ᠰᠢᠶᠠᠩ ᠶᠠᠩ ᠨᠡᠶᠢᠭᠡᠮ ᠲᠣᠭᠤᠷᠢᠭ ᠡᠷᠦᠬᠡ ᠳᠤ ᠣᠷᠣᠵᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷᠡᠴᠢᠯᠡᠯ ᠤᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/12/14
      ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ ᠶᠢᠨ ᠭᠡᠷᠡᠴᠢᠯᠡᠯ ᠤᠨ ᠵᠢᠷᠤᠮᠵᠢᠭᠰᠠᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ ᠤᠨ ᠭᠡᠷᠡᠴᠢᠯᠡᠯ ᠢ ᠲᠣᠭᠲᠠᠮᠠᠯ ᠬᠤᠭᠤᠴᠠᠭ᠎ᠠ ᠲᠠᠢ ᠪᠠᠷ ᠪᠡᠶᠡᠯᠡᠭᠦᠯᠬᠦ ᠳᠤ ᠲᠥᠬᠦᠮ ᠦᠵᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠰᠢᠶᠠᠩ ᠶᠠᠩ ᠨᠡᠶᠢᠭᠡᠮ ᠲᠣᠭᠤᠷᠢᠭ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠬᠡᠷ ᠪᠦᠯᠢ ᠶᠢᠨ ᠭᠡᠷᠡᠴᠢᠯᠡᠭᠡ ᠶᠢᠨ ᠠᠵᠢᠯ ᠢ ᠢᠳᠡᠪᠬᠢᠲᠡᠶ ᠪᠠᠷ ᠡᠷᠦᠬᠡ ᠳᠤ ᠬᠦᠷᠴᠦ ᠥᠷᠨᠢᠭᠦᠯᠵᠦ᠂ ᠳᠥᠭᠦᠮ ᠳᠥᠲᠡ ᠦᠢᠯᠡᠴᠢᠯᠡᠭᠡ ᠶᠢ ᠰᠠᠭᠤᠭᠠᠯᠢ ᠠᠷᠠᠳ ᠤᠨ ᠳᠡᠷᠭᠡᠳᠡ ᠬᠦᠷᠭᠡᠪᠡ᠃      ᠰᠠᠭᠤᠭᠠᠯᠢ ᠠᠷᠠᠳ ᠤᠨ ᠬᠡᠷ ᠲᠤ ᠠᠵᠢᠯᠲᠠᠳ ᠲᠡᠳᠡᠨ ᠤ ᠬᠡᠷ ᠪᠦᠯᠢ ᠶᠢᠨ ᠠᠵᠤ ᠠᠬᠤᠶ ᠶᠢᠨ ᠢᠷᠡᠯᠲᠡ᠂ ᠦᠷ᠎ᠡ ᠬᠡᠤᠬᠡᠳ ᠤᠨ ᠠᠵᠢᠯ ᠣᠯᠤᠭᠰᠠᠨ ᠵᠡᠷᠭᠡ ᠪᠠᠶᠢᠳᠠᠯ ᠢ ᠬᠦᠯᠢᠴᠡᠩᠭᠦᠶ ᠪᠠᠷ ᠯᠠᠪᠯᠠᠨ ᠠᠰᠠᠭᠤᠵᠤ ᠬᠢᠨᠠᠨ ᠬᠠᠷᠭᠤᠭᠤᠯᠬᠤ ᠶᠢᠨ ᠬᠠᠮᠲᠤ ᠡᠷᠬᠢᠨ ᠲᠣᠭᠤᠷᠢᠨ ᠤ ᠬᠥᠷᠰᠢ ᠰᠠᠭᠠᠬᠠᠯᠲᠠ ᠠᠴᠠ ᠪᠠᠨ ᠲᠡᠳᠡᠨ ᠤ ᠬᠡᠷ ᠪᠦᠯᠢ ᠶᠢᠨ ᠡᠳᠦᠷ ᠲᠤᠲᠤᠮ ᠤᠨ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠦᠨᠡᠨ ᠪᠣᠳᠠᠲᠤ ᠴᠢᠨᠠᠷ ᠢ ᠦᠨᠡᠨ ᠬᠦ ᠪᠠᠲᠤᠯᠠᠪᠠ᠃ ᠠᠵᠢᠯᠲᠠᠳ ᠡᠷᠦᠬᠡ ᠳᠤ ᠬᠦᠷᠴᠦ ᠭᠡᠷᠡᠴᠢᠯᠡᠯ ᠤᠨ ᠦᠢᠯᠡᠴᠢᠯᠡᠭᠡ ᠬᠠᠩᠭᠠᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠷᠦᠬᠡ ᠶᠢᠨ ᠡᠯ᠎ᠡ ᠵᠦᠢᠯ ᠤᠨ ᠪᠠᠶᠢᠳᠠᠯ ᠠᠴᠠ ᠪᠣᠯᠵᠤ ᠭᠡᠷᠡᠴᠢᠯᠡᠯ ᠭᠦᠢᠴᠡᠳᠭᠡᠬᠦ ᠳᠤ ᠳᠥᠭᠦᠮ ᠦᠭᠡᠢ ᠪᠠᠶᠢᠳᠠᠯ ᠢ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠰᠢᠢᠳᠪᠦᠷᠢᠯᠡᠪᠡ᠃
     ᠲᠣᠰ ᠤᠳᠠᠭᠠᠨ ᠤ ᠡᠷᠦᠬᠡ ᠳᠤ ᠬᠦᠷᠴᠦ ᠭᠡᠷᠡᠴᠢᠯᠡᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠬᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠶᠢᠨ ᠠᠮᠢᠳᠤᠷᠠᠯ ᠤᠨ ᠪᠠᠶᠢᠳᠠᠯ ᠢ ᠨᠠᠩ ᠰᠠᠶᠢᠲᠤᠷ ᠡᠵᠡᠮᠰᠢᠵᠦ᠂ ᠨᠡᠶᠢᠭᠡᠮ ᠲᠣᠭᠤᠷᠢᠭ ᠠᠴᠠ ᠰᠠᠭᠤᠭᠠᠯᠢ ᠠᠷᠠᠳ ᠲᠤ ᠪᠣᠳᠠᠲᠠᠶ ᠶᠠᠪᠤᠳᠠᠯ᠂ ᠰᠠᠶᠢᠨ ᠶᠠᠪᠤᠳᠠᠯ ᠬᠢᠬᠦ ᠳᠤ ᠠᠰᠢᠭᠲᠠᠶ ᠶᠤᠮ᠃ ᠵᠠᠯᠭᠠᠭᠠᠳ᠂ ᠰᠢᠶᠠᠩ ᠶᠠᠩ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠶᠠᠳᠠᠭᠤ ᠬᠦᠴᠢᠷᠳᠡᠯᠲᠡᠶ ᠬᠡᠷ ᠪᠦᠯᠢ ᠶᠢ ︽ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ︾ ᠪᠣᠯᠵᠣ᠂ ᠬᠦᠴᠢᠷᠳᠡᠯᠲᠡᠶ ᠬᠥᠮᠦᠰ ᠤᠨ ᠪᠠᠴᠢᠮ ᠪᠡᠷᠬᠡ ᠵᠣᠪᠠᠨᠢᠯ ᠤᠨ ᠠᠰᠠᠭᠤᠳᠠᠯ ᠢ ᠬᠠᠪᠰᠤᠷᠤᠨ ᠰᠢᠶ᠋ᠳᠪᠦᠷᠢᠯᠡᠵᠦ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠪᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1