ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠶᠢᠨ ᠬᠠᠮᠢᠶᠠᠷᠤᠯᠲᠠ ᠶᠢ ᠴᠢᠩᠭᠠᠳᠬᠠᠵᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠪᠠᠶᠢᠭᠤᠯᠤᠮᠵᠢ ᠶᠢᠨ ᠡᠷᠡᠭᠦᠯ ᠢᠶᠠᠷ ᠬᠥᠭᠵᠢᠬᠦ ᠶᠢ ᠦᠨᠡᠨᠬᠦ ᠪᠠᠲᠤᠯᠠᠨ᠎ᠠ
ᠨᠡᠶᠢᠲᠡᠯᠡᠭᠰᠡᠨ ᠴᠠᠭ᠄
2023/12/14
    ᠳ᠋ᠦᠩ ᠾᠧ ᠲᠣᠭᠤᠷᠢᠭ ᠤᠨ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠣᠯᠭᠤᠯᠲᠠ ᠶᠢ ᠠᠬᠢᠭᠤᠯᠬᠤ ᠳᠤᠮᠳᠠᠬᠢ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠤᠨ ᠦᠢᠯᠡᠳᠦᠯ ᠢ ᠪᠠᠳᠠᠷᠠᠭᠤᠯᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠪᠣᠳᠠᠲᠠᠶᠢᠵᠢᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠪᠠᠶᠢᠭᠤᠯᠤᠮᠵᠢ ᠶᠢᠨ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ 11 ᠰᠠᠷ᠎ᠠ ᠶᠢᠨ 22᠎ ᠤᠨ ᠡᠳᠦᠷ ᠠᠴᠠ 27᠎ ᠤ ᠡᠳᠦᠷ ᠪᠣᠯᠲᠠᠯ᠎ᠠ᠂ ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ ᠬᠠᠷᠢᠭᠤᠴᠠᠵᠤ᠂ ᠲᠤᠰᠬᠠᠢ ᠬᠥᠮᠦᠨ ᠲᠠᠲᠠᠵᠤ ᠤᠳᠤ ᠦᠶ᠎ᠡ ᠶᠢᠨ ᠦᠢᠯᠡᠴᠢᠯᠡᠭᠡᠨ ᠤ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ᠂ ᠰᠢᠨ ᡁᠢ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ᠂ ᠳ᠋ᠦᠩ ᠬᠤᠸᠠ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠂ ᠳ᠋ᠦᠩ ᠹᠠᠩ ᠠᠵᠢᠯ ᠮᠡᠷᠭᠡᠵᠢᠯ ᠤᠨ ᠪᠣᠯᠪᠠᠰᠤᠷᠠᠯ ᠵᠡᠷᠭᠡ 8 ᠰᠤᠷᠭᠠᠭᠤᠯᠢ ᠳᠤ ᠲᠤᠬᠠᠢ ᠶᠢᠨ ᠭᠠᠵᠠᠷ ᠲᠤᠨᠢ ᠵᠢᠯᠣᠭᠤᠳᠤᠨ ᠪᠠᠶᠢᠴᠠᠭᠠᠪᠠ᠃ ᠣᠳᠣᠬᠠᠨ ᠪᠣᠯᠲᠠᠯ᠎ᠠ᠂ 55 ᠬᠤᠭᠤᠴᠠᠭᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠠᠶᠢᠴᠠᠭᠠᠯᠲᠠ ᠬᠢᠵᠦ ᠪᠠᠶᠢᠨ᠎ᠠ᠃      ᠲᠣᠰ ᠤᠳᠠᠭᠠᠨ ᠤ ᠵᠢᠯᠣᠭᠤᠳᠤᠨ ᠪᠠᠶᠢᠴᠠᠭᠠᠬᠤ ᠳᠤ ᠮᠠᠲ᠋ᠧᠷᠢᠶᠠᠯ ᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠬᠡᠯᠪᠡᠷᠢ ᠪᠠᠷ ᠠᠷᠠᠳ ᠠᠴᠠ ᠡᠷᠭᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠪᠠ ᠰᠤᠷᠭᠠᠭᠤᠯᠢ ᠡᠷᠭᠢᠯᠡᠭᠰᠡᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ ᠢᠯᠠᠩᠭᠤᠶ᠎ᠠ ᠠᠷᠠᠳ ᠠᠴᠠ ᠡᠷᠬᠢᠯᠡᠭᠰᠡᠨ ᠡᠯ᠎ᠡ ᠪᠣᠯᠪᠠᠰᠤᠷᠠᠭᠤᠯᠤᠯ ᠤᠨ ᠰᠤᠷᠭᠠᠭᠤᠯᠢ ᠨᠤᠭᠤᠳ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠲᠦᠪᠰᠢᠨ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠨ᠂ ᠰᠠᠨᠠᠭᠠᠰᠢᠷᠠᠨ ᠵᠣᠪᠠᠨᠢᠬᠤ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠠᠵᠢᠯᠲᠠᠨ ᠠᠵᠢᠯᠴᠢᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠷᠭᠡᠵᠢᠯ ᠴᠢᠳᠠᠪᠤᠷᠢ ᠶᠢ ᠦᠨᠡᠨᠬᠦ ᠨᠡᠮᠡᠭᠳᠡᠭᠦᠯᠦᠨ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ᠂ ᠪᠣᠯᠪᠠᠰᠤᠷᠠᠭᠤᠯᠤᠯ ᠤᠨ ᠡᠭᠦᠷᠭᠡ᠂ ᠪᠣᠯᠪᠠᠰᠤᠷᠠᠭᠤᠯᠤᠯ ᠤᠨ ᠠᠮᠤᠷ ᠲᠦᠪᠰᠢᠨ ᠢ ᠬᠤᠶᠠᠷ ᠲᠠᠯ᠎ᠠ ᠪᠠᠷ ᠠᠳᠬᠤᠬᠤ᠂ ᠬᠤᠶᠠᠷ ᠢ ᠰᠠᠭᠠᠲᠠᠭᠠᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠲᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠲᠣᠪᠤᠶᠢᠮ᠎ᠠ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠪᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠣᠯᠪᠠᠰᠤᠷᠠᠭᠤᠯᠤᠯ ᠢ ᠥᠷᠭᠡᠨ ᠣᠯᠠᠨ ᠬᠥᠳᠡᠯᠮᠦᠷᠢᠴᠢᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠠᠬᠢᠭᠤᠯᠬᠤ ᠶᠡᠭᠡ ᠶᠠᠪᠤᠳᠠᠯ ᠪᠣᠯᠭᠠᠨ ᠠᠳᠬᠤᠵᠤ᠂ ᠡᠯ᠎ᠡ ᠲᠥᠷᠥᠯ ᠤᠨ ᠠᠵᠢᠯ ᠡᠷᠢᠭᠴᠢ ᠶᠢᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠬᠠᠮᠢᠶ᠎ᠠ ᠪᠥᠬᠦᠶ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠬᠤ ᠶᠢᠨ ᠬᠠᠮᠲᠤ ᠪᠣᠯᠪᠠᠰᠤᠷᠠᠭᠤᠯᠤᠯ ᠤᠨ ᠡᠮᠦᠨᠡᠬᠢ᠂ ᠪᠣᠯᠪᠠᠰᠤᠷᠠᠭᠤᠯᠤᠯ ᠤᠨ ᠳᠤᠮᠳᠠ᠂ ᠪᠣᠯᠪᠠᠰᠤᠷᠠᠭᠤᠯᠤᠯ ᠤᠨ ᠳᠠᠷᠠᠭᠠᠬᠢ ᠡᠯ᠎ᠡ ᠭᠤᠭᠴᠤᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠪᠣᠯᠪᠠᠰᠤᠷᠠᠭᠤᠯᠤᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠥᠷᠭᠡᠨ ᠣᠯᠠᠨ ᠬᠥᠳᠡᠯᠮᠦᠷᠢᠴᠢᠳ ᠲᠤ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠦᠵᠡᠯᠲᠡ ᠶᠢ ᠪᠤᠢ ᠪᠣᠯᠭᠠᠵᠤ᠂ ᠲᠡᠳᠡᠨ ᠢ ᠬᠠᠪᠰᠤᠷᠤᠨ ᠠᠵᠢᠯ ᠣᠯᠭᠤᠯᠲᠠ ᠶᠢ ᠰᠠᠶᠢᠲᠤᠷ ᠬᠢᠵᠦ᠂ ᠠᠵᠢᠯ ᠣᠯᠭᠤᠯᠲᠠ ᠶᠢ ᠰᠠᠶᠢᠨ ᠬᠢᠬᠦ ᠪᠣᠯᠭᠠᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1