ᠥᠨᠳᠥᠷ ᠨᠠᠰᠤᠲᠠᠢ ᠨᠠᠰᠤᠲᠠᠨ ᠳᠤ ᠳᠣᠲᠣᠨᠣ ᠦᠢᠯᠡᠴᠢᠯᠡᠵᠦ᠂ ᠠᠷᠠᠳ ᠲᠤ ᠳᠥᠭᠦᠮ ᠭᠡᠷᠡᠴᠢᠯᠡᠭᠡ ᠬᠢᠵᠦ ᠬᠥᠮᠦᠨ ᠤ ᠰᠡᠳᠭᠢᠯ ᠢ ᠳᠤᠯᠠᠭᠠᠴᠠᠭ ᠤᠯᠤᠨ᠎ᠠ
ᠨᠡᠶᠢᠲᠡᠯᠡᠭᠰᠡᠨ ᠴᠠᠭ᠄
2023/12/14
     80 ᠨᠠᠰᠤᠨ ᠠᠴᠠ ᠳᠡᠭᠡᠭᠰᠢᠬᠢ ᠥᠨᠳᠥᠷ ᠨᠠᠰᠤᠲᠠᠶ ᠨᠠᠰᠤᠲᠠᠶᠢᠴᠤᠳ ᠲᠤ ᠨᠥᠬᠦᠪᠥᠷᠢ ᠥᠭᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠥᠨᠳᠥᠷ ᠨᠠᠰᠤᠲᠠᠶ ᠨᠠᠰᠤᠲᠠᠶᠢᠴᠤᠳ ᠤᠨ ︽ᠠᠮᠢᠳᠤᠷᠠᠯ ᠳᠤ ᠨᠥᠬᠦᠪᠥᠷᠢ ᠥᠭᠴᠦ᠂ ᠡᠷᠡᠭᠦᠯ ᠮᠡᠨᠳᠦ ᠪᠠᠲᠤᠯᠠᠭ᠎ᠠ ᠲᠠᠢ ᠪᠠᠶᠢᠬᠤ︾᠎ ᠶᠢ ᠪᠠᠲᠤᠯᠠᠵᠤ᠂ ᠥᠨᠳᠥᠷ ᠨᠠᠰᠤᠲᠠᠶ ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠬᠤᠩ ᠶᠤᠸᠠᠨ ᠨᠡᠶᠢᠭᠡᠮ ᠲᠣᠭᠤᠷᠢᠭ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠥᠨᠳᠥᠷ ᠨᠠᠰᠤᠨ ᠤ ᠨᠥᠬᠦᠪᠥᠷᠢ ᠶᠢ ᠭᠦᠢᠴᠡᠳᠬᠡᠬᠦ ᠠᠵᠢᠯ ᠢ ᠥᠨᠳᠥᠷ ᠪᠦᠲᠦᠮᠵᠢᠲᠡᠶ ᠥᠷᠨᠢᠭᠦᠯᠪᠡ᠃      ᠰᠢᠨ᠎ᠡ ᠪᠠᠷ ᠭᠦᠢᠴᠡᠳᠬᠡᠭᠰᠡᠨ ᠥᠨᠳᠥᠷ ᠨᠠᠰᠤᠨ ᠤ ᠨᠥᠬᠦᠪᠥᠷᠢ ᠨᠢ ᠪᠠᠰᠠ ᠭᠡᠷᠡᠴᠢ ᠬᠢᠵᠦ ᠥᠩᠭᠡᠷᠡᠭᠰᠡᠨ ᠦᠭᠡᠢ ᠬᠡᠰᠡᠭ ᠨᠠᠰᠤᠲᠠᠶᠢᠴᠤᠳ ᠲᠤ ᠨᠡᠶᠢᠭᠡᠮ ᠲᠣᠭᠤᠷᠢᠭ ᠤᠨ ᠠᠵᠢᠯᠲᠠᠳ ᠨᠢᠭᠡ ᠨᠢᠭᠡ ᠪᠠᠷ ᠠᠷᠭ᠎ᠠ ᠬᠡᠮᠵᠢᠶ᠎ᠡ ᠠᠪᠴᠤ᠂ ᠨᠠᠰᠤᠲᠠᠶᠢᠴᠤᠳ ᠪᠤᠶᠤ ᠨᠠᠰᠤᠲᠠᠶᠢᠴᠤᠳ ᠤᠨ ᠦᠷ᠎ᠡ ᠬᠡᠤᠬᠡᠳ ᠲᠤ ᠭᠡᠷᠡᠴᠢᠯᠡᠬᠦ ᠰᠢᠰᠲ᠋ᠧᠮ ᠤᠨ ᠠᠵᠢᠯᠯᠠᠬᠤ ᠠᠷᠭ᠎ᠠ ᠶᠢ ᠬᠠᠯᠠᠭᠤᠮᠰᠤᠭ ᠢᠶᠠᠷ ᠨᠠᠷᠢᠨ ᠨᠢᠮᠪᠠᠶ ᠲᠠᠶᠢᠯᠪᠤᠷᠢᠯᠠᠨ ᠥᠭᠴᠦ᠂ ᠨᠠᠰᠤᠲᠠᠶᠢᠴᠤᠳ ᠤᠨ ᠬᠥᠮᠦᠨ ᠤ ᠵᠢᠰᠦ ᠶᠢ ᠢᠯᠭᠠᠨ ᠲᠠᠨᠢᠬᠤ ᠭᠡᠷᠡᠴᠢᠯᠡᠯᠲᠡ ᠶᠢ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨ ᠬᠦ ᠪᠠᠲᠤᠯᠠᠪᠠ᠃ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠦᠢᠯᠡᠴᠢᠯᠡᠨ᠂ ᠨᠠᠰᠤᠲᠠᠶᠢᠴᠤᠳ ᠨᠢᠭᠡᠪᠦᠷᠢ ᠴᠥᠮ ᠥᠨᠳᠥᠷ ᠨᠠᠰᠤᠨ ᠤ ᠨᠡᠮᠡᠭᠦᠷᠢ ᠠᠪᠴᠤ ᠳᠡᠶᠢᠯᠬᠦ ᠶᠢ ᠦᠨᠡᠨᠬᠦ ᠪᠠᠲᠤᠯᠠᠨ᠎ᠠ᠃
     ᠳᠠᠷᠠᠭᠠᠴᠢ ᠶᠢᠨ ᠠᠯᠬᠤᠮ ᠳᠤ᠂ ᠬᠤᠩ ᠶᠤᠸᠠᠨ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ ᠪᠤᠳᠤᠵᠤ ᠪᠠᠶᠢᠭ᠎ᠠ ᠵᠦᠢᠯ ᠢ ᠪᠤᠳᠤᠵᠤ᠂ ᠰᠠᠭᠤᠭᠠᠯᠢ ᠠᠷᠠᠳ ᠤᠨ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ︽ᠰᠠᠭᠤᠭᠠᠯᠢ ᠠᠷᠠᠳ ᠤᠨ ᠶᠠᠪᠤᠳᠠᠯ ᠳᠤ ᠪᠠᠭ᠎ᠠ ᠶᠠᠪᠤᠳᠠᠯ ᠦᠭᠡᠢ︾ ᠭᠡᠬᠦ ᠦᠢᠯᠡᠴᠢᠯᠡᠭᠡᠨ ᠤ ᠣᠶᠢᠯᠠᠭᠠᠭᠳᠠᠬᠤᠨ ᠢ ᠵᠢᠷᠤᠮᠯᠠᠵᠤ᠂ ᠴᠠᠭ ᠢᠮᠠᠭᠲᠠ ᠰᠠᠭᠤᠭᠠᠯᠢ ᠠᠷᠠᠳ ᠤᠨ ᠬᠦᠰᠡᠯ ᠢᠶᠠᠷ ᠬᠠᠷᠠᠯᠲᠠ ᠪᠣᠯᠭᠠᠵᠤ᠂ ᠰᠠᠭᠤᠭᠠᠯᠢ ᠠᠷᠠᠳ ᠤᠨ ᠵᠣᠪᠠᠨᠢᠯ ᠢᠶᠠᠷ ᠬᠠᠷᠢᠭᠤᠴᠠᠯᠭ᠎ᠠ ᠪᠣᠯᠭᠠᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠨᠠᠰᠤᠲᠠᠶᠢᠴᠤᠳ ᠲᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠠᠵᠢᠯ ᠢ ᠥᠷᠨᠢᠭᠦᠯᠵᠦ᠂ ᠬᠠᠷᠢᠶ᠎ᠠ ᠣᠷᠣᠨ ᠤ ᠨᠠᠰᠤᠲᠠᠶᠢᠴᠤᠳ ᠵᠢᠴᠢ ᠰᠠᠭᠤᠭᠠᠯᠢ ᠠᠷᠠᠳ ᠲᠤ ᠨᠡᠩ ᠴᠢᠨᠠᠷ ᠰᠠᠶᠢᠲᠠᠢ᠂ ᠳᠥᠭᠦᠮ ᠳᠥᠲᠡ᠂ ᠳᠣᠲᠣᠨᠣ ᠦᠢᠯᠡᠴᠢᠯᠡᠭᠡ ᠬᠠᠩᠭᠠᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠪᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1