ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ ᠠᠵᠢᠯ ᠣᠯᠭᠤᠬᠤ ᠴᠢᠳᠠᠪᠤᠷᠢ ᠶᠢ ᠳᠡᠭᠡᠭᠰᠢᠯᠡᠭᠦᠯᠦᠶ᠎ᠡ
ᠨᠡᠶᠢᠲᠡᠯᠡᠭᠰᠡᠨ ᠴᠠᠭ᠄
2023/12/14
     ᠰᠠᠭᠤᠭᠠᠯᠢ ᠠᠷᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠵᠤ ᠣᠷᠣᠯᠭ᠎ᠠ ᠪᠠᠨ ᠨᠡᠮᠡᠭᠳᠡᠭᠦᠯᠬᠦ ᠠᠵᠢᠯ ᠢ ᠠᠬᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠵᠢᠯ ᠣᠯᠬᠤ ᠴᠢᠳᠠᠪᠤᠷᠢ ᠪᠠ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 12 ᠰᠠᠷ᠎ᠠ ᠶᠢᠨ 1᠎ ᠤ ᠡᠳᠦᠷ᠂ ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 7 ᠡᠳᠦᠷ ᠤᠨ ᠬᠤᠭᠤᠴᠠᠭ᠎ᠠ ᠲᠠᠢ ︽ᠡᠪᠡᠳᠴᠢᠲᠡᠨ ᠢ ᠰᠤᠪᠢᠯᠠᠬᠤ︾ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠠᠮᠵᠢᠯᠲᠠ ᠲᠠᠢ ᠡᠬᠢᠯᠡᠪᠡ᠃      ᠲᠣᠰ ᠤᠳᠠᠭᠠᠨ ᠤ ᠪᠣᠯᠪᠠᠰᠤᠷᠠᠭᠤᠯᠤᠯ ᠢ ᠳ᠋ᠦᠩ ᠬᠤᠸᠠ ᠪᠣᠯᠪᠠᠰᠤᠷᠠᠭᠤᠯᠤᠯ ᠤᠨ ᠰᠤᠷᠭᠠᠭᠤᠯᠢ ᠠᠴᠠ ᠳᠠᠭᠠᠭᠠᠨ ᠡᠷᠭᠢᠯᠡᠵᠦ᠂ ᠨᠡᠶᠢᠲᠡ 59 ᠰᠤᠷᠤᠭᠴᠢ ᠶᠢ ᠪᠣᠯᠪᠠᠰᠤᠷᠠᠭᠤᠯᠤᠯ ᠳᠤ ᠣᠷᠣᠯᠴᠠᠭᠤᠯᠪᠠ᠃ ᠪᠣᠯᠪᠠᠰᠤᠷᠠᠭᠤᠯᠤᠯ ᠤᠨ ᠡᠲᠡᠭᠡᠳ ᠨᠢ ᠭᠤᠤᠯᠳᠠᠭᠤ ᠬᠠᠷᠢᠶᠠᠲᠤ ᠣᠷᠣᠨ ᠤ ᠠᠮᠢᠳᠤᠯᠢᠭ ᠢᠶᠠᠷ ᠠᠵᠢᠯ ᠣᠯᠤᠭᠰᠠᠳ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ ᠵᠢᠴᠢ ᠠᠵᠢᠯ ᠣᠯᠬᠤ ᠳᠤ ᠬᠦᠴᠢᠷᠲᠡᠶ ᠬᠥᠮᠦᠰ ᠤᠨ ᠪᠣᠯᠪᠠᠰᠤᠷᠠᠭᠤᠯᠤᠯ ᠤᠨ ᠬᠤᠭᠤᠴᠠᠭ᠎ᠠ ᠨᠢ 7 ᠡᠳᠦᠷ ᠪᠠᠶᠢᠵᠤ᠂ ᠪᠣᠯᠪᠠᠰᠤᠷᠠᠭᠤᠯᠤᠯ ᠤᠨ ᠬᠤᠭᠤᠴᠠᠭ᠎ᠠ ᠨᠢ ᠳᠦᠭᠦᠷᠦᠭᠡᠳ ᠰᠢᠯᠭᠠᠯᠲᠠ ᠳᠤ ᠬᠢᠷᠢ ᠲᠡᠩᠴᠡᠭᠰᠡᠨ ᠪᠣᠯᠪᠠᠰᠤᠷᠠᠭᠤᠯᠤᠯ ᠳᠤ ᠣᠷᠣᠯᠴᠠᠭᠰᠠᠳ ᠲᠤ ᠰᠦᠢᠳᠭᠡᠯ ᠬᠤᠷᠢᠶᠠᠬᠤ ᠥᠬᠡᠶ ᠪᠠᠷ ᠬᠢᠷᠢ ᠲᠡᠩᠴᠡᠭᠰᠡᠨ ᠦᠨᠡᠮᠯᠡᠯ ᠣᠯᠭᠤᠨ᠎ᠠ᠃ ᠪᠣᠯᠪᠠᠰᠤᠷᠠᠯ ᠤᠨ ᠬᠢᠴᠢᠶᠡᠯ ᠳᠤ ᠭᠤᠤᠯᠳᠠᠭᠤ ᠡᠪᠡᠳᠴᠢᠲᠡᠨ ᠤ ᠡᠳᠦᠷ ᠲᠤᠲᠤᠮ ᠤᠨ ᠰᠤᠪᠢᠯᠠᠯᠲᠠ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠢᠴᠢ ᠡᠪᠡᠳᠴᠢᠲᠡᠨ ᠢ ᠨᠡᠪᠲᠡᠷᠡᠯᠴᠡᠬᠦ ᠵᠡᠷᠭᠡ ᠠᠭᠤᠯᠭ᠎ᠠ ᠶᠢ ᠪᠠᠭᠲᠠᠭᠠᠨ᠎ᠠ᠃ ᠪᠣᠯᠪᠠᠰᠤᠷᠠᠯ ᠤᠨ ᠶᠠᠪᠤᠴᠠ ᠳᠤ ᠤᠨᠤᠯ ᠤᠨ ᠮᠡᠳᠡᠯᠭᠡ ᠪᠠ ᠦᠢᠯᠡᠳᠦᠯᠭᠡ ᠶᠢᠨ ᠠᠵᠢᠯᠯᠠᠭ᠎ᠠ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠪᠣᠯᠪᠠᠰᠤᠷᠠᠯ ᠳᠤ ᠣᠷᠣᠯᠴᠠᠭᠰᠠᠳ ᠲᠤ ᠦᠢᠯᠡᠳᠦᠯᠭᠡ ᠶᠢᠨ ᠳᠤᠮᠳᠠ ᠡᠪᠡᠳᠴᠢᠲᠡᠨ ᠤ ᠪᠠᠷ᠎ᠠ ᠪᠤᠯᠵᠤ ᠰᠤᠪᠢᠯᠠᠬᠤ ᠤᠷ᠎ᠠ ᠮᠡᠷᠭᠡᠵᠢᠯ ᠢ ᠨᠠᠩ ᠰᠠᠶᠢᠲᠤᠷ ᠡᠵᠡᠮᠰᠢᠭᠦᠯᠦᠨ᠎ᠡ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠰᠤᠷᠤᠭᠴᠢᠳ ᠲᠤ ᠬᠤᠯᠪᠣᠭᠳᠠᠯ ᠪᠦᠬᠦᠢ ᠰᠤᠷᠤᠯᠭ᠎ᠠ ᠲᠡᠭᠦᠰᠬᠦ ᠦᠨᠡᠮᠯᠡᠯ ᠣᠯᠭᠤᠪᠠ᠃      ᠵᠠᠯᠭᠠᠭᠠᠳ᠂ ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠡᠯ᠎ᠡ ᠲᠥᠷᠥᠯ ᠤᠨ ᠮᠡᠷᠭᠡᠵᠢᠯ ᠤᠨ ᠪᠣᠯᠪᠠᠰᠤᠷᠠᠯ ᠤᠨ ᠠᠩᠭᠢ ᠦᠷᠭᠦᠯᠵᠢᠯᠡᠨ ᠡᠷᠭᠢᠯᠡᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠥᠨᠳᠥᠷ ᠬᠡᠪ ᠪᠣᠯᠪᠠᠰᠤᠷᠠᠯ ᠲᠠᠢ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠦᠵᠢᠭᠦᠯᠵᠦ᠂ ᠲᠣᠰ ᠤᠳᠠᠭᠠᠨ ᠤ ︽ᠡᠪᠡᠳᠴᠢᠲᠡᠨ ᠢ ᠰᠤᠪᠢᠯᠠᠬᠤ︾ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ ᠴᠢᠨᠠᠷ ᠰᠠᠶᠢᠲᠠᠶ ᠰᠠᠶᠢᠲᠤᠷ ᠬᠢᠵᠦ᠂ ᠨᠠᠩ ᠣᠯᠠᠨ ᠰᠠᠭᠤᠭᠠᠯᠢ ᠠᠷᠠᠳ ᠲᠤ ᠠᠵᠢᠯ ᠤᠯᠬᠤ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠠᠵᠢᠯ ᠣᠯᠵᠤ ᠦᠢᠯᠡᠰ ᠴᠣᠭᠴᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠬᠠᠮᠲᠤ ᠲᠡᠳᠡᠨ ᠢ ᠬᠠᠪᠰᠤᠷᠤᠨ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠵᠦ᠂ ᠠᠵᠢᠯ ᠤᠯᠬᠤ ᠬᠦᠰᠡᠯ ᠲᠠᠢ ᠰᠠᠭᠤᠭᠠᠯᠢ ᠠᠷᠠᠳ ᠲᠤ ᠨᠠᠩ ᠣᠯᠠᠨ᠂ ᠨᠠᠩ ᠶᠡᠭᠡ ᠰᠤᠷᠤᠯᠴᠠᠬᠤ ᠲᠠᠪᠴᠠᠩ ᠬᠠᠩᠭᠠᠬᠤ ᠶᠢᠨ ᠬᠠᠮᠲᠤ ᠠᠵᠢᠯ ᠣᠯᠭᠤᠯᠲᠠ ᠶᠢ ᠤᠷᠤᠭᠰᠢᠲᠠᠶ ᠪᠡᠶᠡᠯᠡᠭᠦᠯᠦᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1