ᠢᠳᠡᠭᠡᠨ ᠤ ᠠᠮᠤᠷ ᠲᠦᠪᠰᠢᠨ ᠤ ᠲᠣᠣᠷ ᠢ ᠨᠢᠭᠲᠠ ᠰᠦᠯᠵᠢᠵᠦ᠂ ᠤᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2023/12/14
   ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠮᠤᠢ᠃ ᠢᠳᠡᠭᠡᠨ ᠤ ᠠᠮᠤᠷ ᠲᠦᠪᠰᠢᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ᠂ ᠬᠠᠷᠢᠶᠠᠲᠤ ᠣᠷᠣᠨ ᠤ ᠢᠳᠡᠭᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠲᠣᠤᠷ ᠢ ᠨᠢᠭᠲᠠ ᠰᠦᠯᠵᠢᠪᠡ᠃ ᠪᠠᠷᠠᠭᠤᠨ ᠣᠪᠣᠭ᠎ᠠ ᠵᠡᠭᠡᠯᠢ ᠭᠤᠳᠤᠮᠵᠢ ᠶᠢᠨ ᠵᠢᠩ ᠫᠢᠩ ᠨᠡᠶᠢᠭᠡᠮ ᠲᠣᠭᠤᠷᠢᠭ ᠤᠨ ᠢᠳᠡᠭᠡᠨ ᠤ ᠠᠮᠤᠷ ᠲᠦᠪᠰᠢᠨ ᠤ ᠠᠵᠢᠯᠲᠠᠨ ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ ᠶᠢ ᠳᠠᠭᠠᠭᠤᠯᠤᠨ ᠬᠠᠷᠢᠶ᠎ᠠ ᠣᠷᠣᠨ ᠤ ᠪᠠᠨ ᠢᠳᠡᠭᠡᠨ ᠤ ᠠᠮᠤᠷ ᠲᠦᠪᠰᠢᠨ ᠳᠤ ᠬᠤᠯᠪᠣᠭᠳᠠᠭᠰᠠᠨ ᠨᠢᠭᠡᠴᠡ ᠪᠤᠶᠤ ᠬᠤᠪᠢ ᠬᠥᠮᠦᠨ ᠳᠤ ᠠᠮᠤᠷ ᠲᠦᠪᠰᠢᠨ ᠤ ᠪᠠᠶᠢᠴᠠᠭᠠᠯᠲᠠ ᠬᠢᠪᠡ᠃      ᠲᠣᠰ ᠤᠳᠠᠭᠠᠨ ᠤ ᠪᠠᠶᠢᠴᠠᠭᠠᠯᠲᠠ ᠨᠢ ᠢᠳᠡᠭᠡᠨ ᠤ ᠱᠣᠰᠢᠭ᠎ᠠ ᠲᠡᠮᠳᠡᠭ᠂ ᠭᠠᠷᠤᠯᠲᠠ ᠶᠢᠨ ᠭᠠᠵᠠᠷ ᠤᠨ ᠢᠷᠡᠯᠲᠡ᠂ ᠬᠦᠴᠦᠨ ᠲᠠᠢ ᠬᠤᠭᠤᠴᠠᠭ᠎ᠠ ᠬᠤᠭᠤᠴᠠᠭ᠎ᠠ᠂ ᠬᠠᠳᠠᠭᠠᠯᠠᠵᠤ ᠲᠠᠯᠪᠢᠬᠤ᠂ ᠪᠠᠷᠠᠭ᠎ᠠ ᠣᠷᠣᠭᠤᠯᠬᠤ ᠶᠢ ᠳᠠᠩᠰᠠᠯᠠᠭᠤᠯᠤᠭᠰᠠᠨ ᠡᠬᠡ ᠲᠠᠩᠰᠠ ᠶᠢᠨ ᠪᠠᠶᠢᠳᠠᠯ᠂ ᠢᠳᠡᠭᠡᠨ ᠤᠮᠳᠠᠭᠠᠨ ᠤ ᠨᠢᠭᠡᠴᠡ ᠶᠢᠨ ᠠᠶᠠᠭ᠎ᠠ ᠰᠠᠪᠬ᠎ᠠ ᠶᠢ ᠠᠷᠢᠭᠤᠳᠬᠠᠭᠰᠠᠨ ᠪᠠᠶᠢᠳᠠᠯ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠦᠨᠡᠮᠯᠡᠯ ᠵᠡᠷᠭᠡ ᠮᠡᠳᠡᠭᠡ ᠵᠠᠩᠭᠢ ᠪᠠᠷ ᠭᠤᠤᠯᠳᠠᠯᠭ᠎ᠠ ᠲᠠᠢ ᠪᠠᠶᠢᠴᠠᠭᠠᠬᠤ ᠠᠭᠤᠯᠭ᠎ᠠ ᠪᠣᠯᠭᠠᠵᠤ᠂ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠴᠢᠩᠭ᠎ᠠ ᠡᠵᠡᠮᠳᠡᠨ᠎ᠡ᠃ ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠨᠢᠭᠡ ᠳᠤ ᠨᠢᠭᠡ ᠶᠢ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠷᠢᠶ᠎ᠠ ᠣᠷᠣᠨ ᠤ ᠪᠠᠨ ᠳᠣᠲᠣᠷᠠᠬᠢ ᠬᠡᠲᠦ ᠳᠡᠯᠭᠡᠭᠦᠷ ᠪᠣᠯᠤᠨ ᠢᠳᠡᠭᠡᠨ ᠤᠮᠳᠠᠭᠠᠨ ᠤ ᠨᠢᠭᠡᠴᠡ ᠶᠢᠨ ᠬᠠᠷᠢᠭᠤᠴᠠᠯᠭᠠᠲᠠᠨ ᠳᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠬᠢᠵᠦ ᠂ ᠢᠳᠡᠭᠡᠨ ᠤ ᠡᠵᠡᠩᠨᠡᠯᠲᠡ ᠶᠢᠨ ᠭᠤᠤᠯ ᠴᠣᠭᠴᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠤᠨ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠦᠵᠡᠯᠲᠡ ᠶᠢ ᠪᠠᠲᠤ ᠪᠠᠬᠢ ᠪᠣᠶ ᠪᠣᠯᠭᠠᠪᠠ᠃
     ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ ᠠᠴᠠ᠂ ᠢᠳᠡᠭᠡᠨ ᠤ ᠠᠮᠤᠷ ᠲᠦᠪᠰᠢᠨ ᠪᠣᠯ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠮᠥᠨ᠂ ᠪᠣᠶ ᠪᠥᠬᠦᠶ ᠢᠳᠡᠭᠡᠨ ᠤᠮᠳᠠᠭᠠᠨ ᠤ ᠳᠡᠯᠭᠡᠭᠦᠷ᠂ ᠢᠳᠡᠭᠡᠨ ᠤ ᠳᠡᠯᠭᠡᠭᠦᠷ᠂ ᠢᠳᠡᠭᠡᠨ ᠤ ᠳᠡᠯᠭᠡᠭᠦᠷᠴᠢᠳ ᠡᠷᠬᠡᠪᠰᠢ ᠢᠳᠡᠭᠡᠨ ᠤ ᠢᠷᠡᠯᠲᠡ ᠶᠢ ᠳᠠᠩᠰᠠᠯᠠᠬᠤ᠂ ᠢᠳᠡᠭᠡᠨ ᠤ ᠥᠯᠢᠭᠡᠷ ᠡᠳ᠋ ᠦᠯᠡᠳᠡᠭᠡᠬᠦ᠂ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠤ ᠢᠷᠡᠯᠲᠡ ᠶᠢ ᠮᠥᠷᠳᠡᠬᠦ᠂ ᠡᠵᠡᠩᠨᠡᠯᠲᠡ ᠶᠢᠨ ᠲᠠᠯᠠᠪᠤᠷ ᠭᠠᠵᠠᠷ ᠢ ᠴᠠᠭ ᠲᠤᠬᠠᠶ ᠳᠤᠨᠢ ᠠᠷᠢᠭᠤᠳᠬᠠᠬᠤ ᠵᠡᠷᠭᠡ ᠶᠢ ᠱᠠᠭᠠᠷᠳᠠᠬᠤ ᠬᠡᠷᠡᠭᠲᠡᠶ ᠭᠡᠵᠦ ᠱᠠᠭᠠᠷᠳᠠᠪᠠ᠃ ᠪᠠᠷᠠᠭᠤᠨ ᠣᠪᠣᠭ᠎ᠠ ᠵᠡᠭᠡᠯᠢ ᠭᠤᠳᠤᠮᠵᠢ ᠶᠢᠨ ᠵᠢᠩ ᠫᠢᠩ ᠨᠡᠶᠢᠭᠡᠮ ᠲᠣᠭᠤᠷᠢᠭ ᠤᠨ ᠬᠢᠨ ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢᠳ ᠢ ᠳᠠᠭᠠᠭᠤᠯᠤᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠠᠷᠠᠳ ᠤᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠪᠠᠲᠤᠯᠠᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠪᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1