ᠰᠢ ᠨᠣᠪᠦ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠪᠤᠭᠤᠲᠤ ᠬᠤᠳᠠ ᠶᠢᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠢ ᠲᠣᠭᠤᠷᠢᠨ ᠦᠵᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2023/12/4
     ᠲᠡᠷᠢᠭᠦᠨ ᠤ ᠭᠠᠵᠠᠷ ᠣᠷᠣᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶᠎ ᠤᠨ ᠠᠵᠢᠯ ᠤᠨ ᠲᠤᠷᠰᠢᠯᠭ᠎ᠠ ᠶᠢ ᠰᠤᠷᠤᠯᠴᠠᠨ ᠲᠣᠯᠢᠯᠠᠵᠤ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶᠎ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠰᠢ ᠨᠣᠪᠦ ᠵᠡᠭᠡᠯᠢ ᠭᠤᠳᠤᠮᠵᠢ ᠶᠢᠨ ᠨᠠᠮ ᠤᠨ ᠬᠤᠷᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ 7 ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ᠤᠨ ᠱᠦᠵᠢ ᠪᠣᠯᠤᠨ ᠠᠵᠢᠯᠲᠠᠨ ᠢ ᠵᠣᠬᠢᠶᠠᠨ ᠪᠠᠶᠢᠭᠤᠯᠤᠨ ᠨᠡᠶᠢᠲᠡ 50 ᠭᠠᠷᠤᠶ ᠬᠥᠮᠦᠨ ᠪᠠᠶᠢᠵᠤ᠂ ᠪᠤᠭᠤᠲᠤ ᠬᠤᠲᠠ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ ᠰᠤᠷᠤᠯᠴᠠᠨ ᠰᠢᠨᠵᠢᠯᠡᠨ ᠪᠠᠶᠢᠴᠠᠭᠠᠪᠠ᠃      ᠲᠣᠰ ᠤᠳᠠᠭᠠᠨ ᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠨᠢ ᠮᠠᠨ ᠤ ᠵᠡᠭᠡᠯᠢ ᠭᠤᠳᠤᠮᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶᠎ ᠤᠨ ᠠᠵᠢᠯ ᠤᠨ ᠰᠢᠨ᠎ᠡ ᠵᠠᠭᠪᠤᠷ ᠢ ᠬᠠᠶᠢᠨ ᠰᠦᠪᠡᠭᠴᠢᠯᠡᠬᠦ ᠳᠤ ᠰᠢᠨ᠎ᠡ ᠰᠡᠳᠬᠢᠴᠡ᠂ ᠰᠢᠨ᠎ᠡ ᠠᠷᠭ᠎ᠠ ᠬᠠᠩᠭᠠᠪᠠ᠃ ᠲᠠᠷᠠᠭᠠᠴᠢ ᠶᠢᠨ ᠠᠯᠬᠤᠮ ᠳᠤ᠂ ᠰᠢ ᠨᠣᠪᠦ ᠵᠡᠭᠡᠯᠢ ᠭᠤᠳᠤᠮᠵᠢ ᠶᠢᠨ ᠬᠢᠨ ᠲᠣᠰ ᠤᠳᠠᠭᠠᠨ ᠤ ᠰᠤᠷᠤᠯᠴᠠᠯᠭ᠎ᠠ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠵᠥᠷᠢᠶ᠎ᠡ ᠪᠠᠨ ᠡᠷᠢᠵᠦ᠂ ᠲᠤᠷᠰᠢᠯᠭ᠎ᠠ ᠪᠠᠨ ᠰᠤᠷᠤᠯᠴᠠᠵᠤ᠂ ᠠᠵᠢᠯ ᠤᠨ ᠠᠷᠭ᠎ᠠ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶᠎ ᠤᠨ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠪᠥᠬᠦ ᠲᠠᠯ᠎ᠠ ᠪᠠᠷ ᠠᠬᠢᠭᠤᠯᠬᠤ ᠪᠣᠯᠤᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠪᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1