ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ᠠᠳᠠᠯ ᠦᠢᠯᠡᠰ ᠴᠣᠭᠴᠠᠯᠠᠬᠤ ᠲᠠᠭᠠᠭᠠᠯᠲᠠᠲᠤ ᠵᠢᠭᠡᠯᠡᠯᠭᠡ ᠨᠢ ᠠᠳᠠᠯ ᠦᠢᠯᠡᠰ ᠴᠣᠭᠴᠠᠯᠠᠬᠤ ︽ᠬᠥᠩᠭᠡᠨ ᠵᠡᠪᠰᠡᠭ ᠢᠶᠠᠷ ᠵᠢᠭᠰᠠᠭᠠᠯ ᠳᠤ ᠣᠷᠣᠬᠤ︾᠎ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/12/14
     ︽ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠪᠠ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠡᠵᠦ ᠬᠤᠶᠠᠷ ᠵᠦᠢᠯ ᠳᠤ ᠬᠤᠪᠢᠶᠠᠨ᠎ᠠ᠃ ᠬᠤᠪᠢ ᠬᠥᠮᠦᠨ ᠠᠳᠠᠯ ᠦᠢᠯᠡᠰ ᠴᠣᠭᠴᠠᠯᠠᠬᠤ ᠪᠤᠶᠤ ᠵᠢᠵᠢᠭ ᠪᠢᠴᠢᠯ ᠠᠵᠤ ᠠᠬᠤᠶᠢᠯᠠᠯ ᠬᠥᠭᠵᠢᠨ ᠪᠤᠵᠠᠭᠠᠶᠢᠷᠬᠠᠰᠠᠨ ᠴᠤ᠂ ᠠᠳᠠᠯ ᠦᠢᠯᠡᠰ ᠴᠣᠭᠴᠠᠯᠠᠬᠤ ᠲᠠᠭᠠᠭᠠᠯᠲᠠᠲᠤ ᠵᠢᠭᠡᠯᠡᠯᠭᠡ ᠪᠠᠷ ᠢᠶᠠᠨ ᠴᠥᠮ ︿ᠵᠢᠭᠡᠯᠡᠯᠭᠡ﹀᠎ ᠶᠢ ᠠᠮᠵᠢᠯᠲᠠ ᠤᠯᠬᠤ ᠲᠡᠶᠢᠰᠢ ᠤᠷᠤᠭᠰᠢᠯᠠᠭᠤᠯᠪᠠ︕︾ 12 ᠰᠠᠷ᠎ᠠ ᠶᠢᠨ 4᠎ ᠤ ᠡᠳᠦᠷ᠂ ᠳ᠋ᠦᠩ ᠾᠧ ᠲᠣᠭᠤᠷᠢᠭ ᠤᠨ ᠦᠨᠳᠦᠰᠦᠨ ᠬᠠᠤᠯᠢ ᠶᠢᠨ ᠭᠤᠣᠯ ᠰᠡᠳᠦᠪᠲᠦ ᠠᠭᠤᠳᠠᠮ ᠲᠠᠯᠠᠪᠠᠢ ᠶᠢᠨ ᠠᠵᠢᠯᠯᠠᠭ᠎ᠠ ᠳᠤᠮᠳᠠ᠂ ᠳ᠋ᠦᠩ ᠾᠧ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠠᠵᠢᠯᠲᠠᠳ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠦᠢᠯᠡᠰ ᠴᠣᠭᠴᠠᠯᠠᠬᠤ ᠬᠤᠪᠢ ᠬᠥᠮᠦᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠴᠤ᠂ ᠣᠨᠴᠠᠭᠠᠶᠢᠯᠠᠨ ᠦᠢᠯᠡᠰ ᠴᠣᠭᠴᠠᠯᠠᠭᠴᠢ ᠶᠢᠨ ᠦᠢᠯᠡᠰ ᠴᠣᠭᠴᠠᠯᠠᠬᠤ ᠬᠦᠰᠡᠯ ᠢᠶᠠᠨ ᠪᠡᠶᠡᠯᠡᠭᠦᠯᠵᠦ᠂ ᠦᠢᠯᠡᠰ ᠴᠣᠭᠴᠠᠯᠠᠬᠤ ᠪᠡᠯᠡ ᠮᠥᠩᠭᠦ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠨᠠᠮᠳᠠᠭᠤᠯᠪᠠ᠃      ︽ᠵᠣᠭᠤᠰ ᠵᠢᠭᠡᠯᠡᠭᠴᠢ ᠵᠥᠪᠬᠡᠨ ᠬᠠᠭᠠᠰ ᠲᠣᠭᠠᠨ ᠤ ᠬᠦᠦ ᠮᠥᠩᠭᠦ ᠶᠢ ᠡᠭᠦᠷᠭᠡᠯᠡᠬᠦ ᠴᠢᠬᠤᠯᠠᠲᠠᠢ᠂ ᠦᠯᠡᠳᠡᠭᠰᠡᠨ ᠬᠡᠰᠡᠭ ᠢ ᠡᠳ᠋ ᠤᠨ ᠵᠠᠰᠠᠭ ᠤᠨ ᠪᠡᠯᠡ ᠮᠥᠩᠭᠦ ᠠᠴᠠ ᠳᠠᠮ ᠬᠦᠦ ᠮᠥᠩᠭᠦ ᠥᠭᠭᠦᠨ᠎ᠡ︕︾ ᠭᠡᠵᠦ ︽ᠬᠤᠪᠢ ᠬᠥᠮᠦᠨ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠵᠤ᠂ ᠬᠠᠮᠤᠭ ᠤᠨ ᠤᠷᠲᠤ ᠳᠠᠭᠠᠨ 2 ᠵᠢᠯ ᠪᠣᠯᠵᠠᠢ︔ ᠵᠢᠵᠢᠭ ᠪᠢᠴᠢᠯ ᠠᠵᠤ ᠠᠬᠤᠶᠢᠯᠠᠯ ᠬᠠᠮᠤᠭ ᠤᠨ ᠥᠨᠳᠥᠷ ᠲᠡᠭᠡᠨ 400 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠵᠤ᠂ ᠬᠤᠭᠤᠴᠠᠭ᠎ᠠ ᠬᠠᠮᠤᠭ ᠤᠨ ᠤᠷᠲᠤ ᠳᠠᠭᠠᠨ 1 ᠵᠢᠯ ᠪᠣᠯᠵᠠᠢ︾᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠰᠠᠭᠤᠨ ᠯᠠᠪᠯᠠᠬᠤ ᠪᠠᠷ ᠢᠷᠡᠭᠰᠡᠨ ᠣᠯᠠᠨ ᠲᠦᠮᠡᠨ ᠪᠠ ᠠᠵᠤ ᠠᠬᠤᠶᠢᠯᠠᠯ ᠳᠤ ᠤᠯᠤᠰ ᠠᠴᠠ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠬᠤ᠂ ᠠᠳᠠᠯ ᠦᠢᠯᠡᠰ ᠴᠣᠭᠴᠠᠯᠠᠬᠤ ᠲᠠᠭᠠᠭᠠᠯᠲᠠᠲᠤ ᠵᠢᠭᠡᠯᠡᠯᠭᠡ ᠬᠠᠩᠭᠠᠬᠤ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠬᠤ ᠪᠠ ᠨᠠᠷᠢᠨ ᠲᠠᠶᠢᠯᠪᠤᠷᠢᠯᠠᠬᠤ ᠶᠢᠨ ᠬᠠᠮᠲᠤ ᠠᠳᠠᠯ ᠦᠢᠯᠡᠰ ᠴᠣᠭᠴᠠᠯᠠᠬᠤ ᠬᠥᠮᠦᠰ ᠤᠨ ᠠᠩᠬᠠᠷᠴᠤ ᠪᠠᠶᠢᠭ᠎ᠠ ᠭᠤᠶᠤᠴᠢᠯᠠᠬᠤ ᠨᠥᠬᠦᠴᠡᠯ᠂ ᠭᠦᠢᠴᠡᠳᠭᠡᠬᠦ ᠴᠤᠪᠤᠷᠠᠯ᠂ ᠵᠢᠭᠡᠯᠡᠯᠭᠡ ᠶᠢᠨ ᠲᠤᠭ᠎ᠠ ᠬᠡᠮᠵᠢᠶ᠎ᠡ᠂ ᠵᠢᠭᠡᠯᠡᠯᠭᠡ ᠶᠢᠨ ᠴᠠᠭ ᠬᠤᠭᠤᠴᠠᠭ᠎ᠠ᠂ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ ᠪᠠ ᠵᠠᠰᠠᠭ ᠤᠨ ᠣᠷᠳᠣᠨ ᠤ ᠳᠠᠮ ᠬᠦᠦ ᠥᠭᠬᠦ ᠵᠡᠷᠭᠡ ᠠᠰᠠᠭᠤᠳᠠᠯ ᠳᠤ ᠬᠦᠯᠢᠴᠡᠩᠭᠦᠶ ᠪᠠᠷ ᠬᠠᠷᠢᠭᠤᠯᠲᠠ ᠥᠭᠴᠦ᠂ ᠠᠳᠠᠯ ᠦᠢᠯᠡᠰ ᠴᠣᠭᠴᠠᠯᠠᠬᠤ ᠬᠥᠮᠦᠰ ᠤᠨ ᠭᠤᠶᠤᠴᠢᠯᠠᠬᠤ ᠶᠠᠪᠤᠴᠠ ᠪᠠ ᠬᠡᠷᠡᠭᠰᠡᠬᠦ ᠮᠠᠲ᠋ᠧᠷᠢᠶᠠᠯ ᠢ ᠣᠨᠣᠪᠴᠢᠲᠠᠶ ᠣᠶᠢᠯᠠᠭᠠᠬᠤ ᠶᠢ ᠦᠨᠡᠨ ᠬᠦ ᠪᠠᠲᠤᠯᠠᠪᠠ᠃      2023 ᠣᠨ ᠠᠴᠠ ᠨᠠᠰᠢ᠂ ᠳ᠋ᠦᠩ ᠾᠧ ᠲᠣᠭᠤᠷᠢᠭ ᠤᠨ ᠬᠢᠨ ᠨᠢᠭᠡᠨᠲᠡ 6644 ᠲᠦᠮᠡᠨ ᠲᠥᠭᠦᠷᠢᠭ ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠪᠠ᠂ ᠡᠭᠦᠨ ᠳᠤ᠂ 23 ᠵᠢᠵᠢᠭ ᠪᠢᠴᠢᠯ ᠠᠵᠤ ᠠᠬᠤᠶᠢᠯᠠᠯ ᠳᠤ 4885 ᠲᠦᠮᠡᠨ ᠲᠥᠭᠦᠷᠢᠭ ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠵᠤ᠂ 93 ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ 1759 ᠲᠦᠮᠡᠨ ᠲᠥᠭᠦᠷᠢᠭ ᠤᠨ ᠦᠢᠯᠡᠰ ᠪᠣᠰᠬᠠᠬᠤ ᠵᠢᠭᠡᠯᠡᠯᠭᠡ ᠶᠢᠨ ᠵᠢᠭᠡᠯᠡᠯᠭᠡ ᠲᠠᠯᠪᠢᠪᠠ᠃      ᠲᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠭᠠᠷᠲᠠᠨ ᠭᠦᠢᠴᠡᠳᠬᠡᠬᠦ ᠬᠠᠮᠲᠤᠷᠠᠯᠴᠠᠭᠠᠨ ᠤ ᠪᠠᠩᠬᠢ ᠲᠠᠢ ᠨᠡᠪᠲᠡᠷᠡᠯᠴᠡᠨ ᠬᠠᠮᠲᠤᠷᠠᠯᠴᠠᠬᠤ ᠪᠠᠨ ᠢᠳᠡᠪᠬᠢᠲᠡᠶ ᠴᠢᠩᠭᠠᠳᠬᠠᠵᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠨ᠎ᠡ ᠶᠢ ᠡᠭᠦᠳᠬᠦ ᠵᠢᠭᠡᠯᠡᠯᠭᠡ ᠶᠢᠨ ᠠᠵᠢᠯ ᠤᠨ ᠳᠤᠮᠳᠠ ᠢᠯᠡᠷᠡᠭᠰᠡᠨ ᠠᠰᠠᠭᠤᠳᠠᠯ ᠪᠠ ᠲᠦᠭᠵᠢᠷᠡᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠦ᠂ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢᠨ ᠪᠣᠳᠠᠲᠠᠶ ᠠᠰᠢᠭ ᠢ ᠭᠦᠢᠴᠡᠳ ᠣᠶᠢᠯᠠᠭᠠᠬᠤ ᠶᠢᠨ ᠬᠠᠮᠲᠤ ᠭᠥᠷᠳᠡᠬᠦ ᠶᠢ ᠦᠨᠡᠨ ᠬᠦ ᠪᠠᠲᠤᠯᠠᠵᠤ᠂ ᠲᠥᠷᠥ ᠶᠢᠨ ᠪᠣᠳᠣᠯᠭ᠎ᠠ ᠶᠢᠨ ᠢᠯᠡ ᠲᠣᠳᠣ ᠶᠢᠨ ᠬᠡᠮᠵᠢᠶ᠎ᠡ ᠪᠠ ᠢᠲᠡᠭᠡᠮᠵᠢᠳᠦ ᠬᠡᠮᠵᠢᠶ᠎ᠡ ᠶᠢ ᠳᠡᠭᠡᠭᠰᠢᠯᠡᠭᠦᠯᠦᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1