ᠨᠠᠮ ᠤᠨ ᠭᠡᠰᠢᠭᠦᠨ ᠴᠠᠰᠤ ᠠᠷᠢᠯᠭᠠᠬᠤ ᠶᠡᠷᠦᠩᠬᠡᠢ ᠲᠠᠶᠢᠴᠢᠯᠠᠯᠲᠠ ᠳᠤ ᠳᠠᠭᠠᠷᠢᠨ ᠣᠷᠣᠪᠠ
ᠨᠡᠶᠢᠲᠡᠯᠡᠭᠰᠡᠨ ᠴᠠᠭ᠄
2023/12/14
     2023 ᠣᠨ ᠤ 12 ᠰᠠᠷ᠎ᠠ ᠶᠢᠨ 11 ᠤ ᠡᠳᠦᠷ ᠤᠨ ᠥᠷᠯᠥᠭᠡ᠂ ᠨᠠᠨ ᠭᠧ ᠳ᠋ᠦᠩ ᠵᠡᠭᠡᠯᠢ ᠭᠤᠳᠤᠮᠵᠢ ᠶᠢᠨ ᠶᠢᠨ ᠯᠦᠩ ᠸᠠᠩ ᠮᠢᠶᠣᠣ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠳᠥᠭᠦᠮ ᠦᠵᠡᠭᠦᠯᠬᠦ᠂ ᠰᠠᠭᠠᠳ ᠦᠭᠡᠢ ᠨᠡᠪᠲᠡᠷᠡᠬᠦ᠂ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠲᠡᠷᠡ ᠳᠠᠷᠤᠢ ᠳᠤᠨᠢ ᠬᠥᠮᠦᠰ ᠤᠨ ᠬᠦᠴᠦᠨ ᠢ ᠵᠣᠬᠢᠶᠠᠨ ᠪᠠᠶᠢᠭᠤᠯᠵᠤ ᠠᠵᠤ ᠦᠢᠯᠡᠳᠪᠦᠷᠢ ᠶᠢᠨ ᠵᠠᠮ ᠤᠨ ᠮᠠᠰᠢᠨ ᠮᠧᠬᠠᠨᠢᠭ ᠤᠨ ᠶᠡᠷᠦᠩᠬᠡᠶᠢᠯᠡᠭᠰᠡᠨ ᠠᠰᠠᠷ᠂ ᠨᠢᠭᠡᠳᠦᠯᠲᠡᠢ ᠪᠠᠶᠢᠭᠤᠯᠬᠤ ᠪᠠ ᠨᠠᠢᠮᠠᠨ ᠠᠰᠠᠷ᠂ ᠨᠠᠨ ᠭᠧ ᠳ᠋ᠦᠩ ᠤᠨ 39 ᠳ᠋ᠦᠭᠡᠷ ᠠᠰᠠᠷ᠂ ᠨᠠᠨ ᠭᠧ ᠳ᠋ᠦᠩ ᠬᠤᠶᠠᠷ ᠲᠣᠭᠤᠷᠢᠭ ᠵᠡᠷᠭᠡ ᠪᠠᠭ᠎ᠠ ᠲᠣᠭᠤᠷᠢᠭ ᠲᠤ ᠪᠠᠭᠤᠵᠤ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷ᠂ ᠰᠦᠯᠵᠢᠶᠡᠨ ᠤ ᠠᠵᠢᠯᠲᠠᠨ᠂ ᠬᠠᠷᠢᠶ᠎ᠠ ᠣᠷᠣᠨ ᠤ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ ᠵᠢᠴᠢ ᠠᠳᠠᠯ ᠠᠬᠤᠢ ᠶᠢᠨ ᠠᠵᠢᠯᠲᠠᠳ ᠬᠠᠷᠢᠯᠴᠠᠨ ᠬᠠᠮᠵᠢᠯᠴᠠᠵᠤ᠂ ᠴᠠᠰᠤ ᠶᠢ ᠠᠷᠢᠯᠭᠠᠨ ᠮᠥᠰᠥ ᠶᠢ ᠠᠷᠢᠯᠭᠠᠬᠤ ᠠᠵᠢᠯ ᠢ ᠢᠳᠡᠪᠬᠢᠲᠡᠢ ᠥᠷᠨᠢᠭᠦᠯᠵᠦ᠂ ᠮᠥᠰᠥ ᠴᠠᠰᠤ ᠶᠢ ᠴᠡᠪᠡᠷᠯᠡᠬᠦ᠂ ᠰᠠᠭᠠᠳ ᠦᠭᠡᠢ ᠨᠡᠪᠲᠡᠷᠡᠬᠦ ᠶᠢ ᠪᠠᠲᠤᠯᠠᠬᠤ᠂ ᠬᠥᠮᠦᠰ ᠤᠨ ᠰᠡᠳᠬᠢᠯ ᠢ ᠳᠤᠯᠠᠭᠠᠴᠠᠭᠤᠯᠬᠤ ᠬᠠᠯᠠᠭᠤᠨ ᠥᠷᠨᠢᠯᠲᠡ ᠬᠠᠷᠢᠶ᠎ᠠ ᠣᠷᠣᠨ ᠳᠤ ᠭᠠᠷᠴᠤ ᠪᠠᠶᠢᠯ᠎ᠠ᠃
