ᠳ᠋ᠦᠩ ᠰᠢᠩ ᠵᠡᠭᠡᠯᠢ ᠭᠤᠳᠤᠮᠵᠢ ᠶᠢᠨ ᠲᠠᠯ᠎ᠠ ᠨᠤᠲᠤᠭ ᠤᠨ ᠬᠦᠩᠹᠧᠩ ᠨᠡᠶᠢᠭᠡᠮ ᠲᠣᠭᠤᠷᠢᠭ ᠪᠤᠭᠤᠲᠤ ᠬᠤᠳᠠ ᠶᠢᠨ ᠲᠦᠷ ᠬᠤᠷᠢᠬᠤ ᠭᠠᠵᠠᠷ ᠲᠠᠢ ᠬᠠᠮᠲᠤᠷᠠᠨ ᠨᠠᠮ ᠤᠨ ᠪᠠᠶᠢᠭᠤᠯᠤᠯᠲᠠ ᠶᠢ ᠬᠠᠮᠲᠤᠪᠠᠷ ᠪᠠᠶᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/14
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠳᠡᠭᠡᠭᠰᠢᠯᠡᠭᠦᠯᠵᠦ᠂ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠷᠣᠨ ᠪᠦᠰᠡᠴᠢᠯᠡᠭᠰᠡᠨ ᠨᠠᠮ ᠤᠨ ᠪᠠᠶᠢᠭᠤᠯᠤᠯᠲᠠ ᠶᠢ ᠬᠠᠮᠲᠤᠪᠠᠷ ᠪᠠᠶᠢᠭᠤᠯᠬᠤ ᠠᠵᠢᠯ ᠢ ᠴᠢᠩᠭᠠᠳᠬᠠᠨ᠎ᠠ᠃ ᠣᠶᠢᠷ᠎ᠠ ᠳᠤ᠂ ᠳ᠋ᠦᠩ ᠰᠢᠩ ᠵᠡᠭᠡᠯᠢ ᠭᠤᠳᠤᠮᠵᠢ ᠶᠢᠨ ᠲᠠᠯ᠎ᠠ ᠨᠤᠲᠤᠭ ᠤᠨ ᠴᠢᠩ ᠹᠧᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠪᠤᠭᠤᠲᠤ ᠬᠤᠲᠠ ᠶᠢᠨ ᠲᠦᠷ ᠬᠤᠷᠢᠬᠤ ᠭᠠᠵᠠᠷ ᠤᠨ ᠨᠠᠮ ᠤᠨ ᠡᠭᠦᠷ ᠲᠠᠢ ᠬᠠᠮᠲᠤᠷᠠᠨ ᠨᠠᠮ ᠤᠨ ᠪᠠᠶᠢᠭᠤᠯᠤᠯᠲᠠ ᠶᠢ ᠬᠠᠮᠲᠤᠪᠠᠷ ᠪᠠᠶᠢᠭᠤᠯᠬᠤ ᠠᠵᠢᠯᠯᠠᠭ᠎ᠠ ᠥᠷᠨᠢᠭᠦᠯᠵᠦ᠂ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠠᠮ ᠤᠨ ᠭᠡᠰᠢᠭᠦᠨ ᠤ ᠲᠥᠯᠥᠭᠡᠯᠡᠭᠴᠢ 20 ᠬᠥᠮᠦᠨ ᠠᠵᠢᠯᠯᠠᠭ᠎ᠠ ᠳᠤ ᠣᠷᠣᠯᠴᠠᠪᠠ᠃      ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠣᠰ ᠲᠣᠰ ᠤᠨ ᠨᠢᠭᠡᠴᠡ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢᠶᠠᠨ ᠲᠣᠰ ᠲᠣᠰ ᠲᠠᠨᠢᠯᠴᠠᠭᠤᠯᠵᠤ᠂ ᠬᠠᠷᠢᠯᠴᠠᠨ ᠭᠦᠨᠵᠡᠭᠡᠶ ᠰᠣᠯᠢᠯᠴᠠᠭ᠎ᠠ ᠬᠢᠵᠦ᠂ ᠲᠠᠯ᠎ᠠ ᠨᠤᠲᠤᠭ ᠤᠨ ᠵᠣᠣ ᠹᠧᠩ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠬᠤᠸᠠᠨ ᠯᠢ ᠨᠡᠶᠢᠭᠡᠮ ᠲᠣᠭᠤᠷᠢᠭ ᠤᠨ ︽ᠳᠤᠰᠤᠯ ᠤᠰᠤ ᠰᠡᠳᠬᠢᠯ ᠵᠢᠷᠦᠬᠡ ᠪᠠᠨ ᠤᠮᠳᠠᠯᠠᠬᠤ︾ ᠤᠨᠴᠠᠯᠢᠬᠳᠤ ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭ ᠤᠨ ᠠᠵᠢᠯ ᠢ ᠭᠤᠤᠯᠳᠠᠯᠭ᠎ᠠ ᠲᠠᠢ ᠲᠠᠨᠢᠯᠴᠠᠭᠤᠯᠵᠤ᠂ ᠪᠤᠭᠤᠲᠤ ᠬᠤᠲᠠ ᠶᠢᠨ ᠨᠠᠮ ᠤᠨ ᠡᠭᠦᠷ ᠤᠨ ᠨᠠᠮ ᠤᠨ ᠭᠡᠰᠢᠭᠦᠨ ᠨᠥᠬᠦᠳ ᠲᠤ ᠭᠦᠨ ᠰᠠᠭᠤᠭᠳᠠᠯ ᠦᠯᠡᠳᠡᠭᠡᠪᠡ᠃
     ᠲᠠᠷᠠᠭᠠᠴᠢ ᠶᠢᠨ ᠠᠯᠬᠤᠮ ᠳᠤ᠂ ᠨᠠᠮ ᠤᠨ ᠵᠣᠬᠢᠶᠠᠨ ᠪᠠᠶᠢᠭᠤᠯᠤᠯᠲᠠ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠲᠣᠰ ᠲᠣᠰ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠰ ᠪᠡᠶ᠎ᠡ ᠶᠢᠨ ᠳᠠᠪᠠᠭᠤᠯᠢᠭ ᠢᠶᠠᠨ ᠠᠰᠢᠭᠯᠠᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠠᠷᠢᠯᠴᠠᠨ ᠠᠬᠢᠭᠤᠯᠵᠤ᠂ ᠵᠠᠪᠠᠯ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠬᠤᠭᠤᠷᠣᠨᠳᠣᠬᠢ ᠬᠠᠮᠲᠤᠷᠠᠯᠴᠠᠭᠠᠨ ᠤ ᠬᠠᠷᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢ ᠣᠷᠭᠠᠨᠢᠭ ᠢᠶᠠᠷ ᠠᠭᠤᠰᠤᠯᠴᠠᠭᠤᠯᠬᠤ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠬᠢᠭᠡᠳ ᠨᠢᠭᠡᠴᠡ ᠶᠢᠨ ᠬᠥᠭᠵᠢᠯᠲᠡ ᠶᠢᠨ ᠰᠠᠶᠢᠨ ᠦᠢᠯᠡᠳᠦᠯᠴᠡᠯ ᠢ ᠪᠡᠶᠡᠯᠡᠭᠦᠯᠵᠦ᠂ ︽ᠬᠥᠭᠵᠢᠯᠲᠡ ᠶᠢ ᠠᠬᠢᠭᠤᠯᠬᠤ᠂ ᠣᠯᠠᠨ ᠲᠦᠮᠡᠨ ᠳᠤ ᠦᠢᠯᠡᠴᠢᠯᠡᠬᠦ᠂ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠡᠶ᠎ᠡ ᠵᠣᠬᠢᠴᠠᠯ ᠢ ᠠᠬᠢᠭᠤᠯᠬᠤ︾ ᠬᠠᠷᠠᠯᠲᠠ ᠱᠠᠭᠠᠷᠳᠠᠯᠭ᠎ᠠ ᠳᠤ ᠬᠦᠷᠦᠭᠦᠯᠦᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠳ᠋ᠦᠩ ᠰᠢᠩ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1