ᠬᠠᠷᠢᠶᠠᠲᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠵᠤ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠤᠨ᠎ᠠ
ᠨᠡᠶᠢᠲᠡᠯᠡᠭᠰᠡᠨ ᠴᠠᠭ᠄
2023/12/14
     ᠰᠠᠭᠤᠭᠠᠯᠢ ᠠᠷᠠᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠪᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠮᠠᠭᠠᠯᠠᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠃ ᠪᠠᠷᠠᠭᠤᠨ ᠣᠪᠣᠭ᠎ᠠ ᠵᠡᠭᠡᠯᠢ ᠭᠤᠳᠤᠮᠵᠢ ᠶᠢᠨ ᠬᠦᠶ ᠹᠠ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠥᠷᠲᠡᠭᠡ ︽ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠵᠤ ᠪᠠᠶᠢᠭ᠎ᠠ ᠪᠠᠶᠢᠳᠠᠯ ᠢ ᠴᠡᠭᠴᠡᠯᠡᠨ ᠵᠠᠰᠠᠬᠤ᠂ ᠬᠠᠷᠢᠶᠠᠲᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠵᠢᠷᠠᠭᠤᠯᠬᠤ︾᠎ ᠪᠠᠷ ᠭᠤᠤᠯ ᠰᠡᠳᠦᠪ ᠪᠣᠯᠭᠠᠭᠰᠠᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠠᠰᠠᠷ ᠤᠨ ᠬᠤᠩᠭᠢᠯ ᠳᠤ ᠣᠪᠣᠭᠠᠯᠠᠵᠤ ᠲᠠᠯᠪᠢᠭᠰᠠᠨ ᠡᠯᠳᠡᠪ ᠪᠣᠳᠠᠰ ᠲᠤ ᠰᠦᠯᠢᠶᠣᠣ᠂ ᠴᠠᠭᠠᠰᠤᠨ ᠪᠦᠲᠦᠭᠡᠭᠳᠡᠬᠦᠨ ᠵᠡᠷᠭᠡ ᠰᠢᠲᠠᠮᠠᠬᠠᠶ ᠪᠣᠳᠠᠰ ᠣᠷᠣᠰᠢᠵᠤ᠂ ᠨᠡᠪᠲᠡᠷᠡᠬᠦ ᠵᠠᠮ ᠪᠦᠭᠯᠡᠷᠡᠵᠦ᠂ ᠤᠳᠠᠭᠠᠨ ᠬᠠᠳᠠᠭᠠᠯᠠᠭᠰᠠᠨ ᠢᠶᠠᠷ ᠪᠠᠷᠠᠬᠤ ᠦᠭᠡᠶ᠂ ᠵᠢᠭᠠᠬᠠᠨ ᠢᠯᠡ ᠭᠠᠯ ᠲᠣᠬᠢᠶᠠᠯᠳᠤᠪᠠᠯ ᠠᠮᠠᠷᠬᠠᠨ ᠭᠠᠯ ᠤᠨ ᠠᠶᠤᠯ ᠭᠠᠷᠴᠤ᠂ ᠲᠦᠢᠯ ᠤᠨ ᠶᠡᠭᠡ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠨ᠎ᠠ᠃      ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠳᠠᠭᠠᠭᠤᠯᠭ᠎ᠠ ᠳᠣᠣᠷ᠎ᠠ᠂ ᠤᠯᠠᠨ ᠢᠶᠠᠷ ᠢᠶᠠᠨ ᠦᠳᠲᠡᠷ ᠲᠦᠷᠭᠡᠨ ᠬᠥᠳᠡᠯᠦᠯᠴᠡᠪᠡ᠃ ᠴᠡᠪᠡᠷᠯᠡᠬᠦ ᠶᠠᠪᠤᠴᠠ ᠳᠤ᠂ ᠱᠦᠭᠦᠷᠳᠡᠨ ᠱᠦᠭᠦᠷᠳᠡᠬᠦ᠂ ᠵᠥᠭᠡᠭᠡᠪᠦᠷᠢᠯᠡᠨ ᠵᠥᠭᠡᠭᠡᠪᠦᠷᠢᠯᠡᠬᠦ ᠳᠡᠭᠡᠨ ᠵᠢᠯ ᠲᠤᠷᠰᠢ ᠠᠰᠠᠷ ᠤᠨ ᠬᠤᠩᠭᠢᠯ ᠤᠨ ᠳᠣᠲᠣᠷᠠᠬᠢ ᠴᠡᠴᠡᠭ ᠤᠨ ᠫᠧᠩᠰᠡ᠂ ᠴᠣᠩᠬᠤᠨ ᠤ ᠬᠠᠪᠲᠠᠰᠤ᠂ ᠬᠠᠭᠤᠴᠢᠨ ᠠᠪᠳᠠᠷ᠎ᠠ᠂ ᠮᠣᠳᠣᠨ ᠬᠠᠪᠲᠠᠰᠤ᠂ ᠱᠦᠢᠨᠢ᠂ ᠡᠯᠡᠰᠦ ᠪᠣᠯᠤᠨ ᠡᠪᠳᠡᠷᠡᠵᠦ ᠬᠠᠭᠤᠴᠢᠷᠠᠭᠰᠠᠨ ᠬᠤᠪᠴᠠᠰᠤ ᠬᠤᠨᠠᠷ ᠵᠡᠷᠭᠡ ᠠᠮᠢᠳᠤᠷᠠᠯ ᠤᠨ ᠡᠯᠳᠡᠪ ᠪᠣᠳᠠᠰ ᠢ ᠴᠡᠪᠡᠷᠯᠡᠨ ᠠᠷᠢᠯᠭᠠᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠴᠣ ᠰᠢᠨ᠎ᠡ ᠪᠣᠯᠭᠠᠵᠤ᠂ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃
     ᠲᠣᠰ ᠤᠳᠠᠭᠠᠨ ᠤ ᠣᠷᠴᠢᠨ ᠲᠣᠭᠤᠷᠢᠨ ᠤ ᠵᠠᠰᠠᠯᠲᠠ ᠶᠢᠨ ᠠᠵᠢᠯᠯᠠᠭ᠎ᠠ ᠨᠢ ᠰᠠᠭᠤᠭᠠᠯᠢ ᠠᠷᠠᠳ ᠤᠨ ᠨᠡᠶᠢᠳᠡᠮ ᠣᠶᠢᠯᠠᠭᠠᠯᠲᠠ ᠪᠠ ᠳᠡᠮᠵᠢᠯᠭᠡ ᠶᠢ ᠣᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠠᠰᠠᠷ ᠤᠨ ᠬᠤᠩᠭᠢᠯ ᠤᠨ ᠳᠣᠲᠣᠷ᠎ᠠ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠠᠰᠠᠭᠤᠳᠠᠯ ᠢ ᠰᠠᠶᠢᠵᠢᠷᠠᠭᠤᠯᠵᠤ᠂ ᠮᠠᠰᠢ ᠣᠯᠠᠨ ᠠᠮᠤᠷ ᠲᠦᠪᠰᠢᠨ ᠤ ᠳᠠᠯᠳᠠ ᠬᠡᠮ ᠢ ᠠᠷᠢᠯᠭᠠᠭᠰᠠᠨ ᠢᠶᠠᠷ ᠪᠠᠷᠠᠬᠤ ᠥᠬᠡᠶ᠂ ᠪᠠᠰᠠ ᠰᠠᠭᠤᠭᠠᠯᠢ ᠠᠷᠠᠳ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠤᠬᠠᠮᠰᠠᠷ ᠢ ᠴᠢᠩᠭᠠᠳᠬᠠᠪᠠ᠃ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠲᠠᠭᠠᠯᠠᠮᠵᠢᠲᠠᠶ᠂ ᠠᠮᠤᠷ ᠲᠦᠪᠰᠢᠨ᠂ ᠴᠡᠪᠡᠷ ᠲᠡᠭᠰᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠪᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠪᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1