【 ᠲᠤᠯᠢᠳᠠᠵᠤ ᠦᠵᠡᠬᠦ ᠰᠤᠶᠤᠯ 】 ᠾᠧ ᠳ᠋ᠦᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤᠷ᠎ᠠ ᠪᠠᠷ ᠢᠶᠠᠨ ᠠᠯᠠᠵᠤ ᠨᠢᠲᠤᠯᠬᠤ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/14
      ᠾᠧ ᠳ᠋ᠦᠩ ᠪᠠᠯᠭᠠᠰᠤᠨ ᠤ ᠬᠠᠷᠢᠶ᠎ᠠ ᠣᠷᠣᠨ ᠤ ᠳᠣᠲᠣᠷ᠎ᠠ ᠵᠠᠮ ᠳᠠᠭᠠᠤ ᠳᠤᠷ᠎ᠠ ᠪᠠᠷ ᠢᠶᠠᠨ ᠠᠯᠠᠵᠤ ᠨᠢᠲᠤᠯᠬᠤ ᠦᠵᠡᠭᠳᠡᠯ ᠪᠠᠶᠢᠨ ᠳᠠᠬᠢᠨ ᠭᠠᠷᠴᠤ᠂ ᠠᠯᠠᠵᠤ ᠨᠢᠲᠤᠯᠬᠤ ᠶᠠᠪᠤᠴᠠ ᠳᠤ ᠭᠠᠵᠠᠷ ᠳᠡᠭᠡᠷᠡᠬᠢ ᠬᠤᠭ ᠨᠣᠪᠰᠢ᠂ ᠪᠣᠬᠢᠷ ᠤᠰᠤ᠂ ᠴᠢᠰᠤ ᠤᠷᠤᠰᠬᠠᠬᠤ ᠵᠡᠷᠭᠡ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠬᠦᠨᠳᠦ ᠨᠣᠴᠢᠲᠠᠶ ᠨᠥᠯᠥᠭᠡᠯᠡᠵᠦ᠂ ᠪᠠᠰᠠ ᠦᠮᠡᠬᠡᠶ ᠦᠨᠦᠷ ᠭᠠᠷᠴᠤ ᠪᠠᠶᠢᠨ᠎ᠠ᠂ ᠡᠳᠡᠭᠡᠷ ᠵᠡᠭᠡᠯᠢ ᠳᠠᠭᠠᠤ ᠠᠯᠠᠵᠤ ᠨᠢᠲᠤᠯᠬᠤ ᠠᠵᠢᠯᠯᠠᠭ᠎ᠠ ᠨᠢ ᠪᠠᠰᠠ ᠬᠤᠲᠠ ᠶᠢᠨ ᠵᠠᠮ ᠤᠨ ᠡᠬᠢ ᠪᠠᠶᠠᠯᠢᠭ ᠢ ᠰᠢᠬᠠᠨ ᠡᠵᠡᠯᠡᠬᠦ ᠶᠢᠨ ᠬᠠᠮᠲᠤ ᠢᠳᠡᠭᠡᠨ ᠤ ᠠᠷᠢᠭᠤᠨ ᠴᠡᠪᠡᠷ ᠤᠨ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠃ ᠣᠶᠢᠷ᠎ᠠ ᠳᠤ᠂ ᠾᠧ ᠳ᠋ᠦᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠤᠪᠢ ᠪᠠᠷ ᠢᠶᠠᠨ ᠠᠯᠠᠵᠤ ᠨᠢᠲᠤᠯᠬᠤ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃      ᠲᠣᠰ ᠤᠳᠠᠭᠠᠨ ᠤ ᠠᠵᠢᠯᠯᠠᠭ᠎ᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠪᠦᠦ ᠪᠠᠢ ᠵᠠᠮ᠂ ᠴᠠᠬᠢᠯᠭᠠᠨ ᠤ ᠦᠢᠯᠡᠳᠪᠦᠷᠢ ᠶᠢᠨ ᠵᠠᠮ᠂ ᠶᠢᠨ ᠾᠧ ᠵᠢᠶᠠ ᠶᠤᠸᠠᠨ ᠳᠡᠯᠭᠡᠭᠦᠷ ᠤᠨ ᠡᠷᠬᠢᠨ ᠲᠣᠭᠤᠷᠢᠨ᠂ ᠤᠣ ᠢᠦᠶ ᠰᠢᠨ᠎ᠡ ᠬᠤᠲᠠ ᠶᠢᠨ ᠡᠷᠬᠢᠨ ᠲᠣᠭᠤᠷᠢᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠵᠢᠭᠰᠠᠭᠠᠨ ᠪᠠᠶᠢᠴᠠᠭᠠᠯᠲᠠ ᠬᠢᠵᠦ᠂ ︽ᠭᠠᠭ᠋ᠠᠶ ᠨᠢᠲᠤᠯᠬᠤ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠡᠷ ᠬᠤᠨᠢ ᠨᠢᠲᠤᠯᠬᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠥᠷᠭᠡᠨ ᠣᠯᠠᠨ ᠳᠡᠯᠭᠡᠭᠦᠷᠴᠢᠨ ᠢ ᠬᠠᠮᠢᠶ᠎ᠠ ᠪᠥᠬᠦᠶ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠬᠤ ᠶᠢ ᠤᠷᠢᠶᠠᠯᠠᠪᠠ᠃ ᠡᠭᠦᠨ ᠤ ᠬᠠᠮᠲᠤ ᠳᠡᠯᠭᠡᠭᠦᠷᠴᠢᠨ ᠢ ᠶᠠᠪᠤᠬᠤ ᠠᠴᠠ ᠡᠮᠦᠨ᠎ᠡ ᠲᠤᠬᠠᠶ ᠶᠢᠨ ᠲᠠᠯᠠᠪᠤᠷ ᠤᠨ ᠠᠷᠢᠭᠤᠨ ᠴᠡᠪᠡᠷ ᠢ ᠰᠠᠶᠢᠲᠤᠷ ᠴᠡᠪᠡᠷᠯᠡᠬᠦ ᠶᠢ ᠱᠠᠭᠠᠷᠳᠠᠪᠠ᠃     ᠲᠠᠷᠠᠭᠠᠴᠢ ᠶᠢᠨ ᠠᠯᠬᠤᠮ ᠳᠤ᠂ ᠾᠧ ᠳ᠋ᠦᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠥᠷᠭᠡᠨ ᠢᠶᠠᠷ ᠤᠬᠠᠭᠤᠯᠤᠨ ᠲᠥᠪᠯᠡᠷᠡᠭᠦᠯᠦᠨ ᠴᠡᠭᠴᠡᠯᠡᠨ ᠵᠠᠰᠠᠭᠰᠠᠨ ᠰᠠᠭᠤᠷᠢᠨ ᠳᠡᠭᠡᠷ᠎ᠡ᠂ ᠬᠠᠷᠢᠶ᠎ᠠ ᠣᠷᠣᠨ ᠤ ᠪᠠᠨ ᠳᠣᠲᠣᠷᠠᠬᠢ ᠵᠠᠮ ᠢ ᠡᠵᠡᠯᠡᠨ ᠳᠤᠷ᠎ᠠ ᠪᠠᠷ ᠢᠶᠠᠨ ᠠᠯᠠᠵᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠵᠠᠮ ᠢ ᠡᠵᠡᠯᠡᠨ ᠳᠤᠷ᠎ᠠ ᠪᠠᠷ ᠢᠶᠠᠨ ᠠᠯᠠᠵᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠᠶᠢᠳᠠᠯ ᠢ ᠪᠠᠲᠤᠯᠠᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠮᠢᠬᠠᠨ ᠤ ᠲᠥᠷᠥᠯ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠠᠰᠤᠷᠠᠯᠲᠠ ᠥᠬᠡᠶ ᠰᠠᠶᠢᠵᠢᠷᠠᠭᠤᠯᠬᠤ ᠶᠢ ᠠᠬᠢᠭᠤᠯᠵᠤ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃  
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1