︽ᠵᠣᠯ ᠵᠢᠷᠭᠠᠯᠲᠤ ᠴᠡᠴᠡᠭ︾ ᠬᠡᠮᠡᠬᠦ ᠪᠦᠲᠦᠭᠡᠯᠴᠢ ᠭᠠᠷ ᠤᠷᠠᠯᠠᠯ ᠢ ᠵᠣᠬᠢᠶᠠᠨ ᠪᠠᠶᠢᠭᠤᠯᠬᠤ ᠠᠵᠢᠯᠯᠠᠭ᠎ᠠ | ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ | ᠪᠣᠯᠪᠠᠰᠤᠨ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠳᠡᠯᠭᠡᠷ | ᠰᠠᠭᠤᠭᠠᠯᠢ ᠠᠷᠠᠳ ᠤᠨ ᠠᠵᠢᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 12 ᠰᠠᠷ᠎ᠠ ᠶᠢᠨ | 11 ᠤ ᠡᠳᠦᠷ ᠤᠨ ᠦᠳᠡ ᠶᠢᠨ ᠬᠤᠶᠢᠨ᠎ᠠ᠂ ᠬᠤᠲᠣᠩ ᠠᠷᠠᠳ ᠤᠨ ᠵᠡᠭᠡᠯᠢ ᠭᠤᠳᠤᠮᠵᠢ ᠶᠢᠨ ᠰᠠᠨ ᠭᠤᠸᠠᠨ ᠮᠢᠶᠣᠣ | ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠬᠥᠬᠡ ᠲᠣᠷᠭᠠᠨ | ᠪᠦᠰᠡ ᠶᠢᠨ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠲᠠᠢ ᠬᠠᠮᠲᠤᠷᠠᠨ ︽ᠵᠣᠯ ᠵᠢᠷᠭᠠᠯᠲᠤ ᠴᠡᠴᠡᠭ︾ | ᠪᠦᠲᠦᠭᠡᠯᠴᠢ ᠭᠠᠷ ᠤᠷᠠᠯᠠᠯ ᠰᠦᠯᠵᠢᠬᠦ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠥᠬᠡ ᠲᠣᠷᠭᠠᠨ ᠪᠦᠰᠡ ᠶᠢᠨ ᠨᠡᠶᠢᠲᠡ ᠶᠢᠨ ᠠᠰᠠᠷᠠᠮᠵᠢ ᠶᠢᠨ | ᠵᠣᠬᠢᠶᠠᠨ ᠪᠠᠶᠢᠭᠤᠯᠤᠯᠲᠠ ᠶᠢᠨ ᠶᠠᠩ ᠴᠦᠨ ᠰᠢᠶᠠ ᠪᠠᠭᠰᠢ ᠰᠠᠷᠭᠠᠶ ᠴᠡᠴᠡᠭ ᠦᠶ᠋ᠯᠡᠳᠬᠦ ᠶᠠᠪᠤᠴᠠ ᠪᠠ ᠠᠩᠬᠠᠷᠬᠤ | ᠵᠦᠶ᠋ᠯᠡᠰ ᠢ ᠨᠠᠷᠢᠨ ᠲᠠᠶᠢᠯᠪᠤᠷᠢᠯᠠᠭᠰᠠᠨ ᠤ ᠳᠠᠷᠠᠭ᠎ᠠ᠂ ᠨᠡᠶᠢᠭᠡᠮ ᠲᠣᠭᠤᠷᠢᠭ ᠤᠨ ᠠᠵᠢᠯᠲᠠᠳ ᠣᠯᠠᠨ ᠳᠤ ᠦᠶ᠋ᠯᠡᠳᠬᠦ | ᠮᠠᠲ᠋ᠧᠷᠢᠶᠠᠯ ᠲᠠᠷᠬᠠᠭᠠᠵᠤ᠂ ᠣᠯᠠᠨ ᠢᠶᠠᠷ ᠢᠶᠠᠨ ᠶᠠᠩ ᠪᠠᠭᠰᠢ ᠶᠢᠨ ᠵᠢᠯᠣᠭᠤᠳᠣᠯᠭ᠎ᠠ ᠳᠣᠤᠷ᠎ᠠ ᠭᠠᠷ ᠤᠷᠠᠯᠠᠯ ᠤᠨ | ᠰᠠᠷᠭᠠᠶ ᠴᠡᠴᠡᠭ ᠦᠶ᠋ᠯᠡᠳᠪᠡ᠃ ᠡᠰᠬᠡᠬᠦ᠂ ᠨᠤᠭᠤᠯᠬᠤ᠂ ᠴᠠᠪᠠᠤ ᠴᠣᠬᠢᠬᠤ᠂ ᠨᠠᠭᠠᠬᠤ᠂ ᠤᠶᠠᠵᠤ ᠣᠷᠢᠶᠠᠬᠤ ᠁ | ᠳᠡᠮᠡᠢ ᠤᠳᠠᠯ ᠦᠭᠡᠢ ᠡᠯᠳᠡᠪ ᠶᠠᠩᠵᠤ ᠶᠢᠨ ᠥᠩᠭᠡᠲᠦ ᠲᠣᠷᠭᠠᠨ ᠪᠦᠴᠡ ᠣᠯᠠᠨ ᠤ ᠤᠷᠠᠨ ᠭᠠᠷ ᠤᠨ ᠳᠣᠣᠷ᠎ᠠ ᠨᠢᠭᠡᠨ | ᠭᠤᠶᠣ ᠰᠠᠢᠬᠠᠨ ᠰᠠᠷᠭᠠᠢ ᠴᠡᠴᠡᠭ ᠪᠣᠯᠣᠨ ᠬᠤᠪᠢᠷᠠᠪᠠ᠃ ᠥᠪᠡᠷ ᠤᠨ ᠭᠠᠷ ᠢᠶᠠᠷ ᠢᠶᠠᠨ ᠬᠢᠭᠰᠡᠨ ᠰᠠᠷᠭᠠᠢ ᠶᠢᠨ | ᠴᠡᠴᠡᠭ ᠢ ᠬᠠᠷᠠᠭᠠᠳ ᠣᠯᠠᠨ ᠢᠶᠠᠷ ᠢᠶᠠᠨ ᠠᠮᠵᠢᠯᠲᠠ ᠪᠦᠲᠦᠮᠵᠢ ᠳᠦᠭᠦᠷᠡᠩ ᠪᠠᠶᠢᠯ᠎ᠠ᠃ ᠨᠢᠭᠡᠨ ᠪᠣᠳᠢ ᠥᠩᠭᠡ | ᠢᠯᠭᠠᠷ ᠠᠨ᠂ ᠠᠮᠢᠳᠤ ᠳᠦᠷᠰᠦᠯᠢᠭ ᠭᠠᠷ ᠤᠷᠠᠯᠠᠯ ᠤᠨ ᠨᠢᠳᠦᠨ ᠡᠮᠦᠨ᠎ᠡ ᠢᠯᠡᠷᠡᠵᠦ᠂ ᠬᠥᠳᠡᠯᠭᠡᠭᠡᠨ ᠳᠤ ᠥᠩᠭᠡ | ᠨᠡᠮᠡᠵᠡᠢ᠃ | ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 30 ᠭᠠᠷᠤᠶ ᠨᠠᠮ ᠤᠨ ᠭᠡᠰᠢᠭᠦᠨ ᠣᠯᠠᠨ ᠲᠦᠮᠡᠨ ᠣᠷᠣᠯᠴᠠᠵᠤ᠂ | ᠭᠠᠷ ᠤᠷᠠᠯᠠᠯ ᠤᠨ ᠦᠢᠯᠡᠳᠦᠯᠭᠡ ᠶᠢᠨ ᠠᠵᠢᠯᠯᠠᠭ᠎ᠠ ᠳᠤ ᠰᠠᠭᠤᠭᠠᠯᠢ ᠠᠷᠠᠳ ᠤᠨ ᠭᠠᠷ ᠬᠥᠳᠡᠯᠬᠦ ᠴᠢᠳᠠᠪᠤᠷᠢ ᠶᠢ | ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠰᠠᠭᠤᠭᠠᠯᠢ ᠠᠷᠠᠳ ᠤᠨ ᠬᠠᠷᠢᠯᠴᠠᠨ ᠰᠤᠷᠤᠯᠴᠠᠵᠤ ᠰᠤᠷᠤᠯᠴᠠᠬᠤ | ᠲᠠᠪᠴᠠᠩ ᠬᠠᠩᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ | ᠠᠬᠢᠭᠤᠯᠤᠨ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠲᠠᠢ ᠲᠣᠭᠲᠠᠭᠤᠨ ᠬᠥᠭᠵᠢᠯᠲᠡ ᠳᠤ ᠰᠠᠶᠢᠨ ᠰᠠᠶᠢᠬᠠᠨ | ᠦᠢᠯᠡᠳᠦᠯ ᠦᠵᠡᠭᠦᠯᠵᠦ᠂ ᠥᠲᠡᠯᠪᠡᠯ ᠬᠢᠬᠦ ᠠᠵᠢᠯ ᠲᠠᠢ᠂ ᠥᠲᠡᠯᠪᠡᠯ ᠪᠠᠶᠠᠷ ᠬᠥᠷ ᠲᠠᠢ ᠨᠡᠶᠢᠭᠡᠮ ᠲᠣᠭᠤᠷᠢᠭ ᠤᠨ | ᠠᠭᠤᠷ ᠠᠮᠢᠰᠬᠤᠯ ᠢ ᠪᠣᠶ ᠪᠣᠯᠭᠠᠪᠠ᠃ | | |