12 ᠰᠠᠷ᠎ᠠ ᠶᠢᠨ 12 ᠤᠨ ᠡᠳᠦᠷ᠂ ᠳ᠋ᠦᠩ ᠾᠧ ᠲᠣᠭᠤᠷᠢᠭ ᠤᠨ ᠬᠢᠨ ︽ᠬᠡᠪ ᠵᠠᠩᠰᠢᠯ ᠢ ᠥᠭᠡᠷᠡᠴᠢᠯᠡᠵᠦ | ᠰᠢᠨ᠎ᠡ ᠰᠤᠷᠲᠠᠯ ᠢ ᠰᠠᠨᠠᠭᠠᠴᠢᠯᠠᠵᠤ ᠴᠠᠭ ᠦᠶ᠎ᠡ ᠶᠢᠨ ᠰᠢᠨ᠎ᠡ ᠪᠣᠯᠪᠠᠰᠤᠨ ᠢ ᠬᠠᠮᠲᠤ ᠪᠠᠷ ᠴᠣᠭᠴᠠᠯᠠᠶ᠎ᠠ︾ ᠭᠡᠬᠦ | ᠬᠠᠮᠲᠤ ᠪᠠᠷ ᠦᠨᠡᠮᠯᠡᠯ ᠣᠯᠭᠤᠬᠤ ᠶᠣᠰᠣᠯᠠᠯ ᠶᠠᠪᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ | ᠬᠡᠯᠲᠡᠰ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠲᠣᠭᠤᠷᠢᠭ ᠤᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ | ᠵᠢᠭᠤᠯᠴᠢᠯᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ᠂ ᠾᠧ ᠳ᠋ᠦᠩ ᠵᠡᠭᠡᠯᠢ ᠭᠤᠳᠤᠮᠵᠢ᠂ ᠪᠤᠭᠤᠲᠤ ᠬᠤᠲᠠ ᠶᠢᠨ ᠨᠡᠶᠢᠲᠡ ᠶᠢᠨ | ᠵᠠᠮ ᠬᠠᠷᠢᠯᠴᠠᠭᠠᠨ ᠤ ᠬᠤᠶᠠᠳᠤᠭᠠᠷ ᠺᠣᠮᠫᠠᠨᠢ᠂ ᠲᠣᠭᠤᠷᠢᠭ ᠤᠨ ᠣᠷᠤᠭ ᠳᠠᠩᠰᠠᠯᠠᠬᠤ ᠭᠠᠵᠠᠷ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠪᠠ᠃ | | | | | ᠬᠠᠮᠲᠤ ᠪᠠᠷ ᠦᠨᠡᠮᠯᠡᠯ ᠣᠯᠭᠤᠬᠤ ᠶᠣᠰᠣᠯᠠᠯ ᠨᠢ ᠷᠣᠮᠠᠨᠲ᠋ᠢᠭ ᠪᠥᠭᠡᠳ ᠲᠥᠪ ᠶᠡᠬᠡᠮᠰᠦᠭ ᠪᠠᠶᠢᠵᠤ᠂ 8 ᠬᠤᠣᠰ | ᠰᠢᠨ᠎ᠡ ᠬᠥᠮᠦᠨ ᠤᠷᠢᠳ ᠢᠶᠠᠷ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠬᠤᠷᠢᠮ ᠤᠨ ᠬᠤᠪᠴᠠᠰᠤ ᠵᠠᠰᠠᠯ ᠤᠨ | ᠳᠡᠯᠭᠡᠭᠦᠷ ᠲᠤ ᠬᠦᠷᠴᠦ ︽ᠬᠠᠶᠢᠷ᠎ᠠ ᠶᠢᠨ ᠶᠣᠰᠣ︾ ᠭᠡᠬᠦ ᠲᠠᠶᠢᠯᠤᠮᠵᠢ ᠶᠢ ᠰᠣᠨᠣᠰᠴᠤ᠂ ᠳᠠᠷᠠᠭ᠎ᠠ ᠨᠢ ᠳ᠋ᠦᠩ ᠾᠧ | ᠲᠣᠭᠤᠷᠢᠭ ᠤᠨ ᠬᠤᠲᠠ ᠶᠢᠨ ᠠᠷᠠᠳ ᠤᠨ ᠶᠡᠭᠡ ᠲᠢᠩᠬᠢᠮ ᠳᠤ ᠬᠦᠷᠴᠦ ᠳᠠᠩᠰᠠᠯᠠᠭᠤᠯᠤᠨ ᠬᠤᠷᠢᠮᠯᠠᠭᠤᠯᠵᠤ᠂ | ᠣᠯᠠᠨ ᠤ ᠭᠡᠷᠡᠴᠢᠯᠡᠯ ᠪᠠ ᠢᠷᠦᠭᠡᠯ ᠢᠶᠠᠷ ᠤᠷᠤᠭ ᠤᠨ ᠣᠷᠳᠣᠨ ᠳᠤ ᠠᠯᠬᠤᠨ ᠣᠷᠣᠪᠠ᠃ ᠲᠤᠬᠠᠶ ᠶᠢᠨ ᠲᠠᠯᠠᠪᠠᠢ ᠳᠤ᠂ | ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠡᠳᠡᠨ ᠳᠤ ᠤᠷᠤᠭ ᠤᠨ ᠦᠨᠡᠮᠯᠡᠯ ᠣᠯᠭᠤᠭᠰᠠᠨ ᠪᠥᠭᠡᠳ ︽ | ᠬᠠᠶᠢᠷ᠎ᠠ ᠶᠢᠨ ᠪᠡᠯᠡᠭ︾ ᠬᠦᠷᠭᠡᠵᠦ᠂ ᠲᠡᠳᠡᠨ ᠤ ᠳᠥᠭᠦᠮ ᠳᠥᠲᠡ᠂ ᠪᠣᠯᠪᠠᠰᠤᠨ᠂ ᠡᠷᠡᠭᠦᠯ ᠰᠠᠷᠠᠭᠤᠯ ᠬᠤᠷᠢᠮ ᠤᠨ | ᠬᠡᠯᠪᠡᠷᠢ ᠶᠢ ᠰᠣᠩᠭᠤᠵᠤ᠂ ᠪᠣᠯᠪᠠᠰᠤᠨ ᠰᠢᠨ᠎ᠡ ᠬᠤᠷᠢᠮ ᠤᠨ ᠵᠠᠩ ᠦᠢᠯᠡ ᠶᠢᠨ ᠰᠠᠨᠠᠭᠠᠴᠢᠯᠠᠭᠴᠢ᠂ | ᠦᠢᠯᠡᠳᠦᠯᠭᠡᠵᠢᠭᠦᠯᠦᠭᠴᠢ ᠪᠠ ᠠᠬᠢᠭᠤᠯᠤᠭᠴᠢ ᠪᠣᠯᠣᠭᠰᠠᠨ ᠳᠤ ᠲᠠᠯᠠᠷᠬᠠᠵᠤ ᠪᠠᠶᠢᠨ᠎ᠠ᠃ ᠡᠨᠡᠬᠦ ᠬᠠᠯᠠᠭᠤᠨ ᠳᠣᠲᠣᠨᠣ | ᠷᠣᠮᠠᠨᠲ᠋ᠢᠭ ᠬᠥᠮᠦᠨ ᠤ ᠠᠮᠢᠳᠤᠷᠠᠯ ᠤᠨ ᠴᠠᠭ ᠮᠥᠴᠡ ᠳᠤ᠂ 8 ᠬᠤᠣᠰ ᠱᠢᠨ᠎ᠡ ᠬᠥᠮᠦᠨ ᠭᠠᠷ ᠤᠨ ᠦᠰᠦᠭ ᠵᠢᠷᠤᠬᠤ | ᠬᠡᠷᠡᠮ ᠳᠡᠭᠡᠷ᠎ᠡ ᠥᠪᠡᠷ ᠤᠨ ᠨᠡᠷ᠎ᠡ ᠳᠡᠭᠡᠨ ᠭᠠᠷ ᠤᠨ ᠦᠰᠦᠭ ᠵᠢᠷᠤᠵᠤ᠂ ᠬᠠᠢᠷ᠎ᠠ ᠦᠯᠡᠳᠡᠭᠡᠵᠦ ᠦᠯᠡᠳᠡᠭᠡᠭᠰᠡᠨ ᠢᠮ | ᠲᠠᠮᠠᠭ᠎ᠠ ᠶᠢ ᠨᠡᠢᠭᠡᠮ ᠳᠤ ᠬᠡᠪ ᠵᠠᠩᠱᠢᠯ ᠢ ᠥᠭᠡᠷᠡᠴᠢᠯᠡᠬᠦ᠂ ᠬᠤᠷᠢᠮ ᠤᠨ ᠶᠠᠪᠤᠳᠠᠯ ᠢ ᠱᠢᠨ᠎ᠡ ᠪᠠᠷ ᠱᠢᠢᠳᠪᠦᠷᠢᠯᠡᠬᠦ | ᠰᠠᠨᠠᠭᠠᠴᠢᠯᠠᠭ᠎ᠠ ᠭᠠᠷᠭᠠᠭᠰᠠᠨ ᠪᠠᠢᠨ᠎ᠠ᠃ | | | | | ᠠᠵᠢᠯᠯᠠᠭ᠎ᠠ ᠶᠢᠨ ᠡᠴᠦᠰ ᠲᠤ᠂ 8 ᠬᠤᠣᠰ ᠰᠢᠨ᠎ᠡ ᠬᠥᠮᠥᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ | ᠪᠤᠭᠤᠲᠤ ᠶᠢᠨ ᠶᠢᠨ ᠵᠡᠭᠡᠯᠢ ᠳᠤ ᠬᠦᠷᠴᠦ ᠬᠤᠸᠠ ᠳ᠋ᠠ ᠳᠠᠩᠰᠠ ᠶᠢ ᠰᠣᠨᠢᠷᠬᠠᠵᠤ᠂ ᠰᠠᠶᠢᠨ ᠰᠠᠶᠢᠬᠠᠨ ᠢᠷᠦᠭᠡᠯᠲᠦ | ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠪᠦᠲᠦᠭᠡᠯ ᠢ ᠰᠣᠨᠢᠷᠬᠠᠬᠤ ᠶᠢᠨ ᠬᠠᠮᠲᠤ ᠪᠠᠰᠠ ᠳᠤᠮᠳᠠᠳᠤ ᠶᠢᠨ ᠰᠢᠯᠢᠳᠡᠭ | ᠤᠷᠤᠭ ᠭᠡᠷ ᠪᠦᠯᠢ ᠶᠢᠨ ᠰᠣᠶᠣᠯ ᠢ ᠰᠤᠷᠤᠯᠴᠠᠵᠤ᠂ ᠵᠥᠪ ᠣᠨᠣᠪᠴᠢᠲᠠᠢ ᠤᠷᠤᠭ ᠬᠤᠷᠢᠮ ᠭᠡᠷ ᠪᠦᠯᠢ ᠶᠢᠨ | ᠦᠵᠡᠯᠲᠡ ᠶᠢ ᠪᠤᠢ ᠪᠣᠯᠭᠠᠵᠤ᠂ ᠰᠢᠨ᠎ᠡ ᠮᠠᠶ᠋ᠢᠭ ᠤᠨ ᠬᠤᠷᠢᠮ ᠨᠢ ᠴᠠᠭᠠᠰᠤᠨ ᠬᠠᠶᠢᠴᠢᠯᠠᠮᠠᠯ ᠤᠨ ᠰᠣᠶᠣᠯ ᠤᠨ | ᠬᠠᠷᠠᠭᠠᠨ ᠤ ᠦᠪᠡᠳᠡᠭᠰᠢ ᠳᠠᠶᠢᠯᠠᠯᠭ᠎ᠠ ᠳᠤ ᠲᠡᠭᠦᠰ ᠠᠮᠵᠢᠯᠲᠠ ᠲᠠᠢ ᠲᠡᠭᠦᠰᠪᠡ᠃ | ︽ᠲᠤᠰ ᠤᠳᠠᠭᠠᠨ ᠤ ᠠᠵᠢᠯᠯᠠᠭ᠎ᠠ ᠨᠢ ᠬᠡᠪ ᠵᠠᠩᠰᠢᠯ ᠢ ᠥᠭᠡᠷᠡᠴᠢᠯᠡᠬᠦ ᠶᠢ ᠪᠦᠬᠦ ᠲᠠᠯ᠎ᠠ ᠪᠠᠷ ᠠᠬᠢᠭᠤᠯᠵᠤ᠂ | ᠪᠣᠯᠪᠠᠰᠤᠨ ᠡᠷᠡᠭᠦᠯ ᠠᠷᠪᠢᠯᠠᠨ ᠭᠠᠮᠨᠠᠬᠤ ᠬᠤᠷᠢᠮᠯᠠᠬᠤ ᠵᠠᠩ ᠳᠠᠳᠬᠠᠯ ᠢ ᠪᠤᠢ ᠪᠣᠯᠭᠠᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠂ ᠠᠳᠡ ᠪᠢᠳᠡ ᠰᠢᠨ᠎ᠡ ᠬᠥᠮᠦᠨ ᠢ ᠤᠷᠢᠶᠠᠯᠠᠨ ᠤᠷᠤᠭ ᠬᠤᠷᠢᠮ ᠤᠨ ᠬᠠᠭᠤᠴᠢᠨ ᠵᠠᠩ | ᠳᠠᠳᠬᠠᠯ ᠢ ᠡᠪᠳᠡᠵᠦ᠂ ᠪᠦᠷᠢᠯᠭᠡᠨ ᠰᠦᠢᠳᠬᠡᠬᠦ ᠶᠢ ᠬᠤᠷᠢᠭᠯᠠᠵᠤ᠂ ᠪᠠᠶᠠᠷ ᠤᠨ ᠶᠠᠪᠤᠳᠠᠯ ᠢ ᠳᠥᠭᠦᠮᠴᠢᠯᠡᠨ | ᠰᠢᠢᠳᠪᠦᠷᠢᠯᠡᠵᠦ᠂ ᠤᠷᠤᠭ ᠤᠨ ᠶᠠᠪᠤᠳᠠᠯ ᠢ ᠰᠢᠨ᠎ᠡ ᠪᠠᠷ ᠰᠢᠢᠳᠪᠦᠷᠢᠯᠡᠵᠦ᠂ ᠪᠣᠯᠪᠠᠰᠤᠨ ᠤ ᠰᠢᠨ᠎ᠡ ᠬᠠᠭᠤᠳᠠᠰᠤ ᠶᠢ | ᠬᠠᠮᠲᠤ ᠪᠠᠷ ᠪᠢᠴᠢᠭᠯᠡᠬᠦ ᠪᠣᠯᠤᠨ᠎ᠠ︾ ᠭᠡᠵᠦ ᠬᠡᠯᠡᠪᠡ᠃ ᠾᠧ ᠳ᠋ᠦ᠋ᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠡᠷᠬᠢᠯᠡᠭᠴᠢ ᠺᠧᠦ ᠳ᠋ᠦ᠋ᠩ᠃ |