     ᠮᠥᠰᠥ ᠪᠣᠯᠤᠨ ᠴᠠᠰᠤᠨ ᠤ ᠡᠮᠦᠨ᠎ᠡ᠂ ᠠᠵᠢᠯᠯᠠᠭ᠎ᠠ ᠪᠣᠯ ᠴᠠᠰᠤ ᠬᠠᠶᠢᠯᠠᠭᠤᠯᠬᠤ ᠬᠠᠮᠤᠭ ᠤᠨ ᠰᠠᠶᠢᠨ ᠡᠳ᠋ ᠪᠣᠯᠤᠨ᠎ᠠ᠃ ᠴᠠᠰᠤ ᠠᠷᠢᠯᠭᠠᠬᠤ ᠶᠠᠪᠤᠴᠠ ᠳᠤ᠂ ᠨᠡᠶᠢᠭᠡᠮ ᠲᠣᠭᠤᠷᠢᠭ ᠤᠨ ᠱᠦᠵᠢ ᠰᠦᠯᠵᠢᠶᠡᠨ ᠤ ᠠᠵᠢᠯᠲᠠᠨ ᠪᠣᠯᠤᠨ ᠨᠠᠮ ᠤᠨ ᠭᠡᠰᠢᠭᠦᠨ ᠰᠠᠶᠢᠨ ᠳᠤᠷ᠎ᠠ ᠶᠢᠨ ᠦᠢᠯᠡᠴᠢᠯᠡᠭᠴᠢᠳ ᠢ ᠳᠠᠭᠠᠭᠤᠯᠤᠨ ᠲᠡᠮᠦᠷ ᠬᠦᠷᠵᠡ᠂ ᠬᠤᠰᠤᠭᠤᠷ ᠵᠡᠷᠭᠡ ᠪᠠᠭᠠᠵᠢ ᠪᠠᠷ ᠰᠠᠭᠤᠭᠠᠯᠢ ᠠᠷᠠᠳ ᠤᠨ ᠠᠰᠠᠷ ᠤᠨ ᠡᠮᠦᠨᠡᠬᠢ ᠭᠠᠳᠠᠭᠰᠢ ᠭᠠᠷᠬᠤ ᠵᠠᠮ ᠤᠨ ᠬᠤᠷᠠᠭᠰᠠᠨ ᠴᠠᠰᠤ ᠶᠢ ᠠᠷᠢᠯᠭᠠᠵᠤ᠂ ᠣᠯᠠᠨ ᠢᠶᠠᠷ ᠢᠶᠠᠨ ᠬᠠᠬᠢᠷ ᠬᠦᠢᠳᠡᠨ ᠠᠴᠠ ᠠᠶᠤᠬᠤ ᠥᠬᠡᠶ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠠᠮᠤᠷ ᠲᠦᠪᠰᠢᠨ ᠤ ᠨᠡᠪᠲᠡᠷᠡᠬᠦ ᠵᠠᠮ ᠢ ᠨᠡᠭᠡᠭᠡᠵᠦ ᠥᠭᠪᠡ᠃
     ᠡᠨᠡ ᠤᠳᠠᠭᠠᠨ ᠤ ᠴᠠᠰᠤ ᠮᠥᠰᠥ ᠶᠢ ᠠᠷᠢᠯᠭᠠᠬᠤ ᠠᠵᠢᠯᠯᠠᠭ᠎ᠠ ᠪᠠᠷ ᠳᠠᠮᠵᠢᠨ᠂ ᠨᠠᠨ ᠭᠧ ᠳ᠋ᠦᠩ ᠵᠡᠭᠡᠯᠢ ᠭᠤᠳᠤᠮᠵᠢ ᠶᠢᠨ ᠶᠢᠨ ᠯᠦᠩ ᠸᠠᠩ ᠮᠢᠶᠣᠣ ᠨᠡᠶᠢᠭᠡᠮ ᠲᠣᠭᠤᠷᠢᠭ ᠤᠨ ᠬᠢᠨ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠵᠤ ᠬᠠᠮᠲᠤᠪᠠᠷ ᠪᠠᠶᠢᠭᠤᠯᠬᠤ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠲᠤ ᠨᠠᠷᠢᠯᠢᠭᠵᠢᠭᠤᠯᠤᠭᠰᠠᠨ ᠠᠷᠠᠳ ᠲᠤ ᠳᠥᠭᠦᠮ ᠦᠵᠡᠭᠦᠯᠬᠦ ᠦᠶ᠋ᠯᠡᠴᠢᠯᠡᠭᠡ ᠬᠠᠩᠭᠠᠵᠤ᠂ ᠨᠡᠶᠢᠭᠡᠮ ᠲᠣᠭᠤᠷᠢᠭ᠂ ᠠᠳᠠᠯ ᠠᠬᠤᠶ ᠶᠢᠨ ᠠᠵᠢᠯᠲᠠᠨ ᠵᠢᠴᠢ ᠨᠠᠮ ᠤᠨ ᠭᠡᠰᠢᠭᠦᠨ ᠰᠠᠶᠢᠨ ᠳᠤᠷ᠎ᠠ ᠶᠢᠨ ᠦᠢᠯᠡᠴᠢᠯᠡᠭᠴᠢᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠶ᠋ᠯᠡᠴᠢᠯᠡᠬᠦ ᠤᠭ ᠰᠠᠨᠠᠭ᠎ᠠ ᠶᠢ ᠢᠯᠡᠷᠡᠭᠦᠯᠵᠦ᠂ ᠡᠯ᠎ᠡ ᠸᠢᠴᠠᠲ ᠤᠨ ᠬᠤᠯᠪᠣᠭᠠᠨ ᠤ ᠰᠦᠯᠵᠢᠶ᠎ᠡ ᠶᠢᠨ ᠰᠦᠷᠦᠭᠵᠢᠯ ᠳᠤ ᠰᠠᠭᠤᠭᠠᠯᠢ ᠠᠷᠠᠳ ᠣᠯᠠᠨ ᠤ ᠰᠠᠶᠢᠨ ᠦᠨᠡᠯᠡᠯᠲᠡ ᠶᠢ ᠣᠯᠵᠤ᠂ ᠬᠠᠬᠢᠷ ᠬᠦᠢᠲᠡᠨ ᠠᠭᠤᠷ ᠠᠮᠢᠰᠬᠤᠯ ᠳᠤ ᠬᠠᠯᠠᠭᠤᠨ ᠳᠤᠯᠠᠭᠠᠨ ᠠᠭᠤᠷ ᠠᠮᠢᠰᠬᠤᠯ ᠢ ᠨᠡᠮᠡᠷᠢᠯᠡᠭᠰᠡᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠨᠠᠨ ᠭᠧ ᠳ᠋ᠦᠩ ᠵᠡᠭᠡᠯᠢ ᠭᠤᠳᠤᠮᠵᠢ ᠶᠢᠨ ᠶᠢᠨ ᠯᠦᠩ ᠸᠠᠩ ᠮᠢᠶᠣᠣ ᠨᠡᠶᠢᠭᠡᠮ ᠲᠣᠭᠤᠷᠢᠭ ᠤᠨ ᠬᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠰᠠᠶᠢᠨ ᠳᠤᠷ᠎ᠠ ᠶᠢᠨ ᠠᠵᠢᠯᠯᠠᠭᠴᠢ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠠᠳᠠᠯ ᠠᠬᠤᠢ ᠶᠢᠨ ᠺᠣᠮᠫᠠᠨᠢ ᠵᠡᠷᠭᠡ ᠬᠠᠮᠲᠤᠪᠠᠷ ᠪᠠᠶᠢᠭᠤᠯᠬᠤ ᠨᠢᠭᠡᠴᠡ ᠲᠠᠢ ᠨᠢᠭᠲᠠ ᠤᠶᠠᠯᠳᠤᠭᠤᠯᠵᠤ᠂ ᠬᠠᠷᠢᠶ᠎ᠠ ᠣᠷᠣᠨ ᠤ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠠᠵᠢᠯ ᠤᠨ ᠥᠷᠨᠢᠯᠲᠡ ᠶᠢ ᠠᠬᠢᠭᠤᠯᠵᠤ᠂ ᠤᠯᠠᠨ ᠲᠦᠮᠡᠨ ᠬᠥᠬᠡᠬᠤᠲᠠ ᠲᠠᠢ᠂ ᠪᠢᠳᠡ ᠬᠠᠷᠢᠭᠤ ᠲᠤᠰᠬᠠᠯ ᠲᠠᠢ ᠪᠠᠶᠢᠬᠤ ᠶᠢ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠪᠣᠳᠠᠲᠠᠢ ᠶᠠᠪᠤᠳᠠᠯ ᠬᠢᠵᠦ᠂ ᠠᠷᠠᠳ ᠤᠨ ᠵᠣᠪᠠᠨᠢᠯ ᠢ ᠰᠢᠢᠳᠪᠦᠷᠢᠯᠡᠬᠦ︾ ᠦᠢᠯᠡᠴᠢᠯᠡᠭᠡᠨ ᠤ ᠵᠣᠷᠢᠯᠲᠠ ᠶᠢ ᠦᠢᠯᠡᠳᠦᠯᠭᠡᠵᠢᠭᠦᠯᠦᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠨ ᠭᠧ ᠳ᠋ᠦᠩ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1