ᠳ᠋ᠦᠩ ᠾᠧ ᠲᠣᠭᠤᠷᠢᠭ ᠤᠨ ᠬᠢᠨ ᠲᠣᠭᠤᠷᠢᠭ ᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ 4 ᠳ᠋ᠤᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/14
     9 ᠰᠠᠷ᠎ᠠ ᠶᠢᠨ 5 ᠤ ᠡᠳᠦᠷ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠤᠭᠤᠷᠢᠭ ᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠶᠠᠩ ᠵᠢᠶᠠᠨ ᠵᠢᠶᠦ᠋ᠨ ᠲᠤᠭᠤᠷᠢᠭ ᠤᠨ ᠨᠠᠮ ᠵᠠᠰᠠᠭ ᠤᠨ ᠠᠯᠪᠠᠨ ᠠᠰᠠᠷ ᠤᠨ ᠳᠥᠷᠪᠡᠳᠦᠭᠡᠷ ᠬᠤᠷᠠᠯ ᠤᠨ ᠬᠡᠷ ᠲᠤ ᠲᠤᠭᠤᠷᠢᠭ ᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ 4 ᠳ᠋ᠤᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠤᠳᠤᠷᠢᠳᠤᠯᠭ᠎ᠠ ᠶᠢᠨ ᠬᠤᠯᠪᠣᠭᠳᠠᠯ ᠪᠦᠬᠦᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ 2023 ᠣᠨ ᠤ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢ ᠬᠢᠨᠠᠨ ᠰᠢᠯᠭᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠬᠤᠳᠠ ᠶᠢᠨ ᠱᠠᠲᠤᠨ ᠤ ᠰᠢᠯᠭᠠᠨ ᠠᠪᠬᠤ ᠪᠠᠶᠢᠴᠠᠭᠠᠯᠲᠠ ᠶᠢ ᠤᠭᠲᠤᠬᠤ ᠠᠵᠢᠯ ᠵᠢᠴᠢ 2023 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠤᠨ ᠮᠡᠳᠡᠭᠡ ᠵᠠᠩᠭᠢ ᠶᠢ ᠪᠠᠬᠢᠵᠢᠭᠦᠯᠦᠨ ᠥᠷᠭᠡᠳᠬᠡᠬᠦ ᠬᠥᠳᠡᠯᠦᠩᠭᠦᠢ ᠬᠠᠮᠢᠶᠠᠷᠤᠯᠲᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠡᠭᠦᠷᠭᠡ ᠶᠢ ᠠᠬᠢᠭᠤᠯᠤᠭᠰᠠᠨ ᠪᠠᠶᠢᠳᠠᠯ᠂ ᠪᠦᠬᠦ ᠣᠷᠣᠨ ᠤ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠵᠡᠷᠭᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠦᠷᠢᠶ᠎ᠡ ᠶᠢ ᠰᠢᠯᠭᠠᠨ ᠠᠪᠬᠤ ᠪᠡᠯᠡᠳᠬᠡᠯ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽2023 ᠣᠨ ᠤ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠠᠬᠢᠭᠤᠯᠬᠤ ᠬᠢᠨᠠᠨ ᠰᠢᠯᠭᠠᠬᠤ ᠨᠠᠷᠢᠨ ᠳᠦᠷᠢᠮ︾ ᠵᠢᠴᠢ ︽ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠶᠢᠨ ᠬᠠᠮᠲᠤ ᠳᠠᠮ ᠬᠦᠦ ᠲᠠᠢ ᠪᠡᠯᠡ ᠮᠥᠩᠭᠦ ᠶᠢᠨ ᠲᠤᠰᠬᠠᠢ ᠡᠷᠦᠬᠡ ᠶᠢᠨ ᠰᠠᠨᠠᠭᠤᠯᠭ᠎ᠠ︾ ᠶᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ᠂ ᠵᠢᠯ ᠤᠨ ᠡᠴᠦᠰ ᠲᠤ ᠳ᠋ᠦᠩ ᠾᠧ ᠲᠣᠭᠤᠷᠢᠭ ᠤᠨ ᠡᠯ᠎ᠡ ᠵᠦᠢᠯ ᠤᠨ ᠠᠵᠢᠯ ᠤᠨ ᠲᠥᠪᠯᠡᠷᠡᠩᠭᠦᠢ ᠬᠢᠨᠠᠨ ᠰᠢᠯᠭᠠᠯᠲᠠ ᠶᠢ ᠤᠭᠲᠤᠬᠤ ᠪᠣᠯᠤᠨ᠎ᠠ᠂ ᠡᠯ᠎ᠡ ᠨᠢᠭᠡᠴᠡ᠂ ᠬᠤᠶᠠᠷ ᠪᠠᠯᠭᠠᠰᠤ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠪᠦᠬᠦ ᠲᠠᠯ᠎ᠠ ᠪᠠᠷ ᠬᠢᠨᠠᠨ ᠦᠵᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠢᠨᠠᠨ ᠰᠢᠯᠭᠠᠬᠤ ᠨᠠᠷᠢᠨ ᠲᠦᠷᠢᠮ ᠵᠢᠴᠢ ᠶᠡᠭᠡ ᠪᠠᠶᠢᠴᠠᠭᠠᠯᠲᠠ ᠶᠡᠭᠡ ᠳᠡᠭᠡᠭᠰᠢᠯᠡᠯᠲᠡ ᠶᠢᠨ ᠲᠤᠰᠬᠠᠢ ᠠᠵᠢᠯᠯᠠᠭ᠎ᠠ ᠶᠢ ᠠᠬᠢᠭᠤᠯᠬᠤ ᠳᠤᠮᠳᠠᠬᠢ ᠥᠪᠡᠷ ᠤᠨ ᠪᠠᠶᠢᠴᠠᠭᠠᠯᠲᠠ ᠶᠢᠨ ᠠᠷᠭ᠎ᠠ ᠬᠡᠮᠵᠢᠶ᠎ᠡ ᠪᠣᠯᠤᠨ ᠠᠵᠢᠯ ᠤᠨ ᠠᠭᠤᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠳᠤᠲᠠᠭᠤᠳᠠᠯ ᠢ ᠨᠥᠬᠦᠪᠥᠷᠢᠯᠡᠬᠦ᠂ ᠪᠣᠳᠠᠲᠤ ᠦᠷ᠎ᠡ ᠪᠦᠲᠦᠮᠵᠢ ᠶᠢ ᠴᠢᠩᠭᠠᠳᠬᠠᠬᠤ ᠪᠠᠷ ᠬᠦᠴᠦᠯᠡᠵᠦ᠂ ᠵᠢᠯ ᠤᠨ ᠡᠴᠦᠰ ᠤᠨ ᠬᠢᠨᠠᠨ ᠰᠢᠯᠭᠠᠯᠲᠠ ᠳᠤ ᠠᠵᠢᠯ ᠤᠨ ᠦᠷ᠎ᠡ ᠪᠦᠲᠦᠮᠵᠢ ᠶᠢ ᠦᠨᠡᠨ ᠪᠣᠳᠠᠲᠠᠢ ᠢᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠢᠨᠠᠨ ᠰᠢᠯᠭᠠᠯᠲᠠ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠨᠠᠨ ᠰᠢᠯᠭᠠᠯᠲᠠ ᠳᠤ ᠰᠢᠯᠢᠳᠡᠭ ᠬᠢᠷᠢ ᠪᠦᠲᠦᠮᠵᠢ ᠤᠯᠬᠤ ᠪᠠᠷ ᠴᠢᠷᠮᠠᠶᠢᠵᠤ᠂ ᠳ᠋ᠦᠩ ᠾᠧ ᠲᠣᠭᠤᠷᠢᠭ ᠤᠨ ᠬᠢᠨᠠᠨ ᠰᠢᠯᠭᠠᠯᠲᠠ ᠳᠤ ᠣᠷᠣᠯᠴᠠᠭᠰᠠᠨ 3 ᠵᠢᠱᠢᠶ᠎ᠡ ᠦᠵᠡᠭᠦᠯᠬᠦ ᠲᠣᠰᠬᠤᠨ ᠢ ᠪᠦᠬᠦᠨ ᠢ ᠬᠢᠨᠠᠨ ᠰᠢᠯᠭᠠᠯᠲᠠ ᠶᠢ ᠥᠩᠭᠡᠷᠡᠭᠦᠯᠬᠦ ᠪᠠᠷ ᠴᠢᠷᠮᠠᠶᠢᠬᠤ ᠬᠡᠷᠡᠭᠲᠡᠢ᠂ ᠡᠭᠦᠨ ᠤ ᠬᠠᠮᠲᠤ ᠪᠠᠰᠠ 2024 ᠣᠨ ᠤ ᠭᠤᠣᠯᠳᠠᠯᠭ᠎ᠠ ᠲᠠᠢ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠠᠶᠢᠴᠠᠭᠠᠯᠲᠠ ᠶᠢ ᠤᠭᠲᠤᠬᠤ ᠶᠢᠨ ᠲᠥᠯᠥᠭᠡ ᠪᠠᠶᠢᠴᠠᠭᠠᠯᠲᠠ ᠶᠢ ᠤᠭᠲᠤᠬᠤ ᠦᠭᠡᠢ ᠪᠠᠶᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠰᠡᠳᠬᠢᠬᠦᠢ ᠪᠠᠷ ᠪᠦᠬᠦ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ᠂ ᠬᠤᠶᠠᠷ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠬᠤ᠂ ᠴᠠᠭ ᠲᠤᠬᠠᠢ ᠳᠤᠨᠢ ᠬᠠᠪᠰᠤᠷᠤᠨ ᠲᠡᠳᠬᠦᠬᠦ ᠵᠡᠷᠭᠡ ᠵᠠᠷᠴᠢᠮ ᠤᠨ ᠱᠠᠭᠠᠷᠳᠠᠯᠭ᠎ᠠ ᠶᠢ ᠪᠠᠷᠢᠮᠲᠠᠯᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡ ᠶᠢᠨ ᠡᠭᠦᠷᠭᠡᠲᠦ ᠰᠡᠳᠬᠢᠯᠭᠡ ᠪᠠᠷ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠪᠠ 2023 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠤᠨ ᠮᠡᠳᠡᠭᠡ ᠵᠠᠩᠭᠢ ᠶᠢ ᠪᠠᠬᠢᠵᠢᠭᠦᠯᠦᠨ ᠥᠷᠭᠡᠳᠬᠡᠬᠦ ᠬᠥᠳᠡᠯᠦᠩᠭᠦᠢ ᠬᠠᠮᠢᠶᠠᠷᠤᠯᠲᠠ ᠶᠢᠨ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠬᠤᠷᠠᠯ ᠠᠴᠠ ᠱᠠᠭᠠᠷᠳᠠᠭᠰᠠᠨ ᠨᠢ᠂ ᠰᠠᠷᠠᠴᠢᠨ ᠪᠠᠯᠭᠠᠰᠤ ᠶᠢᠨ ᠬᠢᠨ ᠪᠡᠯᠡ ᠮᠥᠩᠭᠦ ᠶᠢ ᠵᠣᠯᠭᠠᠭᠤᠯᠬᠤ ᠬᠡᠷᠡᠭᠯᠡᠯᠲᠡ ᠶᠢᠨ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠲᠤᠭ᠎ᠠ ᠬᠡᠮᠵᠢᠶ᠎ᠡ ᠶᠢ ᠪᠠᠲᠤᠯᠠᠨ ᠳ᠋ᠧᠩ ᠵᠢᠶᠠ ᠶᠢᠩᠽᠢ ᠲᠣᠰᠬᠤᠨ ᠤ ᠢᠳᠡᠰᠢᠨ ᠨᠣᠭᠤᠭ᠎ᠠ ᠶᠢᠨ ᠶᠡᠷᠦᠩᠬᠡᠶᠢᠯᠡᠭᠰᠡᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠵᠡᠷᠭᠡ ᠨᠢ ᠬᠢᠨᠠᠯᠲᠠ ᠲᠠᠯᠪᠢᠬᠤ ᠪᠠ ᠳᠠᠭᠠᠵᠤ ᠬᠠᠮᠢᠶᠠᠷᠬᠤ ᠪᠠᠨ ᠴᠢᠩᠭᠠᠳᠬᠠᠵᠤ᠂ ᠲᠦᠷᠦᠯ ᠵᠦᠢᠯ ᠤᠨ ᠡᠷᠲᠡᠬᠡᠨ ᠡᠵᠡᠩᠨᠡᠬᠦ ᠶᠢ ᠠᠬᠢᠭᠤᠯᠵᠤ᠂ ᠵᠢᠱᠢᠭᠰᠡᠨ ᠠᠵᠤ ᠠᠬᠤᠢ ᠪᠠ ᠨᠡᠶᠢᠭᠡᠮ ᠤᠨ ᠦᠷ᠎ᠡ ᠠᠰᠢᠭ ᠢ ᠤᠯᠬᠤ ᠬᠡᠷᠡᠭᠲᠡᠢ᠃ ᠬᠤᠷᠠᠯ ᠠᠴᠠ ᠲᠣᠭᠲᠠᠭᠠᠭᠰᠠᠨ ᠨᠢ᠂ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠲᠥᠯᠥᠭᠡᠯᠡᠭᠴᠢ ᠲᠣᠭᠤᠷᠢᠭ ᠤᠨ ᠵᠠᠰᠠᠭ ᠤᠨ ᠣᠷᠳᠣᠨ ᠪᠣᠯᠤᠨ ᠲᠠᠷᠢᠶᠠᠯᠠᠩ ᠤᠨ ᠪᠠᠩᠬᠢ ᠶᠢᠨ ᠳ᠋ᠦᠩ ᠾᠧ ᠰᠠᠯᠪᠤᠷᠢ ᠪᠠᠩᠬᠢ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠲᠣᠭᠤᠷᠢᠭ ᠤᠨ ᠶᠠᠳᠠᠭᠤ ᠶᠢ ᠲᠡᠳᠬᠦᠬᠦ ᠠᠯᠪᠠᠨ ᠭᠡᠷ ᠤᠨ ᠨᠡᠷ᠎ᠡ ᠪᠠᠷ ᠲᠠᠷᠢᠶᠠᠯᠠᠩ ᠤᠨ ᠪᠠᠩᠬᠢ ᠳᠤ ᠳᠠᠮ ᠬᠦᠦ ᠲᠠᠢ ᠪᠡᠯᠡ ᠮᠥᠩᠭᠦ ᠶᠢᠨ ᠲᠤᠰᠬᠠᠢ ᠡᠷᠦᠬᠡ ᠨᠡᠭᠡᠭᠡᠵᠦ᠂ ᠲᠣᠭᠤᠷᠢᠭ ᠤᠨ ᠮᠥᠩᠭᠦᠨ ᠭᠦᠢᠯᠭᠡᠭᠡᠨ ᠤ ᠠᠯᠪᠠᠨ ᠭᠡᠷ ᠲᠠᠢ ᠬᠠᠮᠲᠤᠪᠠᠷ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠬᠢᠨᠠᠨ ᠬᠡᠮᠵᠢᠬᠦ ᠡᠲᠡᠭᠡᠳ ᠤᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃      2023 ᠣᠨ ᠤ 11 ᠰᠠᠷ᠎ᠠ ᠶᠢᠨ 3 ᠤ ᠡᠳᠦᠷ
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1