【 ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ 】 ᠬᠠᠶᠢᠷ᠎ᠠ ᠬᠠᠯᠠᠮᠵᠢ ᠬᠦᠷᠭᠡᠬᠦ
ᠨᠡᠶᠢᠲᠡᠯᠡᠭᠰᠡᠨ ᠴᠠᠭ᠄
2023/12/14
      ᠦᠰᠦ ᠵᠠᠰᠠᠬᠤ ᠭᠠᠵᠠᠷ ᠦᠭᠡᠢ᠂ ᠬᠠᠶᠢᠷ᠎ᠠ ᠬᠠᠯᠠᠮᠵᠢ ᠬᠢᠵᠠᠭᠠᠯᠠᠰᠢ ᠦᠭᠡᠢ ᠪᠠᠶᠢᠵᠤ᠂ 12᠎ ᠤᠨ ᠡᠳᠦᠷ ᠤᠨ ᠥᠷᠯᠥᠭᠡ ᠡᠷᠲᠡ᠂ ᠬᠤᠶᠠᠳᠤᠭᠠᠷ ᠪᠦᠯᠦᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠦᠰᠦ ᠵᠠᠰᠠᠬᠤ ᠭᠠᠵᠠᠷ ︵ᠪᠦᠦ ᠯᠢ ᠯᠦᠸᠧ ᠯᠠᠨ ᠰᠢᠶᠠᠩ ᠭᠦ᠋ ᠮᠧᠢ ᠹᠠᠩ ᠦᠰᠦ ᠵᠠᠰᠠᠬᠤ᠂ ᠨᠠᠨ ᠬᠠᠢ ᠮᠢᠩ ᠵᠤ᠋ ᠶᠢᠨ ᠬᠤᠶᠠᠳᠤᠭᠠᠷ ᠬᠤᠭᠤᠴᠠᠭᠠᠨ ᠤ ᠵᠡᠭᠦᠨ ᠬᠠᠶᠢᠴᠢᠯᠠᠵᠤ ᠪᠤᠳᠤᠭᠯᠠᠬᠤ︶ ᠴᠠᠰᠤ ᠬᠠᠶᠠᠯᠠᠵᠤ ᠡᠬᠢᠯᠡᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠨᠢᠭᠡ ᠬᠠᠶᠢᠴᠢ᠂ ᠨᠢᠭᠡ ᠰᠠᠮ᠂ ᠨᠢᠭᠡ ᠬᠡᠰᠡᠭ ᠰᠠᠮ᠂ ᠨᠢᠭᠡ ᠬᠡᠰᠡᠭ ᠰᠠᠨᠳᠠᠯᠢ᠂ ᠨᠢᠭᠡ ᠢᠵᠢ ᠭᠤᠶᠤ ᠦᠰᠦ ᠵᠠᠰᠠᠬᠤ ᠪᠠᠭᠠᠵᠢ᠂ ᠲᠤᠬᠠᠢ ᠶᠢᠨ ᠲᠠᠯᠠᠪᠠᠢ ᠶᠢᠨ ᠨᠥᠬᠦᠴᠡᠯ ᠨᠢ ᠬᠡᠳᠦ᠋ᠢᠪᠡᠷ ᠳᠥᠭᠦᠮᠬᠡᠨ ᠪᠣᠯᠪᠠᠴᠤ ᠬᠠᠶᠢᠷ᠎ᠠ ᠬᠠᠯᠠᠮᠵᠢ ᠶᠢᠨ ᠰᠠᠶᠢᠨ ᠳᠤᠷ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠨᠠᠷᠢᠨ ᠨᠢᠮᠪᠠᠢ ᠬᠠᠶᠢᠴᠢᠯᠠᠨ ᠵᠠᠰᠠᠵᠤ᠂ ᠨᠠᠰᠤᠲᠠᠶᠢᠴᠤᠳ ᠤᠤᠯ ᠨᠢ ᠡᠮᠬᠢ ᠵᠠᠮᠪᠠᠷᠠᠭ᠎ᠠ ᠦᠭᠡᠢ᠂ ᠪᠤᠭᠤᠷᠤᠯ ᠦᠰᠦ ᠨᠢ ᠴᠡᠪᠡᠷ ᠴᠡᠮᠴᠡᠭᠡᠷ ᠪᠣᠯᠵᠤ᠂ ᠨᠠᠰᠤᠲᠠᠶᠢᠴᠤᠳ ᠬᠠᠨᠤᠮᠵᠢᠲᠠᠢ ᠢᠨᠢᠶᠡᠮᠰᠦᠭᠯᠡᠯ ᠢᠶᠠᠨ ᠭᠠᠷᠭᠠᠵᠤ᠂ ᠪᠦᠬᠦ᠋ᠢᠯᠡ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠠᠯᠠᠭᠤᠨ ᠳᠤᠯᠠᠭᠠᠨ ᠬᠦᠷ ᠬᠥᠭᠵᠢᠶᠡᠨ ᠲᠠᠢ ᠪᠠᠶᠢᠯ᠎ᠠ᠃      ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠦᠦ ᠯᠢ ᠨᠡᠶᠢᠭᠡᠮ ᠲᠣᠭᠤᠷᠢᠭ ᠤᠨ ᠠᠵᠢᠯᠲᠠᠳ ᠤᠤᠯ ᠤᠨ ᠲᠤᠷᠰᠢᠯᠭ᠎ᠠ ᠶᠢᠨ ᠰᠠᠭᠤᠷᠢᠨ ᠳᠡᠭᠡᠷ᠎ᠡ᠂ ᠠᠵᠢᠯᠯᠠᠭ᠎ᠠ ᠶᠢᠨ ᠶᠠᠪᠤᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠨᠠᠷᠢᠨ ᠵᠦᠢᠯᠡᠰ ᠢ ᠡᠵᠡᠮᠳᠡᠵᠦ᠂ ᠬᠢᠯᠠᠰ ᠴᠡᠭ ᠢ ᠠᠭᠤᠳᠠᠯᠪᠠ︔ ᠬᠠᠶᠢᠷ᠎ᠠ ᠬᠠᠯᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠬᠠᠷᠢᠨ ᠲᠡᠳᠡᠨ ᠤ ᠪᠣᠳᠠᠲᠤ ᠠᠵᠢᠯᠯᠠᠭ᠎ᠠ ᠪᠠᠷ ᠢᠶᠠᠨ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠢᠶᠠᠷ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠡᠢ᠃      ᠲᠣᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠨᠠᠰᠤᠲᠠᠶᠢᠴᠤᠳ ᠤᠨ ᠰᠠᠭᠤᠭᠠᠯᠢ ᠠᠷᠠᠳ ᠲᠤ ᠬᠡᠷ ᠤᠨ ᠡᠭᠦᠳᠡᠨ ᠳᠤ ᠳᠣᠲᠣᠨᠣ ᠠᠮᠢᠳᠤᠷᠠᠯ ᠤᠨ ᠦᠢᠯᠡᠴᠢᠯᠡᠭᠡ ᠬᠦᠷᠲᠡᠭᠡᠵᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠳᠠᠮᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠳᠤ ᠲᠥᠬᠦᠮ ᠦᠵᠡᠭᠦᠯᠦᠭᠰᠡᠨ ᠤ ᠬᠠᠮᠲᠤ᠂ ᠬᠠᠷᠢᠶ᠎ᠠ ᠣᠷᠣᠨ ᠳᠤ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠪᠰᠤᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ ᠵᠠᠯᠭᠠᠭᠠᠳ᠂ ᠪᠦᠦ ᠯᠢ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ ᠦᠨᠡᠨ ᠬᠦ ᠬᠡᠷᠡᠭᠴᠡᠭᠡ ᠠᠴᠠ ᠦᠷᠭᠦᠯᠵᠢᠯᠡᠨ ᠡᠭᠦᠰᠴᠦ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠥᠷᠨᠢᠭᠦᠯᠵᠦ᠂ ᠨᠠᠩ ᠣᠯᠠᠨ ᠨᠠᠩ ᠪᠣᠳᠠᠲᠠᠶ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠶ ᠰᠦᠪᠡᠭᠴᠢᠯᠡᠵᠦ᠂ ᠬᠡᠷᠡᠭᠴᠡᠭᠡ ᠶᠢᠨ ᠲᠣᠭᠤᠷᠢᠨ ᠳᠤ ᠦᠢᠯᠡᠴᠢᠯᠡᠭᠡᠨ ᠤ ᠥᠪᠡᠷᠮᠢᠴᠡ ᠴᠢᠨᠠᠷ ᠢᠶᠠᠨ ᠦᠨᠡᠨ ᠬᠦ ᠳᠡᠭᠡᠭᠰᠢᠯᠡᠭᠦᠯᠵᠦ᠂ ᠠᠷᠠᠳ ᠤᠨ ᠰᠠᠶᠢᠨ ᠳᠤᠷ᠎ᠠ ᠶᠢᠨ ᠡᠯ᠎ᠡ ᠲᠥᠷᠥᠯ ᠤᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠦᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1