ᠳ᠋ᠦᠩ ᠾᠧ ᠲᠣᠭᠤᠷᠢᠭ ᠤᠨ ᠬᠢᠨ 2023 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠮᠡᠳᠡᠭᠡ ᠵᠠᠩᠭᠢ ᠶᠢᠨ ᠬᠥᠳᠡᠯᠦᠩᠭᠦᠢ ᠬᠠᠮᠢᠶᠠᠷᠤᠯᠲᠠ ᠶᠢᠨ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2023/12/14
     ᠳ᠋ᠦᠩ ᠾᠧ ᠲᠣᠭᠤᠷᠢᠭ ᠤᠨ ᠬᠢᠨ 2023 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠮᠡᠳᠡᠭᠡ ᠵᠠᠩᠭᠢ ᠶᠢᠨ ᠬᠥᠳᠡᠯᠦᠩᠭᠦᠢ ᠬᠠᠮᠢᠶᠠᠷᠤᠯᠲᠠ ᠶᠢᠨ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠬᠢ ᠡᠷᠬᠢᠯᠡᠪᠡ      2023 ᠣᠨ ᠤ ᠬᠥᠳᠡᠯᠦᠩᠭᠦᠶ ᠬᠠᠮᠢᠶᠠᠷᠤᠯᠲᠠ ᠶᠢᠨ ᠠᠵᠢᠯ ᠪᠣᠯ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢ ᠬᠢᠨᠠᠨ ᠬᠡᠮᠵᠢᠵᠦ ᠢᠯᠭᠠᠨ ᠲᠠᠨᠢᠬᠤ ᠠᠵᠢᠯ ᠢ ᠪᠠᠶᠢᠩᠭᠤᠵᠢᠭᠤᠯᠤᠨ ᠥᠷᠨᠢᠭᠦᠯᠦᠭᠰᠡᠨ ᠰᠠᠭᠤᠷᠢᠨ ᠳᠡᠭᠡᠷ᠎ᠡ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠭᠰᠡᠨ ᠡᠲᠡᠭᠡᠳ᠂ ᠭᠤᠤᠯᠳᠠᠯᠭ᠎ᠠ ᠲᠠᠢ ᠬᠥᠮᠦᠰ ᠵᠢᠴᠢ ᠪᠤᠰᠤᠳ ᠡᠩ ᠤᠨ ᠡᠷᠦᠬᠡ ᠳᠤ ᠨᠢᠭᠡ ᠤᠳᠠᠭᠠᠨ ᠤ ᠪᠥᠬᠦ ᠲᠠᠯ᠎ᠠ ᠶᠢᠨ ᠵᠢᠭᠰᠠᠭᠠᠨ ᠪᠠᠶᠢᠴᠠᠭᠠᠯᠲᠠ ᠬᠢᠵᠦ᠂ ᠬᠢᠨᠠᠨ ᠬᠡᠮᠵᠢᠭᠰᠡᠨ ᠡᠲᠡᠭᠡᠳ ᠢ ᠪᠠᠶᠢᠩᠭᠤᠵᠢᠭᠤᠯᠤᠨ ᠢᠯᠭᠠᠨ ᠲᠠᠨᠢᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ᠂ ᠲᠤᠰᠢᠶᠠᠬᠤ ᠶᠣᠰᠣᠲᠠᠶ ᠶᠢ ᠨᠢ ᠴᠥᠮ ᠣᠷᠣᠭᠤᠯᠬᠤ᠂ ᠴᠠᠭ ᠲᠤᠬᠠᠶ ᠳᠤᠨᠢ ᠢᠯᠭᠠᠨ ᠲᠠᠨᠢᠬᠤ ᠶᠢ ᠪᠡᠶᠡᠯᠡᠭᠦᠯᠬᠦ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠤᠷ ᠰᠦᠯᠵᠢᠶ᠎ᠡ ᠶᠢ ᠲᠠᠰᠤᠷᠠᠯᠲᠠ ᠥᠬᠡᠶ ᠨᠢᠭᠲᠠ ᠪᠥᠭᠡᠳ ᠪᠠᠲᠤ ᠰᠦᠯᠵᠢᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠢᠨ᠎ᠡ ᠪᠠᠶᠢᠳᠠᠯ᠂ ᠰᠢᠨ᠎ᠡ ᠬᠤᠪᠢᠷᠠᠯᠲᠠ᠂ ᠰᠢᠨ᠎ᠡ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠥᠯᠥᠭᠡ᠂ ᠦᠨᠡᠨ ᠠᠴᠠ ᠵᠥᠪ ᠢ ᠡᠷᠢᠬᠦ᠂ ᠤᠯᠠᠨ ᠲᠦᠮᠡᠨ ᠮᠡᠳᠡᠷᠡᠨ ᠵᠥᠪᠰᠢᠶᠡᠷᠡᠬᠦ ᠵᠠᠷᠴᠢᠮ ᠢ ᠪᠠᠷᠢᠮᠲᠠᠯᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠬᠥᠳᠡᠯᠦᠩᠭᠦᠢ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠤᠨ ᠰᠠᠶᠢᠲᠤᠷ ᠬᠢᠬᠦ ᠶᠢᠨ ᠲᠥᠯᠥᠭᠡ ᠂ 10 ᠰᠠᠷ᠎ᠠ ᠶᠢᠨ 30 ᠤ ᠡᠳᠦᠷ᠂ ᠳ᠋ᠦᠩ ᠾᠧ ᠲᠣᠭᠤᠷᠢᠭ ᠤᠨ ᠬᠢᠨ ︽ᠲᠣᠭᠤᠷᠢᠭ ᠪᠠᠯᠭᠠᠰᠤ ᠶᠢ ᠨᠢᠭᠡ ᠴᠤᠬᠴᠠᠵᠢᠭᠤᠯᠤᠨ᠂ ᠦᠨᠳᠦᠰᠦᠨ ᠱᠠᠲᠤᠨ ᠳᠤ ᠰᠢᠭᠤᠳ ᠬᠦᠷᠬᠦ︾ ᠠᠷᠭ᠎ᠠ ᠬᠡᠯᠪᠡᠷᠢ ᠶᠢ ᠠᠪᠴᠤ᠂ ᠲᠤᠰ ᠲᠤᠰ ᠬᠤᠶᠠᠷ ᠪᠠᠯᠭᠠᠰᠤᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠤᠨ ᠮᠡᠳᠡᠭᠡ ᠵᠠᠩᠭᠢ ᠶᠢᠨ ᠬᠥᠳᠡᠯᠦᠩᠭᠦᠢ ᠬᠠᠮᠢᠶᠠᠷᠤᠯᠲᠠ ᠶᠢᠨ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠬᠢ ᠶᠢ ᠡᠷᠬᠢᠯᠡᠪᠡ᠃      ᠬᠢᠴᠢᠶᠡᠯᠯᠡᠬᠦ ᠬᠥᠮᠦᠰ ᠣᠨ ᠤ ᠮᠡᠳᠡᠭᠡ ᠵᠠᠩᠭᠢ ᠶᠢᠨ ᠬᠥᠳᠡᠯᠦᠩᠭᠦᠶ ᠬᠠᠮᠢᠶᠠᠷᠤᠯᠲᠠ ᠶᠢᠨ ᠠᠵᠢᠯ ᠤᠨ ᠠᠩᠬᠠᠷᠬᠤ ᠵᠦᠢᠯᠡᠰ᠂ 2023 ᠣᠨ ᠤ ᠣᠷᠣᠯᠭ᠎ᠠ ᠶᠢ ᠲᠥᠰᠦᠭᠡᠯᠡᠨ ᠪᠤᠳᠤᠬᠤ ᠭᠦᠢᠴᠡᠳᠬᠡᠯ ᠲᠤᠭ᠎ᠠ ᠵᠢᠴᠢ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠡᠷᠭᠡ ᠶᠢᠨ ᠲᠣᠭᠤᠷᠢᠨ ᠳᠤ ᠪᠥᠬᠦ ᠲᠠᠯ᠎ᠠ ᠪᠠᠷ ᠲᠠᠶᠢᠯᠤᠮᠵᠢ ᠬᠢᠨ᠎ᠠ᠃ ᠪᠣᠯᠪᠠᠰᠤᠷᠠᠭᠤᠯᠤᠯ ᠤᠨ ᠶᠠᠪᠤᠴᠠ ᠳᠤ ᠂ ᠪᠠᠰᠠ ᠲᠤᠬᠠᠶ ᠶᠢᠨ ᠲᠠᠯᠠᠪᠤᠷ ᠲᠤ ᠰᠠᠨᠠᠯ ᠢᠶᠠᠨ ᠰᠣᠯᠢᠯᠴᠠᠵᠤ ᠮᠠᠳᠠᠭ ᠲᠠᠢ ᠠᠰᠠᠭᠤᠳᠠᠯ ᠢ ᠬᠠᠷᠢᠭᠤᠯᠬᠤ ᠶᠢᠨ ᠬᠠᠮᠲᠤ ᠣᠨ ᠤ ᠮᠡᠳᠡᠭᠡ ᠵᠠᠩᠭᠢ ᠶᠢᠨ ᠬᠥᠳᠡᠯᠦᠩᠭᠦᠶ ᠬᠠᠮᠢᠶᠠᠷᠤᠯᠲᠠ ᠶᠢᠨ ᠲᠥᠰᠦᠯ᠂ ᠵᠠᠷᠴᠢᠮ ᠤᠨ ᠴᠢᠨᠠᠷᠲᠠᠶ ᠱᠠᠭᠠᠷᠳᠠᠯᠭ᠎ᠠ᠂ ᠪᠣᠳᠠᠲᠠᠶ ᠭᠦᠶ᠋ᠴᠡᠳᠬᠡᠯ ᠲᠤᠭ᠎ᠠ ᠶᠢᠨ ᠲᠠᠶᠢᠯᠪᠤᠷᠢᠯᠠᠯᠲᠠ ᠵᠡᠷᠭᠡ 8 ᠲᠥᠷᠥᠯ ᠤᠨ ᠯᠠᠪᠯᠠᠯᠲᠠ ᠶᠢᠨ ᠮᠠᠲ᠋ᠧᠷᠢᠶᠠᠯ ᠵᠢᠴᠢ ᠬᠡᠪ ᠵᠠᠭᠪᠤᠷ ᠤᠨ ᠡᠬᠢ ᠪᠠᠶᠠᠯᠢᠭ ᠢ ᠡᠮᠬᠢᠳᠬᠡᠨ ᠪᠠᠭᠤᠯᠭᠠᠭᠰᠠᠨ ᠪᠥᠭᠡᠳ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠠᠴᠢᠶᠠᠯᠠᠪᠤᠷᠢ ᠶᠢ ᠠᠰᠢᠭᠯᠠᠨ ᠦᠨᠳᠦᠰᠦᠨ ᠱᠠᠲᠤᠨ ᠤ ᠺᠠᠳ᠋ᠷ ᠢ ᠡᠷᠦᠬᠡ ᠳᠤ ᠬᠦᠷᠴᠦ ᠵᠢᠭᠰᠠᠭᠠᠨ ᠪᠠᠶᠢᠴᠠᠭᠠᠬᠤ ᠠᠵᠢᠯ ᠤᠨ ᠬᠥᠲᠥᠯᠦᠨ ᠵᠢᠯᠣᠭᠤᠳᠣᠯᠭ᠎ᠠ ᠥᠷᠨᠢᠭᠦᠯᠵᠦ᠂ ᠪᠣᠯᠪᠠᠰᠤᠷᠠᠭᠤᠯᠤᠯ ᠤᠨ ᠴᠠᠭ ᠬᠤᠭᠤᠴᠠᠭᠠᠲᠤ ᠴᠢᠨᠠᠷ ᠪᠠ ᠠᠭᠤᠯᠭ᠎ᠠ ᠶᠢᠨ ᠶᠠᠰᠤ ᠴᠢᠨᠠᠷ ᠢ ᠪᠠᠲᠤᠯᠠᠪᠠ᠃ ᠬᠤᠶᠠᠷ ᠪᠠᠯᠭᠠᠰᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠵᠢᠴᠢ ᠪᠦᠬᠦ ᠲᠤᠭᠤᠷᠢᠭ ᠤᠨ ᠡᠯ᠎ᠡ ᠲᠣᠰᠬᠤᠨ ᠤ ᠱᠦᠵᠢ᠂ ᠬᠤᠶᠠᠷ ᠵᠥᠪᠯᠡᠯ ᠤᠨ ᠺᠠᠳ᠋ᠷ᠂ ᠲᠣᠰᠬᠤᠨ ᠳᠤ ᠰᠠᠭᠤᠭ᠎ᠠ ᠺᠠᠳ᠋ᠷ ᠵᠡᠷᠭᠡ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1