ᠳ᠋ᠦᠩ ᠾᠧ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠭᠦᠨᠵᠡᠭᠡᠶ ᠥᠷᠨᠢᠭᠦᠯᠪᠡ
ᠨᠡᠶᠢᠲᠡᠯᠡᠭᠰᠡᠨ ᠴᠠᠭ᠄
2023/12/14
      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠲᠤᠬᠠᠶ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠬᠤ ᠶᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ ᠭᠦᠨᠵᠡᠭᠡᠢ ᠥᠷᠨᠢᠭᠦᠯᠬᠦ ᠶᠢ ᠢᠳᠡᠪᠬᠢᠲᠡᠢ ᠠᠬᠢᠭᠤᠯᠪᠠ᠃      ᠨᠢᠭᠡ ᠳᠤ ᠦᠨᠳᠦᠰᠦᠲᠡᠨ ᠤ ᠪᠦᠯᠬᠦᠮᠳᠡᠯ ᠤᠨ ᠠᠵᠢᠯ ᠢ ︽ᠨᠢᠭᠡᠳᠦᠭᠡᠷ ᠭᠠᠷ︾᠎ ᠤᠨ ᠢᠨᠵᠧᠨᠧᠷᠢᠩ ᠪᠣᠯᠭᠠᠵᠤ᠂ ᠭᠤᠣᠯ ᠤᠳᠤᠷᠢᠳᠤᠯᠭ᠎ᠠ ᠪᠦᠬᠦ ᠲᠠᠯ᠎ᠠ ᠪᠠᠷ ᠠᠳᠬᠤᠬᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠳᠠᠲᠠᠶ ᠠᠳᠬᠤᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠠᠵᠢᠯ ᠢ ᠬᠢᠨᠠᠨ ᠪᠤᠳᠤᠬᠤ ᠲᠤᠬᠠᠶᠢᠯᠠᠭᠰᠠᠨ ᠠᠵᠢᠯ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠪᠠᠶᠢᠭᠤᠯᠭ᠎ᠠ ᠶᠢᠨ ᠪᠠᠶᠢᠭᠤᠯᠤᠯᠲᠠ ᠵᠡᠷᠭᠡ ᠠᠵᠢᠯ ᠲᠠᠢ ᠠᠳᠠᠯᠢ ᠴᠢᠬᠤᠯᠠ ᠪᠠᠶᠢᠷᠢᠨ ᠳᠤ ᠲᠠᠯᠪᠢᠵᠤ᠂ ᠬᠠᠮᠲᠤ ᠳᠤᠨᠢ ᠰᠤᠳᠤᠯᠵᠤ᠂ ᠬᠠᠮᠲᠤ ᠳᠤᠨᠢ ᠰᠢᠯᠭᠠᠨ ᠬᠢᠨᠠᠵᠤ᠂ ᠬᠢᠨᠠᠨ ᠪᠤᠳᠤᠬᠤ ᠦᠢᠯᠡᠰ ᠤᠨ ᠬᠥᠭᠵᠢᠯᠲᠡ ᠪᠠ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠬᠠᠷᠢᠯᠴᠠᠨ ᠠᠭᠤᠰᠤᠯᠴᠠᠬᠤ ᠳᠤ ᠪᠠᠲᠤᠯᠠᠭ᠎ᠠ ᠬᠠᠩᠭᠠᠨ᠎ᠠ᠃ ᠬᠤᠶᠠᠷ ᠲᠤ᠂ ᠬᠢᠨᠠᠨ ᠪᠤᠳᠤᠬᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠪᠠ ᠨᠠᠮ ᠤᠨ ᠡᠭᠦᠷ ᠤᠨ ᠰᠤᠷᠤᠯᠴᠠᠯᠭ᠎ᠠ ᠳᠤ ᠣᠷᠣᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠨᠳᠦᠰᠦᠲᠡᠨ ᠤ ᠪᠦᠯᠬᠦᠮᠳᠡᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠤᠷᠤᠯᠴᠠᠯᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠴᠢᠩᠭᠠᠳᠬᠠᠪᠠ᠃ ᠭᠤᠷᠪᠠ ᠳᠤ᠂ ᠬᠢᠨᠠᠨ ᠪᠤᠳᠤᠬᠤ ᠲᠥᠷᠥᠯ ᠵᠦᠢᠯ ᠢ ᠦᠨᠳᠦᠰᠦᠲᠡᠨ ᠤ ᠪᠦᠯᠬᠦᠮᠳᠡᠯ ᠤᠨ ᠠᠵᠢᠯ ᠲᠠᠢ ᠨᠢᠭᠲᠠ ᠤᠶᠠᠯᠳᠤᠭᠤᠯᠵᠤ᠂ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ᠂ ᠲᠥᠰᠦᠪ ᠢ ᠬᠡᠷᠡᠭᠵᠢᠭᠦᠯᠬᠦ ᠳᠤ ᠬᠢᠨᠠᠨ ᠪᠤᠳᠤᠬᠤ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠢᠨᠠᠨ ᠪᠤᠳᠤᠬᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠬᠢᠨᠠᠨ ᠪᠤᠳᠤᠬᠤ ᠵᠡᠷᠭᠡ ᠡᠯ᠎ᠡ ᠦᠨᠳᠦᠰᠦᠲᠡᠨ ᠤ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠪᠠᠯᠠ ᠮᠥᠩᠭᠦ ᠶᠢᠨ ᠲᠣᠭᠤᠷᠢᠨ ᠳᠤ ᠬᠢᠨᠠᠨ ᠪᠤᠳᠤᠬᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1