠣᠬᠢ ᠵᠠᠶ ᠶᠢ ᠤᠯᠠᠮ ᠨᠢᠭᠡ ᠠᠯᠬᠤᠮ ᠣᠶᠢᠷᠠᠲᠤᠭᠤᠯᠵᠠᠶ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1