ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/12/14
      ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠣᠯᠠᠨ ᠲᠦᠮᠡᠨ ᠤ ᠠᠵᠢᠯ ᠣᠯᠭᠤᠯᠲᠠ ᠪᠠ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠱᠠᠲᠤ ᠱᠠᠲᠤ ᠪᠠᠷ ᠲᠠᠪᠴᠠᠩ ᠪᠤᠰᠬᠠᠬᠤ᠂ ᠨᠠᠷᠢᠯᠢᠭ ᠣᠨᠣᠴᠠᠲᠠᠶ ᠪᠠᠷ ᠪᠣᠯᠪᠠᠰᠤᠷᠠᠭᠤᠯᠬᠤ᠂ ᠠᠵᠢᠯ ᠣᠯᠭᠤᠯᠲᠠ ᠶᠢ ᠠᠬᠢᠭᠤᠯᠬᠤ︾ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠠᠵᠢᠯ ᠮᠡᠷᠭᠡᠵᠢᠯ ᠤᠨ ᠪᠣᠯᠪᠠᠰᠤᠷᠠᠯ ᠰᠤᠷᠤᠯᠴᠠᠯᠭ᠎ᠠ ᠳᠤ ᠲᠦᠰᠢᠭᠯᠡᠨ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠭᠦᠨᠵᠡᠭᠡᠶ ᠥᠷᠨᠢᠭᠦᠯᠵᠦ᠂ ᠬᠥᠳᠡᠯᠮᠦᠷᠢᠴᠢᠳ ᠤᠨ ᠠᠵᠢᠯ ᠣᠯᠬᠤ ᠤᠷ᠎ᠠ ᠴᠢᠳᠠᠪᠤᠷᠢ ᠶᠢᠨ ᠴᠢᠳᠠᠪᠤᠷᠢ ᠶᠢ ᠨᠡᠮᠡᠭᠳᠡᠭᠦᠯᠦᠨ᠂ ᠣᠯᠠᠨ ᠵᠦᠢᠯ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠭᠠᠷᠭᠠᠵᠤ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠰᠢᠨ᠎ᠡ ᠥᠨᠳᠦᠷᠯᠢᠭ ᠢ ᠪᠥᠬᠦ ᠲᠠᠯ᠎ᠠ ᠪᠠᠷ ᠪᠣᠶ ᠪᠣᠯᠭᠠᠪᠠ᠃      ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠬᠠᠩᠭᠠᠯᠭ᠎ᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃      ︽ᠮᠡᠷᠭᠡᠵᠢᠯ ᠴᠢᠳᠠᠪᠤᠷᠢ ᠶᠢᠨ ᠠᠵᠢᠯᠯᠠᠭ᠎ᠠ︾ ᠶᠢ ᠭᠦᠨᠵᠡᠭᠡᠶ ᠬᠡᠷᠡᠭᠵᠢᠭᠦᠯᠵᠦ᠂ ᠴᠢᠳᠠᠮᠵᠢ ᠨᠢ ᠪᠦᠷᠢᠨ ᠲᠡᠭᠦᠯᠳᠡᠷ᠂ ᠳᠠᠭᠠᠭᠠᠴᠠ ᠨᠢ ᠴᠢᠩᠭ᠎ᠠ᠂ ᠵᠢᠱᠢᠶ᠎ᠡ ᠦᠵᠡᠭᠦᠯᠬᠦ ᠪᠠ ᠳᠠᠶᠢᠴᠢᠯᠠᠬᠤ ᠦᠢᠯᠡᠳᠦᠯ ᠲᠠᠢ 8 ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠴᠢᠶᠠᠯᠠᠪᠤᠷᠢ ᠶᠢ ᠰᠢᠭᠰᠢᠨ ᠰᠣᠩᠭᠤᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠢᠪᠡ᠃ ᠡᠭᠦᠨ ᠤ ᠬᠠᠮᠲᠤ᠂ ᠠᠵᠤ ᠠᠬᠤᠶᠢᠯᠠᠯ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠭᠥᠷᠳᠡᠬᠦ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠠᠮᠤᠷᠬᠤ ᠬᠡᠪᠴᠢᠶ᠎ᠡ ᠪᠠᠷ ᠥᠷᠭᠡᠨ᠂ ᠪᠠᠶᠢᠷᠢᠰᠢᠭᠤᠯᠤᠯ ᠨᠢ ᠵᠦᠶ ᠵᠣᠬᠢᠰᠲᠠᠶ᠂ ᠴᠢᠨᠠᠷ ᠰᠠᠶᠢᠲᠠᠶ ᠬᠥᠭᠵᠢᠯᠲᠡ ᠪᠠ ᠣᠲᠣ ᠦᠶ᠎ᠡ ᠶᠢᠨ ᠠᠵᠤ ᠠᠬᠤᠶ ᠶᠢᠨ ᠬᠥᠭᠵᠢᠯᠲᠡ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠣᠯᠠᠨ ᠨᠡᠶᠢᠲᠡ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠢᠰᠲ᠋ᠧᠮᠵᠢ ᠶᠢ ᠪᠠᠶᠢᠭᠤᠯᠤᠨ᠎ᠠ᠃ ᠡᠨᠡ ᠵᠢᠯ ᠠᠴᠠ ᠨᠠᠰᠢ᠂ ᠨᠥᠬᠦᠪᠥᠷᠢ ᠶᠢᠨ ᠴᠢᠨᠠᠷᠲᠠᠶ ᠠᠵᠢᠯ ᠮᠡᠷᠭᠡᠵᠢᠯ ᠤᠨ ᠪᠣᠯᠪᠠᠰᠤᠷᠠᠯ ᠢ 7513 ᠥᠷᠨᠢᠭᠦᠯᠵᠦ᠂ ᠡᠭᠦᠨ ᠳᠤ ᠮᠠᠯᠴᠢᠨ ᠲᠠᠷᠢᠶᠠᠴᠢᠨ ᠤ ᠪᠣᠯᠪᠠᠰᠤᠷᠠᠯ ᠢ 602 ᠬᠥᠮᠦᠨ᠂ ᠬᠡᠷ ᠪᠦᠯᠢ ᠶᠢᠨ ᠦᠢᠯᠡᠴᠢᠯᠡᠭᠡᠨ ᠤ ᠦᠢᠯᠡᠰ ᠤᠨ ᠪᠣᠯᠪᠠᠰᠤᠷᠠᠯ ᠢ 1074 ᠬᠥᠮᠦᠨ᠂ ᠬᠤᠲᠠ ᠪᠠᠯᠭᠠᠰᠤᠨ ᠤ ᠠᠵᠢᠯ ᠣᠯᠭᠤᠯᠲᠠ ᠶᠢᠨ ᠪᠣᠯᠪᠠᠰᠤᠷᠠᠯ ᠢ 2066 ᠬᠥᠮᠦᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠣᠯᠪᠠᠰᠤᠷᠠᠯ ᠢ 3133 ᠬᠥᠮᠦᠨ᠂ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠢ 678 ᠬᠥᠮᠦᠨ ᠥᠷᠨᠢᠭᠦᠯᠵᠦ᠂ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠢ ᠬᠦᠷᠲᠡᠭᠰᠡᠨ ᠤ ᠳᠠᠷᠠᠭ᠎ᠠ 277 ᠬᠥᠮᠦᠨ ᠪᠣᠶ᠃      ᠠᠵᠤ ᠦᠢᠯᠡᠰ ᠪᠠᠨ ᠰᠤᠷᠭᠠᠨ ᠬᠦᠮᠦᠵᠢᠯ ᠢ ᠵᠡᠷᠭᠡᠪᠡᠷ ᠠᠬᠢᠭᠤᠯᠵᠤ᠂ ᠳᠤᠲᠠᠵᠤ ᠪᠠᠶᠢᠭ᠎ᠠ ᠪᠠᠴᠢᠮ ᠬᠡᠷᠡᠭᠰᠡᠬᠦ ᠴᠢᠳᠠᠪᠤᠷᠢᠲᠠᠨ ᠢ ᠬᠦᠮᠦᠵᠢᠭᠦᠯᠦᠨ᠎ᠡ      ᠳ᠋ᠦᠩ ᠾᠧ ᠲᠣᠭᠤᠷᠢᠭ ᠤᠨ ᠬᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠣᠨ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠲᠤᠰ ᠪᠡᠶ᠎ᠡ ᠶᠢᠨ ᠪᠠᠭᠰᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠣᠯᠪᠠᠰᠤᠷᠠᠭᠤᠯᠤᠯ ᠤᠨ ᠠᠭᠤᠯᠭ᠎ᠠ ᠪᠣᠯᠣᠨ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠵᠣᠬᠢᠴᠠᠯᠳᠤᠬᠤ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠰᠢᠨ᠎ᠡ ᠵᠠᠭᠪᠤᠷ ᠢ ᠠᠬᠢᠭᠤᠯᠤᠨ᠎ᠠ᠃ ᠬᠠᠷᠢᠶᠠᠲᠤ ᠣᠷᠣᠨ ᠤ ᠨᠠᠷᠠᠲᠤ ᠰᠢᠯᠢᠳᠡᠭ ᠠᠵᠤ ᠠᠬᠤᠶᠢᠯᠠᠯ ᠢ ᠤᠷᠢᠵᠤ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠰᠤᠷᠤᠯᠴᠠᠭᠤᠯᠵᠤ᠂ ︽ᠵᠠᠯᠠᠭᠤ ᠨᠠᠰᠤᠨ ᠤ ᠠᠵᠢᠯ ᠳᠤ ᠢᠷᠡᠭᠡᠳᠦᠶ ᠶᠢ ᠲᠡᠳᠡᠨ ᠠᠪᠴᠢᠷᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠳᠤ ᠬᠦᠴᠦᠨ ᠨᠡᠮᠡᠷᠢᠯᠡᠬᠦ︾ ᠦᠢᠯᠡᠴᠢᠯᠡᠭᠡᠨ ᠤ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ 2023 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ ᠳᠠᠳᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠲᠠᠢ ᠰᠤᠷᠭᠠᠭᠤᠯᠢ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠡᠷᠡᠭᠦᠤ ᠰᠢᠢᠳᠬᠡᠯ ᠭᠦᠢᠴᠡᠳᠬᠡᠵᠦ ᠪᠠᠶᠢᠭ᠎ᠠ ᠬᠥᠮᠦᠰ ᠢ ᠪᠣᠯᠪᠠᠰᠤᠷᠠᠭᠤᠯᠬᠤ ᠬᠦᠰᠡᠯ ᠡᠷᠡᠮᠡᠯᠵᠡᠯ ᠪᠠ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠵᠢᠴᠢ ᠭᠢᠨᠳᠠᠨ ᠤ ᠬᠠᠮᠢᠶᠠᠷᠤᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠢᠨᠳᠠᠨ ᠤ ᠡᠷᠡᠭᠦᠤ ᠰᠢᠢᠳᠬᠡᠯ ᠭᠦᠢᠴᠡᠳᠬᠡᠵᠦ ᠪᠠᠶᠢᠭ᠎ᠠ ᠲᠦᠷᠦᠭᠦᠤ ᠪᠦᠯᠦᠭ ᠤᠨ 82 ᠭᠢᠨᠳᠠᠨ ᠤ ᠡᠷᠡᠭᠦᠤ ᠰᠢᠢᠳᠬᠡᠯ ᠭᠦᠢᠴᠡᠳᠬᠡᠵᠦ ᠪᠠᠶᠢᠭ᠎ᠠ ᠬᠥᠮᠦᠰ ᠲᠤ ᠬᠠᠨᠳᠤᠯᠭᠠᠲᠤ ᠴᠢᠨᠠᠷ ᠢᠶᠠᠷ ᠴᠢᠩᠭ᠎ᠠ᠂ ᠬᠡᠷᠡᠭᠯᠡᠬᠦ ᠳᠤ ᠳᠥᠭᠦᠮᠬᠡᠨ ᠲᠠᠯᠬ᠎ᠠ ᠪᠠᠷ ᠬᠠᠭᠰᠠᠭᠠᠵᠤ᠂ ᠺᠣᠮᠫᠢᠦ᠋ᠲ᠋ᠧᠷ ᠤᠨ ᠠᠵᠢᠯᠯᠠᠭᠴᠢ ᠶᠢᠨ ᠲᠤᠰᠬᠠᠶ ᠮᠡᠷᠭᠡᠵᠢᠯ ︵ᠠᠵᠢᠯ ᠤᠨ ᠲᠥᠷᠥᠯ︶ ᠤᠨ ᠪᠣᠯᠪᠠᠰᠤᠷᠠᠭᠤᠯᠤᠯ ᠥᠷᠨᠢᠭᠦᠯᠬᠦ ᠶᠢ ᠲᠣᠭᠲᠠᠭᠠᠪᠠ᠃      ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠋ ᠤᠨ ᠦᠨᠡᠨ ᠨᠡᠷ᠎ᠡ ᠶᠢᠨ ᠳᠦᠷᠢᠮ ᠤᠨ ᠮᠡᠳᠡᠭᠡ ᠵᠠᠩᠭᠢ ᠶᠢ ᠲᠡᠭᠦᠯᠳᠡᠷᠵᠢᠭᠦᠯᠵᠦ᠂ ᠬᠠᠨᠳᠤᠯᠭᠠᠲᠤ ᠴᠢᠨᠠᠷᠲᠠᠢ ᠪᠠᠷ ᠠᠵᠢᠯ ᠮᠡᠷᠭᠡᠵᠢᠯ ᠤᠨ ᠵᠢᠯᠣᠭᠤᠳᠤᠯᠭ᠎ᠠ ᠬᠠᠩᠬᠠᠨ᠎ᠠ      ᠣᠯᠠᠨ ᠠᠷᠭ᠎ᠠ ᠵᠠᠮ ᠢᠶᠠᠷ ᠳᠠᠮᠵᠢᠭᠤᠯᠤᠨ ᠦᠨᠡᠨ ᠨᠡᠷ᠎ᠡ ᠶᠢᠨ ᠳᠦᠷᠢᠮ ᠤᠨ ᠮᠡᠳᠡᠭᠡ ᠵᠠᠩᠭᠢ ᠶᠢᠨ ᠦᠢᠯᠡᠴᠢᠯᠡᠭᠡ ᠶᠢ ᠥᠷᠨᠢᠭᠦᠯᠵᠦ᠂ ︽131︾ ᠠᠵᠢᠯ ᠣᠯᠭᠤᠬᠤ ᠦᠢᠯᠡᠴᠢᠯᠡᠭᠡ ︵ᠲᠤᠬᠠᠶᠢᠯᠠᠪᠠᠯ ᠵᠢᠯ ᠤᠨ ᠡᠴᠦᠰ ᠠᠴᠠ ᠡᠮᠦᠨ᠎ᠡ ᠠᠵᠢᠯ ᠣᠯᠣᠭᠠᠳᠤᠢ ᠲᠡᠭᠦᠰᠦᠭᠰᠡᠳ ᠲᠤ ᠠᠳᠠᠭ ᠲᠠᠭᠠᠨ 1 ᠤᠳᠠᠭ᠎ᠠ ᠡᠷᠬᠢᠯᠡᠭᠰᠡᠨ ᠠᠵᠢᠯ ᠤᠨ ᠵᠢᠯᠣᠭᠤᠳᠤᠯᠭ᠎ᠠ᠂ 3 ᠤᠳᠠᠭ᠎ᠠ ᠠᠵᠢᠯ ᠤᠨ ᠪᠠᠶᠢᠷᠢ ᠲᠠᠨᠢᠯᠴᠠᠭᠤᠯᠬᠤ᠂ 1 ᠤᠳᠠᠭ᠎ᠠ ᠡᠷᠬᠢᠯᠡᠭᠰᠡᠨ ᠠᠵᠢᠯ ᠤᠨ ᠪᠣᠯᠪᠠᠰᠤᠷᠠᠭᠤᠯᠤᠯ ᠬᠢᠬᠦ ᠪᠤᠶᠤ ᠠᠵᠢᠯ ᠣᠯᠬᠤ ᠪᠠᠷ ᠳᠠᠭᠠᠵᠤ ᠰᠤᠷᠬᠤ ᠲᠣᠬᠢᠶᠠᠯ︶ ᠶᠢ ᠬᠠᠩᠭᠠᠵᠤ᠂ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠠᠢ ᠴᠠᠭ ᠲᠤᠬᠠᠢ ᠳᠤ ᠨᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠠᠵᠢᠯ ᠠᠯᠳᠠᠭᠰᠠᠨ ᠪᠠᠶᠢᠳᠠᠯ᠂ ᠠᠵᠢᠯ ᠡᠷᠢᠬᠦ ᠰᠠᠨᠠᠮᠵᠢ᠂ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠲᠣᠳᠣᠷᠬᠠᠢ ᠣᠶᠢᠯᠠᠭᠠᠬᠤ ᠬᠡᠷᠡᠭᠲᠡᠢ᠃ ᠠᠵᠢᠯ ᠣᠯᠬᠤ ᠬᠦᠰᠡᠯ ᠲᠠᠢ ᠪᠠᠶᠢᠪᠠᠯ᠂ ᠬᠠᠨᠳᠤᠯᠭᠠᠲᠤ ᠴᠢᠨᠠᠷᠲᠠᠶ ᠪᠠᠷ ᠠᠵᠢᠯ ᠮᠡᠷᠭᠡᠵᠢᠯ ᠤᠨ ᠵᠢᠯᠣᠭᠤᠳᠣᠯᠭ᠎ᠠ᠂ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠪᠠ ᠠᠵᠢᠯ ᠲᠥᠷᠥᠯ ᠤᠨ ᠳᠠᠳᠤᠯᠭ᠎ᠠ ᠶᠢᠨ ᠲᠣᠬᠢᠶᠠᠯ ᠢ ᠬᠠᠩᠭᠠᠨ᠎ᠠ︔ ᠲᠦᠷ ᠠᠵᠢᠯ ᠣᠯᠬᠤ ᠬᠦᠰᠡᠯ ᠡᠷᠡᠮᠡᠯᠵᠡᠯ ᠦᠭᠡᠢ ᠪᠠᠶᠢᠪᠠᠯ᠂ ᠪᠠᠶᠢᠳᠠᠯ ᠤᠨ ᠲᠡᠮᠳᠡᠭᠯᠡᠯ ᠢ ᠰᠠᠶᠢᠲᠤᠷ ᠬᠢᠵᠦ᠂ ᠴᠠᠭ ᠲᠤᠬᠠᠶ ᠳᠤᠨᠢ ᠮᠥᠷᠳᠡᠨ ᠦᠢᠯᠡᠴᠢᠯᠡᠨ᠎ᠡ᠃ ᠡᠭᠦᠨ ᠤ ᠬᠠᠮᠲᠤ ᠣᠯᠠᠨ ᠨᠡᠶᠢᠲᠡ ᠶᠢᠨ ᠳ᠋ᠤᠭᠠᠷ ᠤᠨ ᠲᠠᠪᠴᠠᠩ ᠳᠤ ︽2023 ᠣᠨ ᠤ ᠰᠤᠷᠭᠠᠭᠤᠯᠢ ᠠᠴᠠ ᠪᠠᠨ ᠰᠠᠯᠵᠤ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠥᠭᠭᠦᠭᠰᠡᠨ ᠨᠢᠭᠡ ᠬᠤᠪᠢ ᠵᠠᠬᠢᠳᠠᠯ︾ ᠢ ᠨᠡᠶᠢᠲᠡᠯᠡᠵᠦ᠂ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠬᠦ ᠳᠡᠩᠰᠡᠯᠡᠯᠲᠡ ᠶᠢᠨ ᠵᠢᠵᠢᠭ ᠲᠠᠰ ᠳᠠᠷᠠᠭᠠᠯᠠᠯ᠂ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠤᠭᠠᠳᠤᠶ ᠸᠢᠴᠠᠲ ᠤᠨ ᠴᠤᠭᠯᠠᠷᠠᠯ ᠲᠠᠢ ᠬᠠᠷᠢᠯᠴᠠᠵᠤ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠵᠢᠴᠢ ᠠᠵᠤ ᠠᠬᠤᠶᠢᠯᠠᠯ ᠤᠨ ᠠᠵᠢᠯᠴᠢᠨ ᠡᠯᠰᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠠᠵᠢᠯ ᠣᠯᠭᠤᠬᠤ ᠠᠵᠢᠯ ᠢ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠪᠡ᠃ ᠣᠳᠣ ᠪᠣᠯᠲᠠᠯ᠎ᠠ᠂ ᠨᠢᠭᠡᠨᠲᠡ 903 ᠰᠤᠷᠭᠠᠭᠤᠯᠢ ᠲᠡᠭᠦᠰᠦᠭᠰᠡᠳ ᠲᠤ ᠡᠯ᠎ᠡ ᠵᠦᠢᠯ ᠤᠨ ᠦᠢᠯᠡᠴᠢᠯᠡᠭᠡᠨ 750 ᠬᠥᠮᠦᠨ ᠤᠳᠠᠭ᠎ᠠ ᠬᠠᠩᠭᠠᠪᠠ᠂ ᠡᠭᠦᠨ ᠳᠤ᠂ ᠣᠳᠣ ᠨᠢᠭᠡᠨᠲᠡ ᠠᠵᠢᠯ ᠣᠯᠤᠭᠰᠠᠨ ᠲᠡᠭᠦᠰᠦᠭᠰᠡᠳ 674 ᠬᠥᠮᠦᠨ᠂ ᠰᠤᠷᠭᠠᠭᠤᠯᠢ ᠳᠤ ᠳᠠᠪᠰᠢᠭᠰᠠᠨ ᠰᠤᠷᠤᠭᠴᠢ 8 ᠬᠥᠮᠦᠨ᠂ ᠭᠠᠳᠠᠭᠠᠳᠤ ᠳᠤ ᠭᠠᠷᠴᠤ 2 ᠬᠥᠮᠦᠨ᠂ ᠴᠡᠷᠢᠭ ᠲᠤ ᠤᠷᠤᠭᠰᠠᠨ 9 ᠬᠥᠮᠦᠨ᠂ ᠠᠵᠢᠯ ᠣᠯᠤᠭᠰᠠᠨ ᠨᠣᠷᠮ᠎ᠠ 76.74% ᠲᠤ ᠬᠦᠷᠪᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1