ᠪᠠᠶᠠᠷ ᠤᠨ ᠮᠡᠳᠡᠭᠡ︕ ᠪᠠᠰᠠ ᠠᠯᠳᠠᠷ ᠬᠦᠨᠳᠦ ᠣᠯᠵᠠᠢ︕ ᠳ᠋ᠦᠩ ᠾᠧ ᠲᠣᠭᠤᠷᠢᠭ ᠤᠨ ᠦᠢᠯᠡᠰ ᠴᠣᠭᠴᠠᠯᠠᠬᠤ ᠬᠤᠶᠠᠷ ᠴᠢᠳᠡᠪᠬᠢ ᠶᠢᠨ ᠰᠠᠭᠤᠷᠢᠨ ᠭᠠᠵᠠᠷ ᠠᠮᠵᠢᠯᠲᠠ ᠲᠠᠢ ᠳᠡᠰ ᠳᠡᠪᠰᠢᠵᠦ᠂ ᠨᠢᠭᠡᠨ D ᠳᠡᠰ ᠤᠨ ᠦᠢᠯᠡᠰ ᠴᠣᠭᠴᠠᠯᠠᠬᠤ ᠨᠡᠪᠴᠢᠭᠦᠯᠭᠡ ᠶᠢᠨ ᠰᠠᠭᠤᠷᠢᠨ ᠭᠠᠵᠠᠷ ᠢ ᠰᠢᠨ᠎ᠡ ᠪᠠᠷ ᠨᠡᠮᠡᠭᠳᠡᠭᠦᠯᠪᠡ
ᠨᠡᠶᠢᠲᠡᠯᠡᠭᠰᠡᠨ ᠴᠠᠭ᠄
2023/12/14
     ᠠᠵᠢᠯ ᠣᠯᠭᠤᠬᠤ ᠦᠢᠯᠡᠰ ᠪᠣᠰᠬᠠᠬᠤ ᠶᠢ ᠲᠡᠳᠬᠦᠬᠦ ᠠᠯᠢ ᠣᠯᠠᠨ ᠲᠥᠷᠥ ᠶᠢᠨ ᠪᠣᠳᠣᠯᠭ᠎ᠠ ᠶᠢᠨ ᠨᠡᠶᠢᠲᠡᠯᠡᠭᠳᠡᠬᠦ ᠶᠢ ᠳᠠᠭᠠᠯᠳᠤᠨ᠂ ᠳ᠋ᠦᠩ ᠾᠧ ᠲᠣᠭᠤᠷᠢᠭ ᠤᠨ ︽ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ︾ ᠬᠠᠯᠠᠭᠤᠨ ᠥᠷᠨᠢᠯᠲᠡ ᠭᠠᠷᠴᠤ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠦᠢᠯᠡᠴᠢᠯᠡᠭᠡᠨ ᠤ ᠴᠢᠬᠤᠯᠠ ᠲᠠᠪᠴᠠᠩ ᠤᠨ ᠠᠴᠢᠶᠠᠯᠠᠪᠤᠷᠢ - ᠠᠳᠠᠯ ᠦᠢᠯᠡᠰ ᠴᠣᠭᠴᠠᠯᠠᠬᠤ ᠨᠡᠪᠴᠢᠭᠦᠯᠬᠦ ᠰᠠᠭᠤᠷᠢᠨ ᠭᠠᠵᠠᠷ ᠪᠣᠯᠤᠭᠰᠠᠨ ᠪᠥᠭᠡᠳ ᠪᠠᠰᠠ ᠤᠯᠠᠮ ᠠᠴᠠ ᠤᠯᠠᠮ ᠣᠯᠠᠨ ᠠᠳᠠᠯ ᠦᠢᠯᠡᠰ ᠴᠣᠭᠴᠠᠯᠠᠭᠴᠢ ᠶᠢᠨ ᠠᠳᠠᠯ ᠦᠢᠯᠡᠰ ᠴᠣᠭᠴᠠᠯᠠᠵᠤ ᠠᠵᠢᠯ ᠣᠯᠬᠤ ᠬᠦᠰᠡᠯ ᠢ ᠠᠴᠢᠶᠠᠯᠠᠬᠤ ︽ᠰᠢᠮᠡᠳᠦ ᠬᠥᠷᠥᠰᠥ︾ ᠪᠣᠯᠤᠭᠰᠠᠨ ᠪᠠᠶᠢᠨ᠎ᠠ᠃      ᠥᠷᠭᠡᠨ ᠣᠯᠠᠨ ᠠᠷᠠᠳ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠵᠢᠯ ᠣᠯᠵᠤ ᠠᠳᠠᠯ ᠦᠢᠯᠡᠰ ᠴᠣᠭᠴᠠᠯᠠᠬᠤ ᠠᠰᠠᠭᠤᠳᠠᠯ ᠢ ᠰᠢᠢᠳᠪᠦᠷᠢᠯᠡᠵᠦ᠂ ︽ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ᠂ ᠠᠵᠢᠯ ᠣᠯᠭᠤᠯᠲᠠ ᠪᠠᠷ ᠠᠵᠢᠯ ᠣᠯᠭᠤᠯᠲᠠ ᠶᠢ ᠠᠬᠢᠭᠤᠯᠬᠤ︾ ᠰᠠᠶᠢᠨ ᠰᠠᠶᠢᠬᠠᠨ ᠪᠠᠶᠢᠳᠠᠯ ᠢ ᠪᠡᠶᠡᠯᠡᠭᠦᠯᠬᠦ ᠶᠢᠨ ᠲᠥᠯᠥᠭᠡ᠂ ᠵᠠᠯᠠᠭᠤᠴᠤᠳ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠣᠶᠢᠷ᠎ᠠ ᠳᠤ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠰᠠᠯᠠᠭ᠎ᠠ ᠲᠠᠰᠤᠭ ᠪᠠ ᠠᠳᠠᠯ ᠦᠢᠯᠡᠰ ᠴᠣᠭᠴᠠᠯᠠᠬᠤ ᠲᠥᠷᠥᠯ ᠵᠦᠢᠯ ᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠢᠶᠠᠷ ᠪᠦᠷᠢᠯᠳᠦᠭᠰᠡᠨ ᠠᠵᠢᠯᠯᠠᠬᠤ ᠳᠤᠭᠤᠶᠢᠯᠠᠩ ᠢᠶᠠᠷ ᠳᠠᠮᠵᠢᠭᠤᠯᠤᠨ᠂ ᠲᠠᠩᠰᠠ ᠡᠪᠬᠡᠮᠡᠯ ᠤᠨ ᠮᠠᠲ᠋ᠧᠷᠢᠶᠠᠯ ᠢ ᠬᠢᠨᠠᠨ ᠦᠵᠡᠬᠦ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠ ᠶᠡᠷᠦᠩᠬᠡᠶᠢᠯᠡᠨ ᠬᠤᠪᠢ ᠲᠣᠭᠲᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠪᠡ᠃ ᠡᠭᠦᠨ ᠤ ᠬᠠᠮᠲᠤ 11 ᠰᠠᠷ᠎ᠠ ᠶᠢᠨ 23᠎ ᠤ ᠡᠳᠦᠷ ᠪᠤᠭᠤᠲᠤ ᠬᠤᠲᠠ ᠶᠢᠨ ᠠᠳᠠᠯ ᠦᠢᠯᠡᠰ ᠴᠣᠭᠴᠠᠯᠠᠬᠤ ᠨᠡᠪᠴᠢᠭᠦᠯᠬᠦ ᠰᠠᠭᠤᠷᠢᠨ ᠭᠠᠵᠠᠷ ᠤᠨ ᠦᠨᠡᠯᠡᠨ ᠵᠢᠱᠢᠯᠲᠡ ᠶᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠵᠦ᠂ ᠳ᠋ᠦᠩ ᠾᠧ ᠶᠢᠨ ᠡᠤ ᠶᠤᠸᠠᠢ ᠲᠠᠯᠠᠪᠠᠶ ᠶᠢᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠪᠠ ᠳ᠋ᠦᠩ ᠾᠧ ᠲᠣᠭᠤᠷᠢᠭ ᠤᠨ ᠣᠲᠣ ᠦᠶ᠎ᠡ ᠶᠢᠨ ᠦᠢᠯᠡᠴᠢᠯᠡᠭᠡᠨ ᠤ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠨᠢ C ᠲᠠᠰ ᠤᠨ ᠪᠤᠭᠤᠲᠤ ᠬᠤᠲᠠ ᠶᠢᠨ ᠠᠳᠠᠯ ᠦᠢᠯᠡᠰ ᠴᠣᠭᠴᠠᠯᠠᠬᠤ ᠨᠡᠪᠴᠢᠭᠦᠯᠬᠦ ᠰᠠᠭᠤᠷᠢᠨ ᠭᠠᠵᠠᠷ ᠪᠣᠯᠵᠣ᠂ ᠡᠭᠦᠨ ᠤ ᠳᠡᠭᠡᠷ᠎ᠡ ᠸᠧᠨ ᠢᠨᠲ᠋ᠧᠷ ᠰᠦᠯᠵᠢᠶᠡᠨ ᠤ ᠰᠤᠷᠭᠠᠨ ᠬᠥᠮᠦᠵᠢᠯ ᠤᠨ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠨᠢ D ᠲᠠᠰ ᠤᠨ ᠪᠤᠭᠤᠲᠤ ᠬᠤᠲᠠ ᠶᠢᠨ ᠠᠳᠠᠯ ᠦᠢᠯᠡᠰ ᠴᠣᠭᠴᠠᠯᠠᠬᠤ ᠨᠡᠪᠴᠢᠭᠦᠯᠬᠦ ᠰᠠᠭᠤᠷᠢᠨ ᠭᠠᠵᠠᠷ ᠢᠶᠠᠷ ᠰᠢᠨ᠎ᠡ ᠪᠠᠷ ᠮᠠᠭᠠᠳᠯᠠᠨ ᠲᠣᠭᠲᠠᠭᠠᠪᠠ᠃      ᠣᠶᠢᠯᠠᠭᠠᠭᠰᠠᠨ ᠢᠶᠠᠷ᠂ 2023 ᠣᠨ ᠳᠤ ᠳ᠋ᠦᠩ ᠾᠧ ᠲᠣᠭᠤᠷᠢᠭ ᠤᠨ ᠦᠢᠯᠡᠰ ᠴᠣᠭᠴᠠᠯᠠᠬᠤ ᠰᠠᠭᠤᠷᠢᠨ ᠭᠠᠵᠠᠷ ᠨᠢᠭᠡᠨᠲᠡ 13 ᠡᠷᠦᠬᠡ ᠳᠤ ᠬᠦᠷᠴᠦ᠂ 1200 ᠭᠠᠷᠤᠶ ᠡᠷᠦᠬᠡ ᠦᠢᠯᠡᠰ ᠴᠣᠭᠴᠠᠯᠠᠵᠤ᠂ 2600 ᠭᠠᠷᠤᠶ ᠬᠥᠮᠦᠨ ᠳᠤ ᠠᠵᠢᠯ ᠣᠯᠭᠤᠪᠠ᠃ ᠨᠡᠪᠴᠢᠭᠦᠯᠭᠡ ᠶᠢᠨ ᠠᠮᠵᠢᠯᠲᠠ ᠣᠯᠤᠭᠰᠠᠨ ᠨᠣᠷᠮ᠎ᠠ ᠶᠢ ᠶᠡᠷᠦᠩᠬᠡᠶ ᠳᠡᠭᠡᠨ 60%᠎ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ ᠵᠢᠯ ᠪᠦᠷᠢ ᠶᠢᠨ ᠠᠵᠤ ᠠᠬᠤᠶᠢᠯᠠᠯ ᠤᠨ ᠰᠢᠨᠡᠴᠢᠯᠡᠯᠲᠡ ᠶᠢᠨ ᠨᠣᠷᠮ᠎ᠠ ᠶᠢ 15%᠎ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃ ᠨᠡᠪᠴᠢᠭᠦᠯᠦᠨ ᠠᠳᠠᠯ ᠦᠢᠯᠡᠰ ᠴᠣᠭᠴᠠᠯᠠᠬᠤ ᠪᠣᠳᠠᠲᠤ ᠴᠣᠭᠴᠠ ᠨᠢ ᠵᠢᠯ ᠪᠦᠷᠢ ᠳᠤᠮᠳᠠᠴᠢ ᠪᠠᠷ 30 ᠡᠷᠦᠬᠡ ᠠᠴᠠ ᠳᠤᠲᠠᠭᠤ ᠦᠭᠡᠶ ᠪᠠᠶᠢᠵᠤ᠂ ᠬᠠᠩᠭᠠᠭᠰᠠᠨ ᠠᠵᠢᠯ ᠤᠨ ᠪᠠᠶᠢᠷᠢ ᠨᠢ ᠵᠢᠯ ᠪᠦᠷᠢ ᠴᠥᠮ 200᠎ ᠠᠴᠠ ᠳᠤᠲᠠᠭᠤ ᠦᠭᠡᠶ ᠪᠠᠶᠢᠬᠤ ᠬᠡᠷᠡᠭᠲᠡᠶ᠃      ᠲᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠷᠣᠨ ᠤ ᠲᠠᠰ ᠤᠨ ᠠᠳᠠᠯ ᠦᠢᠯᠡᠰ ᠴᠣᠭᠴᠠᠯᠠᠬᠤ ᠨᠡᠪᠴᠢᠭᠦᠯᠬᠦ ᠰᠠᠭᠤᠷᠢᠨ ᠭᠠᠵᠠᠷ ᠲᠤ ᠪᠠᠯᠠ ᠮᠥᠩᠭᠦ ᠶᠢᠨ ᠳᠡᠮᠵᠢᠯᠭᠡ᠂ ᠴᠢᠳᠠᠪᠤᠷᠢ ᠶᠢᠨ ᠪᠣᠯᠪᠠᠰᠤᠷᠠᠭᠤᠯᠤᠯ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ᠂ ᠴᠢᠳᠠᠪᠤᠷᠢᠲᠠᠨ ᠤ ᠦᠢᠯᠡᠴᠢᠯᠡᠭᠡ ᠵᠡᠷᠭᠡ ᠲᠠᠯ᠎ᠠ ᠪᠠᠷ ᠠᠯᠢ ᠣᠯᠠᠨ ᠲᠡᠳᠬᠦᠨ ᠳᠡᠮᠵᠢᠬᠦ ᠠᠷᠭ᠎ᠠ ᠬᠡᠮᠵᠢᠶ᠎ᠡ ᠬᠠᠩᠭᠠᠵᠤ᠂ ᠰᠠᠭᠤᠷᠢᠨ ᠭᠠᠵᠠᠷ ᠤᠨ ᠬᠥᠭᠵᠢᠯᠲᠡ ᠶᠢ ᠳᠡᠮᠵᠢᠵᠦ᠂ ᠰᠠᠭᠤᠷᠢᠨ ᠭᠠᠵᠠᠷ ᠢ ᠬᠥᠲᠥᠯᠦᠨ ᠵᠢᠯᠣᠭᠤᠳᠴᠤ ᠪᠠᠶᠢᠭᠠᠳ ᠳᠠᠶᠢᠴᠢᠯᠠᠨ ᠳᠠᠭᠠᠭᠤᠯᠬᠤ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠳ᠋ᠦᠩ ᠾᠧ ᠲᠣᠭᠤᠷᠢᠭ ᠲᠤ ᠨᠠᠩ ᠰᠢᠯᠢᠳᠡᠭ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠣᠷᠴᠢᠨ ᠲᠣᠭᠤᠷᠢᠨ ᠢ ᠪᠣᠶ ᠪᠣᠯᠭᠠᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1