ᠴᠠᠰᠤ ᠠᠷᠢᠯᠭᠠᠬᠤ ᠠᠵᠢᠯᠯᠠᠭ᠎ᠠ ᠶᠠᠭ ᠰᠠᠶᠢᠬᠠᠨ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2023/12/14
     ᠤᠶᠢᠷ᠎ᠠ ᠳᠤ᠂ ᠨᠢᠭᠡ ᠤᠳᠠᠭᠠᠨ ᠤ ᠴᠠᠰᠤ ᠬᠤᠲᠠ ᠳᠤ ᠦᠵᠡᠰᠬᠦᠯᠡᠩᠲᠦ ᠰᠠᠶᠢᠬᠠᠨ ᠦᠵᠡᠮᠵᠢ ᠠᠪᠴᠢᠷᠠᠭᠰᠠᠨ ᠪᠣᠯᠪᠠᠴᠤ ᠬᠤᠲᠠ ᠶᠢᠨ ᠠᠷᠠᠳ ᠤᠨ ᠠᠮᠢᠳᠤᠷᠠᠯ ᠪᠠ ᠶᠠᠪᠤᠵᠤ ᠰᠠᠭᠤᠬᠤ ᠳᠤ ᠮᠠᠰᠢ ᠣᠯᠠᠨ ᠳᠥᠭᠦᠮ ᠦᠭᠡᠢ ᠪᠣᠯᠪᠠ᠃ ᠬᠤᠲᠠ ᠶᠢᠨ ᠠᠷᠠᠳ ᠤᠨ ᠬᠡᠪ ᠤᠨ ᠠᠮᠢᠳᠤᠷᠠᠯ ᠪᠠ ᠬᠤᠲᠠ ᠶᠢᠨ ᠳᠦᠷᠢ ᠲᠥᠷᠬᠦ ᠶᠢ ᠪᠠᠲᠤᠯᠠᠬᠤ ᠶᠢᠨ ᠲᠥᠯᠥᠭᠡ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠥᠬᠦ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠴᠠᠰᠤ ᠮᠥᠰᠥ ᠶᠢ ᠠᠷᠢᠯᠭᠠᠬᠤ ᠠᠵᠢᠯ ᠢ ᠥᠷᠨᠢᠭᠦᠯᠪᠡ᠃
           ᠣᠯᠠᠨ ᠢᠶᠠᠷ ᠢᠶᠠᠨ ᠬᠠᠬᠢᠷ ᠬᠦᠢᠳᠡᠨ ᠠᠴᠠ ᠠᠶᠤᠬᠤ ᠦᠭᠡᠢ᠂ ᠲᠡᠮᠦᠷ ᠬᠦᠷᠵᠡ᠂ ᠱᠦᠭᠦᠷ ᠬᠤᠷᠦ᠋ᠢᠯᠠᠵᠤ ᠪᠥᠵᠢᠭᠯᠡᠵᠦ᠂ ᠵᠠᠷᠢᠮ ᠨᠢ ᠮᠥᠰᠥ ᠬᠥᠯᠳᠡᠵᠦ᠂ ᠭᠠᠵᠠᠷ ᠮᠠᠰᠢ ᠬᠠᠲᠠᠭᠤ ᠪᠠᠶᠢᠭᠰᠠᠨ ᠪᠣᠯᠪᠠᠴᠤ ᠨᠠᠮ ᠤᠨ ᠭᠡᠰᠢᠭᠦᠨ ᠺᠠᠳ᠋ᠷ ᠤᠨ ᠳᠠᠭᠠᠭᠤᠯᠭ᠎ᠠ ᠳᠣᠤᠷ᠎ᠠ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠥᠪᠡᠷ ᠥᠪᠡᠷ ᠤᠨ ᠡᠷᠴᠢ ᠵᠣᠷᠢᠭ ᠲᠡᠭᠦᠯᠳᠡᠷ ᠪᠠᠶᠢᠵᠤ᠂ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃
     ︽ᠡᠷᠡᠯᠬᠡᠭᠯᠡᠨ ᠲᠡᠮᠡᠴᠡᠬᠦ︾᠎ ᠪᠠᠷ ᠳᠠᠮᠵᠢᠨ᠂ ᠬᠤᠷᠠᠭᠰᠠᠨ ᠴᠠᠰᠤ ᠶᠢ ᠠᠷᠢᠯᠭᠠᠪᠠ᠃ ᠬᠡᠳᠦ᠋ᠪᠡᠷ ᠬᠤᠪᠴᠠᠰᠤ᠂ ᠱᠠᠬᠠᠢ ᠪᠦᠷ ᠨᠦᠲᠠᠨ ᠪᠣᠯᠤᠭᠰᠠᠨ ᠪᠣᠯᠪᠠᠴᠤ ᠪᠠᠰᠠ ᠨᠢᠭᠡ ᠪᠡᠶ᠎ᠡ ᠬᠥᠯᠥᠰᠥ ᠭᠠᠷᠴᠤ᠂ ᠴᠡᠪᠡᠷᠯᠡᠭᠰᠡᠨ ᠦᠷ᠎ᠡ ᠳ᠋ᠦᠩ ᠳᠤ ᠣᠯᠠᠨ ᠢᠶᠠᠷ ᠢᠶᠠᠨ ᠪᠦᠷ ᠮᠠᠱᠢ ᠪᠦᠲᠦᠮᠵᠢᠲᠡᠢ ᠰᠠᠨᠠᠭᠳᠠᠵᠤ᠂ ᠬᠥᠮᠦᠨ ᠨᠢᠭᠡᠪᠦᠷᠢ ᠶᠢᠨ ᠬᠠᠴᠠᠷ ᠳᠡᠭᠡᠷ᠎ᠡ ᠪᠠᠶᠠᠷ ᠬᠥᠷ ᠲᠠᠢ ᠢᠨᠢᠶᠡᠳᠦ ᠪᠢᠯᠬᠠᠵᠤ ᠪᠠᠢᠯ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1