ᠭᠤᠤᠯ ᠰᠡᠳᠦᠪᠲᠦ ᠬᠥᠮᠦᠵᠢᠯ ᠢᠶᠠᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠶ᠋ᠯᠡᠴᠢᠯᠡᠭᠡ ᠶᠢ ᠬᠥᠲᠥᠯᠥᠨ ᠳᠠᠭᠠᠭᠤᠯᠪᠠ
ᠨᠡᠶᠢᠲᠡᠯᠡᠭᠰᠡᠨ ᠴᠠᠭ᠄
2023/12/14
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠶᠢᠨ ᠲᠥᠯᠥᠭᠡ᠂ ᠳ᠋ᠦᠩ ᠾᠧ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠶᠢ ᠭᠤᠣᠯ ᠰᠡᠳᠦᠪᠲᠦ ᠬᠥᠮᠦᠵᠢᠯ ᠤᠨ ᠴᠢᠬᠤᠯᠠ ᠠᠭᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠤ ᠳᠤᠷᠠᠳᠤᠭᠰᠠᠨ ︽ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠬᠥᠯᠥᠰᠥᠨ ᠠᠵᠢᠯᠴᠢᠨ ᠵᠡᠷᠭᠡ ᠬᠥᠮᠦᠰ ᠲᠤ ᠠᠵᠢᠯ ᠣᠯᠭᠤᠬᠤ︾ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠠᠳᠬᠤᠵᠤ᠂ ᠭᠤᠣᠯ ᠰᠡᠳᠦᠪᠲᠦ ᠬᠥᠮᠦᠵᠢᠯ ᠤᠨ ᠰᠢᠷᠢᠰ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯ ᠰᠡᠳᠦᠪᠲᠦ ᠬᠥᠮᠦᠵᠢᠯ ᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠵᠤ ︽ᠦᠷ᠎ᠡ ᠪᠦᠲᠦᠮᠵᠢ︾᠎ ᠶᠢ ᠨᠡᠮᠡᠭᠳᠡᠭᠦᠯᠬᠦ ᠶᠢ ᠠᠬᠢᠭᠤᠯᠪᠠ᠃      ᠦᠵᠡᠯ ᠰᠠᠨᠠᠭ᠎ᠠ ᠪᠠᠨ ᠴᠢᠩᠭᠠᠳᠬᠠᠵᠤ ᠨᠠᠮᠴᠢ ᠴᠢᠨᠠᠷ ᠢᠶᠠᠨ ᠴᠢᠩᠭᠠᠳᠬᠠᠵᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠪᠠ      ᠰᠤᠷᠤᠯᠴᠠᠯᠭ᠎ᠠ ᠪᠣᠯ ᠺᠠᠳ᠋ᠷ ᠠᠵᠢᠯᠳᠠᠨ ᠤ ᠴᠢᠳᠠᠪᠤᠷᠢ ᠶᠢ ᠳᠡᠭᠡᠭᠰᠢᠯᠡᠭᠦᠯᠬᠦ᠂ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠬᠤ ᠶᠢᠨ ᠰᠠᠭᠤᠷᠢ ᠮᠥᠨ᠃ ᠨᠢᠭᠡ ᠳᠤ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠰᠤᠷᠤᠯᠴᠠᠭᠤᠯᠤᠨ᠎ᠠ᠃ ᠠᠵᠢᠯ ᠣᠯᠭᠤᠯᠲᠠ ᠶᠢᠨ ᠨᠠᠮ ᠤᠨ ᠡᠭᠦᠷ ᠭᠠᠷᠠᠭ ᠪᠦᠷᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠨᠢᠭᠡ ᠤᠳᠠᠭ᠎ᠠ ᠲᠥᠪᠯᠡᠷᠡᠭᠦᠯᠦᠨ ᠰᠤᠷᠤᠯᠴᠠᠬᠤ᠂ ᠰᠠᠷ᠎ᠠ ᠪᠦᠷᠢ ᠨᠢᠭᠡ ᠤᠳᠠᠭ᠎ᠠ ᠲᠥᠪᠯᠡᠷᠡᠭᠦᠯᠦᠨ ᠰᠤᠳᠤᠯᠤᠨ ᠶᠠᠷᠢᠯᠴᠠᠬᠤ ᠶᠢ ᠥᠷᠨᠢᠭᠦᠯᠵᠦ᠂ ᠨᠠᠮ ᠤᠨ ᠭᠡᠰᠢᠭᠦᠨ ᠨᠢᠭᠡᠪᠦᠷᠢ ᠡᠳᠦᠷ ᠪᠦᠷᠢ ᠨᠢᠭᠡ ᠤᠳᠠᠭ᠎ᠠ ᠥᠪᠡᠷ ᠢᠶᠠᠨ ᠰᠤᠷᠤᠯᠴᠠᠬᠤ ᠶᠢ ᠪᠠᠷᠢᠮᠲᠠᠯᠠᠵᠤ᠂ ᠤᠨᠤᠯ ᠤᠨ ᠰᠤᠷᠤᠯᠴᠠᠯᠭ᠎ᠠ ᠶᠢ ᠨᠠᠷᠢᠨ ᠬᠢᠨᠠᠮᠠᠭᠠᠢ ᠬᠢᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠨ᠎ᠠ ︔ ᠬᠤᠶᠠᠷ ᠲᠤ ᠲᠤᠰᠬᠠᠢ ᠰᠡᠳᠦᠪᠲᠦ ᠨᠠᠮ ᠤᠨ ᠬᠢᠴᠢᠶᠡᠯ ᠥᠷᠨᠢᠭᠦᠯᠦᠨ᠎ᠡ᠃ ᠨᠠᠮ ᠤᠨ ᠬᠢᠴᠢᠶᠡᠯ ᠢ ᠰᠠᠶᠢᠲᠤᠷ ᠣᠷᠣᠵᠤ ᠰᠤᠷᠤᠯᠴᠠᠯᠭ᠎ᠠ ᠶᠢ ᠠᠬᠢᠭᠤᠯᠬᠤ ᠶᠢ ᠪᠠᠷᠢᠮᠲᠠᠯᠠᠵᠤ᠂ ᠲᠦᠷᠪᠡᠨ ᠨᠠᠮ ᠤᠨ ᠡᠭᠦᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠶᠢᠨ ᠲᠣᠭᠤᠷᠢᠨ ᠳᠤ ᠠᠵᠢᠯ ᠣᠯᠭᠤᠯᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠬᠢᠴᠢᠶᠡᠯ ᠣᠷᠣᠪᠠ︔ ᠭᠤᠷᠪᠠ ᠳᠤ᠂ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠪᠡ᠃ ᠺᠠᠳ᠋ᠷ ᠠᠵᠢᠯᠲᠠᠨ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠪᠥᠬᠦ ᠤᠯᠤᠰ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠴᠣᠩᠬᠤᠪᠴᠢ ᠨᠢᠭᠡᠴᠡ ᠶᠢᠨ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠴᠡᠷᠢᠭ ᠤᠨ ᠡᠷᠳᠡᠮ ᠤᠨ ᠮᠥᠷᠦ᠋ᠢᠴᠡᠭᠡᠨ ᠤ ᠠᠵᠢᠯᠯᠠᠭ᠎ᠠ ᠳᠤ ᠣᠷᠣᠯᠴᠠᠭᠤᠯᠵᠤ᠂ ︽ᠡᠳᠦᠷ ᠪᠦᠷᠢ ᠶᠢᠨ ᠰᠤᠷᠤᠯᠴᠠᠯᠭ᠎ᠠ︾᠂ ︽ᠭᠠᠷᠠᠭ ᠪᠦᠷᠢ ᠶᠢᠨ ᠪᠣᠯᠪᠠᠰᠤᠷᠠᠯ︾᠂ ︽ᠰᠠᠷ᠎ᠠ ᠰᠠᠷ᠎ᠠ ᠶᠢᠨ ᠬᠠᠷᠢᠴᠠᠯ︾᠎ ᠢᠶᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢ ᠰᠤᠷᠴᠤ᠂ ᠲᠤᠬᠠᠶᠢᠯᠠᠭᠰᠠᠨ ᠠᠵᠢᠯ ᠢ ᠰᠤᠳᠤᠯᠤᠨ᠂ ᠤᠷ᠎ᠠ ᠴᠢᠳᠠᠪᠤᠷᠢ ᠶᠢ ᠴᠢᠩᠭᠠᠳᠬᠠᠵᠤ᠂ ᠦᠢᠯᠡᠴᠢᠯᠡᠭᠡ ᠶᠢ ᠰᠢᠯᠢᠳᠡᠭᠵᠢᠭᠦᠯᠦᠨ᠂ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠮᠡᠳᠡᠯᠭᠡ ᠶᠢ ᠨᠡᠪᠲᠡᠷᠡᠭᠦᠯᠬᠦ︾ ︽ᠲᠥᠷᠥ ᠶᠢᠨ ᠪᠣᠳᠣᠯᠭ᠎ᠠ ᠶᠢ ᠲᠣᠳᠣᠷᠬᠠᠶ ᠪᠣᠯᠭᠠᠭᠰᠠᠨ︾ ᠺᠠᠳ᠋ᠷ ᠤᠨ ᠡᠩᠨᠡᠭᠡ ᠶᠢ ᠪᠠᠶᠢᠭᠤᠯᠤᠨ᠎ᠠ᠃      ᠤᠷ᠎ᠠ ᠴᠢᠳᠠᠪᠤᠷᠢ ᠪᠠᠨ ᠴᠢᠩᠭᠠᠳᠬᠠᠵᠤ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠢ ᠪᠠᠶᠠᠵᠢᠭᠤᠯᠵᠤ ᠣᠷᠣᠯᠭ᠎ᠠ ᠶᠢ ᠨᠡᠮᠡᠭᠳᠡᠭᠦᠯᠬᠦ ᠨᠢ ᠢᠯᠡᠳᠲᠡ ᠦᠷ᠎ᠡ ᠪᠦᠲᠦᠮᠵᠢ ᠣᠯᠪᠠ      ᠠᠵᠢᠯ ᠣᠯᠭᠤᠬᠤ ᠠᠵᠢᠯ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠪᠠ ᠠᠵᠤ ᠠᠬᠤᠢ ᠶᠢᠨ ᠬᠥᠭᠵᠢᠯᠲᠡ ᠲᠠᠢ ᠬᠤᠯᠪᠣᠭᠳᠠᠵᠤ᠂ ᠲᠦᠭ ᠲᠦᠮᠡᠨ ᠠᠶᠢᠯ ᠡᠷᠦᠬᠡ ᠲᠠᠢ ᠬᠤᠯᠪᠣᠯᠳᠤᠵᠤ᠂ ᠬᠥᠳᠡᠯᠮᠦᠷᠢᠴᠢᠳ ᠤᠨ ᠣᠷᠣᠰᠢᠨ ᠲᠣᠭᠲᠠᠨᠢᠬᠤ ᠪᠠ ᠬᠥᠭᠵᠢᠬᠦ ᠶᠢᠨ ᠰᠠᠭᠤᠷᠢ ᠮᠥᠨ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠤᠨ ᠨᠢᠭᠡ ᠮᠥᠨ᠃ ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠣᠯᠭᠤᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ᠂ ᠠᠵᠢᠯ ᠬᠢᠬᠦ ᠬᠡᠪᠴᠢᠶ᠎ᠡ ᠶᠢ ᠲᠣᠭᠲᠠᠭᠤᠨ ᠪᠠᠶᠢᠯᠭᠠᠬᠤ ᠶᠢ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢᠨ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠰᠦᠯᠵᠢᠶᠡᠨ ᠤ ᠰᠢᠭᠤᠳ ᠨᠡᠪᠲᠡᠷᠡᠭᠦᠯᠭᠡ᠂ ᠵᠢᠯᠣᠭᠤᠴᠢ ᠥᠬᠡᠶ ᠨᠢᠰᠬᠡᠯ ᠢᠶᠠᠷ ᠵᠢᠯᠣᠭᠤᠳᠬᠤ ᠵᠡᠷᠭᠡ ᠵᠠᠬ᠎ᠠ ᠳᠡᠯᠭᠡᠭᠦᠷ ᠤᠨ ᠬᠡᠷᠡᠭᠴᠡᠭᠡ ᠳᠤ ᠨᠡᠶᠢᠴᠡᠬᠦ ᠪᠣᠯᠪᠠᠰᠤᠷᠠᠭᠤᠯᠤᠯ ᠤᠨ ᠬᠢᠴᠢᠶᠡᠯ ᠢ ᠰᠢᠨ᠎ᠡ ᠪᠠᠷ ᠨᠡᠮᠡᠭᠳᠡᠭᠦᠯᠵᠦ᠂ ᠪᠥᠬᠦ ᠵᠢᠯ ᠳᠤ ᠨᠥᠬᠦᠪᠥᠷᠢ ᠶᠢᠨ ᠳᠦᠷᠢᠮ ᠤᠨ ᠪᠣᠯᠪᠠᠰᠤᠷᠠᠭᠤᠯᠤᠯ ᠢ 116 ᠬᠤᠭᠤᠴᠠᠭ᠎ᠠ 3426 ᠬᠥᠮᠥᠨ ᠤᠳᠠᠭ᠎ᠠ ᠥᠷᠨᠢᠭᠦᠯᠵᠦ᠂ ᠡᠭᠦᠨ ᠳᠤ ᠵᠠᠬᠢᠶᠠᠯᠠᠭ᠎ᠠ ᠶᠢᠨ ᠮᠠᠶ᠋ᠢᠭ ᠤᠨ ᠪᠣᠯᠪᠠᠰᠤᠷᠠᠭᠤᠯᠤᠯ ᠢ 1 ᠬᠤᠭᠤᠴᠠᠭ᠎ᠠ 20 ᠬᠥᠮᠥᠨ ᠤᠳᠠᠭ᠎ᠠ ᠬᠢᠵᠦ᠂ ᠬᠥᠳᠡᠯᠮᠦᠷᠢᠴᠢᠳ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠤᠶᠠᠷ ᠪᠠᠯᠭᠠᠰᠤᠨ ᠤ ᠬᠥᠳᠡᠭᠡ ᠲᠣᠰᠬᠤᠨ ᠤ ᠰᠢᠯᠵᠢᠭᠰᠡᠨ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠣᠶᠢᠯᠠᠭᠠᠨ ᠵᠢᠭᠰᠠᠭᠠᠬᠤ ᠶᠢᠨ ᠬᠠᠮᠲᠤ ᠬᠠᠪᠰᠤᠷᠤᠨ ᠲᠡᠳᠬᠦᠬᠦ ᠡᠬᠡ ᠳᠠᠩᠰᠠ ᠪᠠᠶᠢᠭᠤᠯᠵᠤ᠂ 602 ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠭᠡᠷ ᠪᠦᠯᠢ ᠶᠢᠨ ᠦᠢᠯᠡᠴᠢᠯᠡᠭᠡ ᠵᠡᠷᠭᠡ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠭᠡᠵᠦ᠂ 2 ᠨᠡᠷᠡᠰ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠪᠠ ᠪᠠᠷᠠᠭ᠎ᠠ ᠠᠪᠴᠤ ᠭᠦᠵᠡᠯᠵᠡᠭᠡᠨ᠎ᠡ᠂ ᠲᠠᠷᠪᠤᠰ᠂ ᠯᠠᠵᠤᠤ ᠶᠢᠨ ᠵᠢᠶᠠᠩ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠳᠤ ᠬᠦᠴᠦᠨ ᠨᠡᠮᠡᠷᠢᠯᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠯᠢᠦ ᠾᠧ ᠳᠡᠷ᠎ᠡ ᠦᠢᠯᠡᠳᠬᠦ ᠮᠡᠷᠭᠡᠵᠢᠯ ᠤᠨ ᠠᠵᠢᠯ ᠤᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠸᠢ ᠯᠢᠶᠠᠩ᠂ ᠬᠤᠶᠠᠷ ᠪᠠᠯᠭᠠᠰᠤᠨ ᠤ 2000 ᠰᠢᠬᠠᠮ ᠡᠮᠡᠭᠲᠡᠶᠢᠴᠦᠳ ᠤᠨ ᠪᠣᠯᠪᠠᠰᠤᠷᠠᠯ ᠪᠠ ᠠᠵᠢᠯ ᠣᠯᠭᠤᠯᠲᠠ ᠶᠢ ᠳᠠᠶᠢᠴᠢᠯᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠪᠠ᠃      ᠠᠵᠤ ᠠᠬᠤᠶᠢᠯᠠᠯ ᠳᠤ ᠬᠦᠷᠴᠦ ᠰᠤᠷᠪᠤᠯᠵᠢᠯᠠᠬᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠦᠢᠯᠡᠴᠢᠯᠡᠭᠡ ᠪᠠᠷ ᠬᠥᠭᠵᠢᠯᠲᠡ ᠶᠢ ᠠᠬᠢᠭᠤᠯᠤᠨ᠎ᠠ      ᠨᠢᠭᠡ ᠳᠤ᠂ ᠪᠠᠶᠢᠴᠠᠭᠠᠨ ᠰᠤᠳᠤᠯᠬᠤ ᠴᠢᠭᠯᠡᠯ ᠨᠢ ᠰᠢᠭᠤᠳ ᠠᠵᠤ ᠠᠬᠤᠶᠢᠯᠠᠯ ᠳᠤ ᠬᠠᠨᠳᠤᠪᠠ᠃ ︽ᠠᠵᠤ ᠠᠬᠤᠶᠢᠯᠠᠯ ᠤᠨ ᠡᠭᠦᠳᠡᠨ ᠳᠤ ᠣᠷᠣᠵᠤ᠂ ᠣᠯᠠᠨ ᠲᠦᠮᠡᠨ ᠤ ᠬᠦᠰᠡᠯ ᠡᠷᠡᠮᠡᠯᠵᠡᠯ ᠢ ᠠᠰᠠᠭᠤᠵᠤ᠂ ᠣᠯᠠᠨ ᠲᠦᠮᠡᠨ ᠤ ᠵᠣᠪᠠᠨᠢᠯ ᠢ ᠠᠷᠢᠯᠭᠠᠬᠤ︾᠎ ᠪᠠᠷ ᠬᠠᠷᠠᠯᠲᠠ ᠪᠣᠯᠭᠠᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠡᠭᠦᠷᠭᠡ ᠬᠠᠷᠢᠭᠤᠴᠠᠯᠭ᠎ᠠ ᠵᠢᠴᠢ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ︽ᠬᠡᠷᠡᠭᠴᠡᠭᠡ ᠶᠢ ᠠᠷᠠᠳ ᠠᠴᠠ ᠠᠰᠠᠭᠤᠬᠤ︾ ᠭᠤᠤᠯ ᠰᠡᠳᠦᠪ᠂ ᠬᠦᠷᠢᠶ᠎ᠡ ᠴᠠᠷᠠᠭ᠎ᠠ ᠬᠤᠪᠢᠶᠠᠬᠤ ᠶᠢ ᠪᠠᠷᠢᠮᠲᠠᠯᠠᠵᠤ᠂ ᠯᠦ ᠸᠠᠩ ᠢᠮᠠᠭᠠᠨ ᠨᠣᠯᠤᠤᠷ ᠤᠨ ᠬᠠᠨᠲᠠᠭᠠᠰᠤ᠂ ᠪᠤᠭᠤᠲᠤ ᠶᠢᠨ ᠪᠸᠢ ᠴᠧᠨ ᠲᠡᠵᠢᠭᠡᠯ ᠪᠣᠷᠳᠣᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠪᠤᠭᠤᠲᠤ ᠶᠢᠨ ᠴᠤᠸᠠᠨ ᠵᠢᠶᠠ ᠬᠥᠮᠦᠵᠢᠯ ᠵᠡᠷᠭᠡ ᠠᠵᠤ ᠠᠬᠤᠶᠢᠯᠠᠯ ᠳᠤ ᠭᠦᠨᠵᠡᠭᠡᠶᠢᠷᠡᠨ᠂ ᠠᠵᠤ ᠠᠬᠤᠶᠢᠯᠠᠯ ᠳᠤ ᠢᠳᠡᠪᠬᠢᠲᠡᠶ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠪᠠ᠃ ᠡᠭᠦᠨ ᠤ ᠬᠠᠮᠲᠤ᠂ ᠠᠵᠤ ᠠᠬᠤᠶᠢᠯᠠᠯ ᠨᠡᠯᠢᠶᠡᠳ ᠠᠩᠬᠠᠷᠴᠤ ᠪᠠᠶᠢᠭ᠎ᠠ ᠠᠵᠤ ᠠᠬᠤᠶᠢᠯᠠᠯ ᠤᠨ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠠᠵᠢᠯ ᠣᠯᠭᠤᠯᠲᠠ ᠶᠢᠨ ᠨᠥᠬᠦᠪᠥᠷᠢ᠂ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠨᠥᠬᠦᠪᠥᠷᠢ ᠥᠭᠬᠦ᠂ ᠨᠢᠭᠡ ᠯᠡ ᠤᠳᠠᠭ᠎ᠠ ᠶᠢᠨ ᠴᠢᠨᠠᠷᠲᠠᠶ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠥᠷᠢ᠂ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠵᠡᠷᠭᠡ ᠲᠠᠯ᠎ᠠ ᠪᠠᠷ ᠨᠠᠷᠢᠨ ᠨᠢᠮᠪᠠᠶ ᠬᠠᠷᠢᠭᠤᠯᠲᠠ ᠥᠭᠴᠦ᠂ ᠠᠵᠢᠯ ᠣᠯᠭᠤᠯᠲᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠤᠤᠯᠳᠠᠯᠭ᠎ᠠ ᠲᠠᠢ ᠬᠦᠷᠢᠶᠡᠨ ᠳᠤ ᠪᠥᠬᠦ ᠲᠠᠯ᠎ᠠ ᠪᠠᠷ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ ᠣᠯᠠᠨ ᠲᠦᠮᠡᠨ ᠤ ᠬᠡᠷᠡᠭᠴᠡᠭᠡ᠂ ᠦᠨᠳᠦᠰᠦᠨ ᠱᠠᠲᠤᠨ ᠤ ᠬᠦᠰᠡᠭᠰᠡᠨ ᠠᠰᠠᠭᠤᠳᠠᠯ ᠢ ᠰᠢᠢᠳᠪᠦᠷᠢᠯᠡᠬᠦ ᠶᠢ ᠦᠨᠡᠨ ᠬᠦ ᠠᠬᠢᠭᠤᠯᠪᠠ᠃ ᠬᠤᠶᠠᠷ ᠲᠤ ᠰᠡᠳᠦᠪ ᠨᠢ ᠭᠤᠤᠯᠳᠠᠯᠭ᠎ᠠ ᠪᠠᠨ ᠨᠢᠭᠲᠠ ᠤᠶᠠᠯᠳᠤᠭᠤᠯᠬᠤ ᠬᠡᠷᠡᠭᠲᠡᠶ᠃ ᠪᠠᠶᠢᠴᠠᠭᠠᠨ ᠰᠤᠳᠤᠯᠬᠤ ᠪᠠ ᠰᠤᠷᠤᠯᠴᠠᠯᠭ᠎ᠠ ᠬᠥᠮᠦᠵᠢᠯ ᠤᠨ ᠳᠣᠲᠣᠭᠠᠳᠤ ᠬᠠᠷᠢᠯᠴᠠᠭ᠎ᠠ ᠶᠢ ᠣᠨᠣᠪᠴᠢᠲᠠᠢ ᠡᠵᠡᠮᠳᠡᠵᠦ᠂ ᠠᠵᠤ ᠠᠬᠤᠶᠢᠯᠠᠯ ᠳᠤ ᠰᠤᠷᠪᠤᠯᠵᠢᠯᠠᠬᠤ ᠳᠤᠮᠳᠠ᠂ ᠳ᠋ᠦᠩ ᠾᠧ ᠲᠣᠭᠤᠷᠢᠭ ᠤᠨ ᠴᠢᠳᠠᠪᠤᠷᠢᠲᠠᠨ ᠤ ᠲᠦᠷᠦ ᠶᠢᠨ ᠪᠤᠳᠤᠯᠭ᠎ᠠ ᠳᠤ ᠲᠠᠶᠢᠯᠤᠮᠵᠢ ᠬᠢᠵᠦ ᠤᠬᠠᠭᠤᠯᠬᠤ ᠪᠠᠷ ᠪᠠᠷᠠᠬᠤ ᠦᠭᠡᠢ ᠪᠠᠰᠠ ᠠᠵᠤ ᠠᠬᠤᠶᠢᠯᠠᠯ ᠤᠨ ᠴᠢᠳᠠᠪᠤᠷᠢᠲᠠᠨ ᠢ ᠤᠷᠢᠵᠤ ᠴᠢᠳᠠᠪᠤᠷᠢᠲᠠᠨ ᠢ ᠬᠡᠷᠡᠭᠯᠡᠬᠦ ᠪᠠᠶᠢᠳᠠᠯ ᠢ ᠪᠠᠶᠢᠴᠠᠭᠠᠨ ᠣᠶᠢᠯᠠᠭᠠᠬᠤ ᠠᠵᠢᠯ ᠢ ᠰᠠᠶᠢᠲᠤᠷ ᠬᠢᠵᠦ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠵᠤ ᠠᠬᠤᠶᠢᠯᠠᠯ ᠤᠨ ᠴᠢᠳᠠᠪᠤᠷᠢᠲᠠᠨ ᠤ ᠰᠢᠨ᠎ᠡ ᠲᠦᠷᠦ ᠶᠢᠨ ᠪᠤᠳᠤᠯᠭ᠎ᠠ ᠶᠢᠨ ᠠᠰᠢᠭ ᠢ ᠴᠠᠭ ᠲᠤᠬᠠᠢ ᠳᠤᠨᠢ ᠣᠶᠢᠯᠠᠭᠠᠵᠤ᠂ ᠴᠢᠳᠠᠪᠤᠷᠢᠲᠠᠨ ᠢ ᠲᠠᠲᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1