ᠳ᠋ᠦᠩ ᠾᠧ ᠲᠣᠭᠤᠷᠢᠭ ᠤᠨ 2023 ᠣᠨ ᠤ 1 ᠰᠠᠷ᠎ᠠ ᠠᠴᠠ 10 ᠰᠠᠷ᠎ᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2023/12/14
     ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ       ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠪᠠᠶᠢᠬᠤ ᠶᠢ ᠪᠠᠲᠤᠯᠠᠵᠤ᠂ 1 - 10 ᠳ᠋ᠤᠭᠠᠷ ᠰᠠᠷ᠎ᠠ ᠳᠤ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠵᠦ᠂ ᠬᠤᠶᠠᠷ ᠵᠢᠯ ᠤᠨ ᠳᠤᠮᠳᠠᠴᠢ ᠨᠡᠮᠡᠭᠳᠡᠯ ᠦᠷᠳᠡᠭ 6.7% ᠪᠠᠷ ᠨᠡᠮᠡᠭᠳᠡᠵᠦ᠂ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.8 ᠵᠠᠭᠤᠨ ᠤ ᠴᠡᠭ ᠳᠣᠣᠷ᠎ᠠ ᠪᠣᠯᠵᠤ᠂ ᠭᠤᠷᠪᠠᠳᠤᠭᠠᠷ ᠤᠯᠠᠷᠢᠯ ᠠᠴᠠ 0.2 ᠵᠠᠭᠤᠨ ᠤ ᠴᠡᠭ ᠳᠣᠣᠷ᠎ᠠ ᠪᠣᠯᠵᠤ᠂ ᠪᠦᠬᠦ ᠬᠤᠳᠠ ᠶᠢᠨ 17.6 ᠵᠠᠭᠤᠨ ᠤ ᠴᠡᠭ ᠢᠶᠠᠷ ᠳᠣᠣᠷ᠎ᠠ ᠪᠣᠯᠵᠤ᠂ ᠥᠪᠡᠷᠲᠡᠭᠡᠨ ᠵᠠᠰᠠᠬᠤ ᠣᠷᠣᠨ ᠤ 2.1 ᠵᠠᠭᠤᠨ ᠤ ᠴᠡᠭ ᠢᠶᠠᠷ ᠳᠣᠣᠷ᠎ᠠ ᠪᠣᠯᠵᠤ᠂ ᠪᠦᠬᠦ ᠤᠯᠤᠰ ᠤᠨ ᠬᠡᠪᠴᠢᠶ᠎ᠠ ᠠᠴᠠ 0.7 ᠵᠠᠭᠤᠨ ᠤ ᠴᠡᠭ ᠥᠨᠳᠥᠷ ᠪᠣᠯᠪᠠ᠃      ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ      ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠦᠷᠭᠦᠯᠵᠢᠯᠡᠨ ᠨᠡᠮᠡᠭᠳᠡᠵᠦ᠂ 1 - 10 ᠳ᠋ᠤᠭᠠᠷ ᠰᠠᠷ᠎ᠠ ᠳᠤ ᠪᠦᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 47.2% ᠢᠶᠠᠷ ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 23.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 43.2 ᠵᠠᠭᠤᠨ ᠤ ᠨᠢᠭᠡᠴᠢ ᠥᠨᠳᠥᠷ ᠪᠣᠯᠵᠤ᠂ ᠪᠦᠬᠦ ᠬᠤᠲᠠ ᠶᠢᠨ 14.5 ᠵᠠᠭᠤᠨ ᠤ ᠨᠢᠭᠡᠴᠢ ᠥᠨᠳᠥᠷ ᠪᠣᠯᠵᠤ᠂ ᠥᠪᠡᠷᠲᠡᠭᠡᠨ ᠵᠠᠰᠠᠬᠤ ᠣᠷᠣᠨ ᠤ 23.5 ᠵᠠᠭᠤᠨ ᠤ ᠨᠢᠭᠡᠴᠢ ᠥᠨᠳᠥᠷ ᠪᠣᠯᠵᠤ᠂ ᠪᠦᠬᠦ ᠤᠯᠤᠰ ᠠᠴᠠ 44.3 ᠵᠠᠭᠤᠨ ᠤ ᠨᠢᠭᠡᠴᠢ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠳᠤ ᠭᠤᠷᠪᠠᠳᠤᠭᠠᠷ ᠲᠤ ᠣᠷᠣᠪᠠ᠃      ᠭᠤᠷᠪᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠰᠤᠯᠠ ᠪᠠᠷ ᠬᠤᠳᠠᠯᠳᠤᠭᠰᠠᠨ ᠶᠡᠷᠦᠩᠬᠡᠢ ᠲᠤᠭ᠎ᠠ      ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠲᠣᠭᠲᠠᠭᠤᠨ ᠢᠶᠠᠷ ᠰᠡᠷᠭᠦᠵᠦ᠂ 1 - 10 ᠳ᠋ᠤᠭᠠᠷ ᠰᠠᠷ᠎ᠠ ᠳᠤ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 157.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠨ᠂ ᠬᠤᠶᠠᠷ ᠵᠢᠯ ᠳᠤ ᠳᠤᠮᠳᠠᠴᠢ ᠪᠠᠷ 1.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 10.6 ᠵᠠᠭᠤᠨ ᠤ ᠨᠢᠭᠡᠴᠢ ᠥᠨᠳᠥᠷ ᠪᠣᠯᠵᠤ᠂ ᠲᠦᠷᠦᠭᠦᠤ ᠭᠤᠷᠪᠠᠨ ᠤᠯᠠᠷᠢᠯ ᠤᠨ ᠬᠢ ᠠᠴᠠ 1.7 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠬᠤᠲᠠ ᠶᠢᠨ 0.8 ᠵᠠᠭᠤᠨ ᠤ ᠨᠢᠭᠡᠴᠢ ᠠᠴᠠ ᠳᠣᠤᠷ᠎ᠠ ᠪᠣᠯᠵᠤ᠂ ᠥᠪᠡᠷᠲᠡᠭᠡᠨ ᠵᠠᠰᠠᠬᠤ ᠣᠷᠣᠨ ᠠᠴᠠ 0.1 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠤᠯᠤᠰ ᠤᠨ 0.5 ᠵᠠᠭᠤᠨ ᠤ ᠨᠢᠭᠡᠴᠢ ᠠᠴᠠ ᠳᠣᠤᠷ᠎ᠠ ᠪᠣᠯᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1