ᠠᠵᠢᠯ ᠣᠯᠭᠤᠬᠤ ᠦᠢᠯᠡᠰ ᠪᠣᠰᠬᠠᠬᠤ ᠶᠢ ᠲᠡᠳᠬᠦᠬᠦ ᠠᠯᠢ ᠣᠯᠠᠨ ᠲᠥᠷᠥ ᠶᠢᠨ ᠪᠣᠳᠣᠯᠭ᠎ᠠ ᠶᠢᠨ | ᠨᠡᠶᠢᠲᠡᠯᠡᠭᠳᠡᠬᠦ ᠶᠢ ᠳᠠᠭᠠᠯᠳᠤᠨ᠂ ᠳ᠋ᠦᠩ ᠾᠧ ᠲᠣᠭᠤᠷᠢᠭ ᠤᠨ ︽ᠲᠦᠮᠡᠨ ᠣᠯᠠᠨ ᠢᠶᠠᠷ ᠢᠶᠠᠨ ᠠᠳᠠᠯ ᠦᠢᠯᠡᠰ | ᠴᠣᠭᠴᠠᠯᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ︾ ᠬᠠᠯᠠᠭᠤᠨ ᠥᠷᠨᠢᠯᠲᠡ ᠭᠠᠷᠴᠤ᠂ ᠠᠳᠠᠯ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠦᠢᠯᠡᠴᠢᠯᠡᠭᠡᠨ ᠤ ᠴᠢᠬᠤᠯᠠ ᠲᠠᠪᠴᠠᠩ ᠤᠨ ᠠᠴᠢᠶᠠᠯᠠᠪᠤᠷᠢ - ᠠᠳᠠᠯ ᠦᠢᠯᠡᠰ | ᠴᠣᠭᠴᠠᠯᠠᠬᠤ ᠨᠡᠪᠴᠢᠭᠦᠯᠬᠦ ᠰᠠᠭᠤᠷᠢᠨ ᠭᠠᠵᠠᠷ ᠪᠣᠯᠤᠭᠰᠠᠨ ᠪᠥᠭᠡᠳ ᠪᠠᠰᠠ ᠤᠯᠠᠮ ᠠᠴᠠ ᠤᠯᠠᠮ ᠣᠯᠠᠨ ᠠᠳᠠᠯ | ᠦᠢᠯᠡᠰ ᠴᠣᠭᠴᠠᠯᠠᠭᠴᠢ ᠶᠢᠨ ᠠᠳᠠᠯ ᠦᠢᠯᠡᠰ ᠴᠣᠭᠴᠠᠯᠠᠵᠤ ᠠᠵᠢᠯ ᠣᠯᠬᠤ ᠬᠦᠰᠡᠯ ᠢ ᠠᠴᠢᠶᠠᠯᠠᠬᠤ ︽ᠰᠢᠮᠡᠳᠦ | ᠬᠥᠷᠥᠰᠥ︾ ᠪᠣᠯᠤᠭᠰᠠᠨ ᠪᠠᠶᠢᠨ᠎ᠠ᠃ | ᠥᠷᠭᠡᠨ ᠣᠯᠠᠨ ᠠᠷᠠᠳ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠵᠢᠯ ᠣᠯᠵᠤ ᠠᠳᠠᠯ ᠦᠢᠯᠡᠰ | ᠴᠣᠭᠴᠠᠯᠠᠬᠤ ᠠᠰᠠᠭᠤᠳᠠᠯ ᠢ ᠰᠢᠢᠳᠪᠦᠷᠢᠯᠡᠵᠦ᠂ ︽ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ | ᠳᠠᠶᠢᠴᠢᠯᠠᠬᠤ᠂ ᠠᠵᠢᠯ ᠣᠯᠭᠤᠯᠲᠠ ᠪᠠᠷ ᠠᠵᠢᠯ ᠣᠯᠭᠤᠯᠲᠠ ᠶᠢ ᠠᠬᠢᠭᠤᠯᠬᠤ︾ ᠰᠠᠶᠢᠨ ᠰᠠᠶᠢᠬᠠᠨ ᠪᠠᠶᠢᠳᠠᠯ ᠢ | ᠪᠡᠶᠡᠯᠡᠭᠦᠯᠬᠦ ᠶᠢᠨ ᠲᠥᠯᠥᠭᠡ᠂ ᠵᠠᠯᠠᠭᠤᠴᠤᠳ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ ᠬᠠᠯᠠᠭᠤᠨ | ᠰᠡᠳᠬᠢᠯᠭᠡ ᠶᠢ ᠬᠥᠭᠵᠢᠭᠡᠵᠦ᠂ ᠣᠶᠢᠷ᠎ᠠ ᠳᠤ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠰᠠᠯᠠᠭ᠎ᠠ ᠲᠠᠰᠤᠭ ᠪᠠ ᠠᠳᠠᠯ ᠦᠢᠯᠡᠰ ᠴᠣᠭᠴᠠᠯᠠᠬᠤ ᠲᠥᠷᠥᠯ | ᠵᠦᠢᠯ ᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠢᠶᠠᠷ ᠪᠦᠷᠢᠯᠳᠦᠭᠰᠡᠨ ᠠᠵᠢᠯᠯᠠᠬᠤ ᠳᠤᠭᠤᠶᠢᠯᠠᠩ ᠢᠶᠠᠷ | ᠳᠠᠮᠵᠢᠭᠤᠯᠤᠨ᠂ ᠲᠠᠩᠰᠠ ᠡᠪᠬᠡᠮᠡᠯ ᠤᠨ ᠮᠠᠲ᠋ᠧᠷᠢᠶᠠᠯ ᠢ ᠬᠢᠨᠠᠨ ᠦᠵᠡᠬᠦ᠂ ᠲᠤᠬᠠᠶ ᠶᠢᠨ ᠭᠠᠵᠠᠷ ᠲᠤᠨᠢ ᠰᠢᠨᠵᠢᠯᠡᠨ | ᠪᠠᠶᠢᠴᠠᠭᠠᠬᠤ ᠪᠠ ᠶᠡᠷᠦᠩᠬᠡᠶᠢᠯᠡᠨ ᠬᠤᠪᠢ ᠲᠣᠭᠲᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠦᠨᠡᠯᠡᠨ ᠵᠢᠱᠢᠵᠦ | ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠪᠡ᠃ ᠡᠭᠦᠨ ᠤ ᠬᠠᠮᠲᠤ 11 ᠰᠠᠷ᠎ᠠ ᠶᠢᠨ 23 ᠤ ᠡᠳᠦᠷ ᠪᠤᠭᠤᠲᠤ | ᠬᠤᠲᠠ ᠶᠢᠨ ᠠᠳᠠᠯ ᠦᠢᠯᠡᠰ ᠴᠣᠭᠴᠠᠯᠠᠬᠤ ᠨᠡᠪᠴᠢᠭᠦᠯᠬᠦ ᠰᠠᠭᠤᠷᠢᠨ ᠭᠠᠵᠠᠷ ᠤᠨ ᠦᠨᠡᠯᠡᠨ ᠵᠢᠱᠢᠯᠲᠡ ᠶᠢ ᠮᠠᠭᠠᠳᠯᠠᠨ | ᠲᠣᠭᠲᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠵᠦ᠂ ᠳ᠋ᠦᠩ ᠾᠧ ᠶᠢᠨ ᠡᠤ ᠶᠤᠸᠠᠢ ᠲᠠᠯᠠᠪᠠᠶ ᠶᠢᠨ ᠠᠳᠠᠯ | ᠦᠢᠯᠡᠰ ᠴᠣᠭᠴᠠᠯᠠᠬᠤ ᠬᠦᠷᠢᠶᠡᠯᠡᠩ ᠪᠠ ᠳ᠋ᠦᠩ ᠾᠧ ᠲᠣᠭᠤᠷᠢᠭ ᠤᠨ ᠣᠲᠣ ᠦᠶ᠎ᠡ ᠶᠢᠨ ᠦᠢᠯᠡᠴᠢᠯᠡᠭᠡᠨ ᠤ ᠠᠵᠤ | ᠦᠢᠯᠡᠰ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠨᠢ C ᠲᠠᠰ ᠤᠨ ᠪᠤᠭᠤᠲᠤ ᠬᠤᠲᠠ ᠶᠢᠨ ᠠᠳᠠᠯ ᠦᠢᠯᠡᠰ | ᠴᠣᠭᠴᠠᠯᠠᠬᠤ ᠨᠡᠪᠴᠢᠭᠦᠯᠬᠦ ᠰᠠᠭᠤᠷᠢᠨ ᠭᠠᠵᠠᠷ ᠪᠣᠯᠵᠣ᠂ ᠡᠭᠦᠨ ᠤ ᠳᠡᠭᠡᠷ᠎ᠡ ᠸᠧᠨ ᠢᠨᠲ᠋ᠧᠷ ᠰᠦᠯᠵᠢᠶᠡᠨ ᠤ ᠰᠤᠷᠭᠠᠨ | ᠬᠥᠮᠦᠵᠢᠯ ᠤᠨ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠨᠢ D ᠲᠠᠰ ᠤᠨ ᠪᠤᠭᠤᠲᠤ ᠬᠤᠲᠠ ᠶᠢᠨ ᠠᠳᠠᠯ | ᠦᠢᠯᠡᠰ ᠴᠣᠭᠴᠠᠯᠠᠬᠤ ᠨᠡᠪᠴᠢᠭᠦᠯᠬᠦ ᠰᠠᠭᠤᠷᠢᠨ ᠭᠠᠵᠠᠷ ᠢᠶᠠᠷ ᠰᠢᠨ᠎ᠡ ᠪᠠᠷ ᠮᠠᠭᠠᠳᠯᠠᠨ ᠲᠣᠭᠲᠠᠭᠠᠪᠠ᠃ | ᠣᠶᠢᠯᠠᠭᠠᠭᠰᠠᠨ ᠢᠶᠠᠷ᠂ 2023 ᠣᠨ ᠳᠤ ᠳ᠋ᠦᠩ ᠾᠧ ᠲᠣᠭᠤᠷᠢᠭ ᠤᠨ ᠦᠢᠯᠡᠰ ᠴᠣᠭᠴᠠᠯᠠᠬᠤ ᠰᠠᠭᠤᠷᠢᠨ | ᠭᠠᠵᠠᠷ ᠨᠢᠭᠡᠨᠲᠡ 13 ᠡᠷᠦᠬᠡ ᠳᠤ ᠬᠦᠷᠴᠦ᠂ 1200 ᠭᠠᠷᠤᠶ ᠡᠷᠦᠬᠡ ᠦᠢᠯᠡᠰ ᠴᠣᠭᠴᠠᠯᠠᠵᠤ᠂ 2600 ᠭᠠᠷᠤᠶ | ᠬᠥᠮᠦᠨ ᠳᠤ ᠠᠵᠢᠯ ᠣᠯᠭᠤᠪᠠ᠃ ᠨᠡᠪᠴᠢᠭᠦᠯᠭᠡ ᠶᠢᠨ ᠠᠮᠵᠢᠯᠲᠠ ᠣᠯᠤᠭᠰᠠᠨ ᠨᠣᠷᠮ᠎ᠠ ᠶᠢ ᠶᠡᠷᠦᠩᠬᠡᠶ ᠳᠡᠭᠡᠨ | 60% ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ ᠵᠢᠯ ᠪᠦᠷᠢ ᠶᠢᠨ ᠠᠵᠤ ᠠᠬᠤᠶᠢᠯᠠᠯ ᠤᠨ ᠰᠢᠨᠡᠴᠢᠯᠡᠯᠲᠡ ᠶᠢᠨ | ᠨᠣᠷᠮ᠎ᠠ ᠶᠢ 15% ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃ ᠨᠡᠪᠴᠢᠭᠦᠯᠦᠨ ᠠᠳᠠᠯ ᠦᠢᠯᠡᠰ ᠴᠣᠭᠴᠠᠯᠠᠬᠤ | ᠪᠣᠳᠠᠲᠤ ᠴᠣᠭᠴᠠ ᠨᠢ ᠵᠢᠯ ᠪᠦᠷᠢ ᠳᠤᠮᠳᠠᠴᠢ ᠪᠠᠷ 30 ᠡᠷᠦᠬᠡ ᠠᠴᠠ ᠳᠤᠲᠠᠭᠤ ᠦᠭᠡᠶ ᠪᠠᠶᠢᠵᠤ᠂ ᠬᠠᠩᠭᠠᠭᠰᠠᠨ | ᠠᠵᠢᠯ ᠤᠨ ᠪᠠᠶᠢᠷᠢ ᠨᠢ ᠵᠢᠯ ᠪᠦᠷᠢ ᠴᠥᠮ 200 ᠠᠴᠠ ᠳᠤᠲᠠᠭᠤ ᠦᠭᠡᠶ ᠪᠠᠶᠢᠬᠤ ᠬᠡᠷᠡᠭᠲᠡᠶ᠃ | ᠲᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠣᠷᠣᠨ ᠤ ᠲᠠᠰ ᠤᠨ ᠠᠳᠠᠯ ᠦᠢᠯᠡᠰ ᠴᠣᠭᠴᠠᠯᠠᠬᠤ ᠨᠡᠪᠴᠢᠭᠦᠯᠬᠦ ᠰᠠᠭᠤᠷᠢᠨ ᠭᠠᠵᠠᠷ ᠲᠤ ᠪᠠᠯᠠ | ᠮᠥᠩᠭᠦ ᠶᠢᠨ ᠳᠡᠮᠵᠢᠯᠭᠡ᠂ ᠴᠢᠳᠠᠪᠤᠷᠢ ᠶᠢᠨ ᠪᠣᠯᠪᠠᠰᠤᠷᠠᠭᠤᠯᠤᠯ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ᠂ | ᠴᠢᠳᠠᠪᠤᠷᠢᠲᠠᠨ ᠤ ᠦᠢᠯᠡᠴᠢᠯᠡᠭᠡ ᠵᠡᠷᠭᠡ ᠲᠠᠯ᠎ᠠ ᠪᠠᠷ ᠠᠯᠢ ᠣᠯᠠᠨ ᠲᠡᠳᠬᠦᠨ ᠳᠡᠮᠵᠢᠬᠦ ᠠᠷᠭ᠎ᠠ ᠬᠡᠮᠵᠢᠶ᠎ᠡ ᠬᠠᠩᠭᠠᠵᠤ᠂ | ᠰᠠᠭᠤᠷᠢᠨ ᠭᠠᠵᠠᠷ ᠤᠨ ᠬᠥᠭᠵᠢᠯᠲᠡ ᠶᠢ ᠳᠡᠮᠵᠢᠵᠦ᠂ ᠰᠠᠭᠤᠷᠢᠨ ᠭᠠᠵᠠᠷ ᠢ ᠬᠥᠲᠥᠯᠦᠨ ᠵᠢᠯᠣᠭᠤᠳᠴᠤ ᠪᠠᠶᠢᠭᠠᠳ | ᠳᠠᠶᠢᠴᠢᠯᠠᠨ ᠳᠠᠭᠠᠭᠤᠯᠬᠤ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠳ᠋ᠦᠩ ᠾᠧ ᠲᠣᠭᠤᠷᠢᠭ ᠲᠤ ᠨᠠᠩ ᠰᠢᠯᠢᠳᠡᠭ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠣᠷᠴᠢᠨ ᠲᠣᠭᠤᠷᠢᠨ ᠢ ᠪᠣᠶ ᠪᠣᠯᠭᠠᠨ᠎ᠠ᠃ | | | | | | |