ᠺᠠᠩ ᠯᠧ ᠨᠡᠶᠢᠭᠡᠮ ᠲᠣᠭᠤᠷᠢᠭ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠤᠭᠰᠠᠷᠠᠵᠤ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2023/12/4
     ᠺᠠᠩ ᠯᠧ ᠨᠡᠶᠢᠭᠡᠮ ᠲᠣᠭᠤᠷᠢᠭ ᠰᠠᠭᠤᠭᠠᠯᠢ ᠠᠷᠠᠳ ᠤᠨ ᠡᠷᠡᠭᠦᠯ ᠮᠡᠨᠳᠦ ᠪᠠ ᠵᠤᠭ᠎ᠠ ᠴᠡᠩᠭᠡᠯ ᠤᠨ ᠬᠡᠷᠡᠭᠴᠡᠭᠡ ᠶᠢ ᠮᠠᠰᠢ ᠴᠢᠬᠤᠯᠠᠴᠢᠯᠠᠭᠰᠠᠭᠠᠷ ᠢᠷᠡᠵᠡᠶ᠃ ᠬᠦᠢᠴᠠᠣᠠ ᠪᠠᠶᠢᠴᠠᠭᠠᠯᠲᠠ ᠪᠠ ᠰᠣᠲᠣᠯᠣᠯᠲᠠ ᠬᠢᠭᠰᠠᠨ ᠤ ᠰᠠᠭᠦᠯᠠᠷ᠂ ᠺᠠᠩ ᠯᠧ ᠨᠠᠶᠢᠭᠡᠮ ᠳᠣᠭᠤᠷᠢᠭ ᠨᠢ ᠰᠣᠶᠣᠯ ᠪᠠᠶ᠎ᠡ ᠶᠢᠨ ᠲᠠᠮᠢᠷ ᠤᠨ ᠰᠠᠯᠠᠭ᠎ᠠ ᠮᠦᠴᠢᠷ ᠲᠤ ᠨᠢᠭᠡ ᠪᠦᠯᠤᠭ ᠪᠠᠶ᠎ᠡ ᠴᠠᠴᠠᠬᠯᠠᠭᠦ ᠰᠢᠨ᠎ᠠ ᠬᠡᠷᠠᠬᠯᠠᠭᠦᠷ ᠢ ᠭᠤᠶᠤᠴᠢᠯᠠᠵᠤ ᠠᠪᠤᠬᠰᠠᠨ ᠪᠦᠭᠤᠠ ᠬᠠᠷᠢᠶ᠎ᠡ ᠣᠷᠣᠠ ᠤ ᠰᠠᠭᠤᠭᠠᠯᠢ ᠠᠷᠠᠣᠠ ᠲᠤ ᠣᠭᠰᠠᠷᠠᠵᠤ ᠣᠢᠭᠴᠠᠢ᠃      ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠤᠭᠰᠠᠷᠠᠬᠤ ᠶᠠᠪᠤᠴᠠ ᠳᠤ᠂ ᠨᠡᠶᠢᠭᠡᠮ ᠲᠣᠭᠤᠷᠢᠭ ᠤᠨ ᠠᠵᠢᠯᠲᠠᠳ ᠭᠠᠵᠠᠷ ᠰᠣᠩᠭᠤᠨ᠂ ᠤᠭᠰᠠᠷᠠᠬᠤ ᠣᠷᠣᠨ ᠪᠠᠶᠢᠷᠢ ᠶᠢ ᠵᠦᠶ ᠵᠣᠬᠢᠰᠲᠠᠶ ᠪᠠᠶᠢᠯᠭᠠᠬᠤ ᠶᠢ ᠦᠨᠡᠨᠬᠦ ᠪᠠᠲᠤᠯᠠᠵᠤ᠂ ᠰᠠᠭᠤᠭᠠᠯᠢ ᠠᠷᠠᠳ ᠲᠤ ᠳᠥᠭᠦᠮ ᠦᠵᠡᠭᠦᠯᠦᠨ᠎ᠡ᠃ ᠡᠭᠦᠨ ᠤ ᠬᠠᠮᠲᠤ᠂ ᠲᠡᠳᠡ ᠪᠠᠰᠠ ᠰᠠᠭᠤᠭᠠᠯᠢ ᠠᠷᠠᠳ ᠲᠤ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠵᠥᠪ ᠬᠡᠷᠡᠭᠯᠡᠬᠦ ᠠᠷᠭ᠎ᠠ ᠪᠠ ᠠᠩᠬᠠᠷᠬᠤ ᠵᠦᠢᠯᠡᠰ ᠢ ᠤᠬᠠᠭᠤᠯᠵᠤ᠂ ᠰᠠᠨᠠᠭᠠᠨ ᠳᠤ ᠥᠬᠡᠶ ᠬᠡᠷᠡᠭ ᠭᠠᠷᠬᠤ ᠠᠴᠠ ᠰᠡᠷᠭᠡᠶᠢᠯᠡᠪᠡ᠃
     ᠲᠣᠰ ᠤᠳᠠᠭᠠᠨ ᠤ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠤᠭᠰᠠᠷᠠᠬᠤ ᠠᠷᠭ᠎ᠠ ᠬᠡᠮᠵᠢᠶ᠎ᠡ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠨᠢᠭᠡᠳᠦᠯᠲᠡᠶ ᠰᠠᠶᠢᠨ ᠦᠨᠡᠯᠡᠯᠲᠡ ᠶᠢ ᠣᠯᠵᠠᠶ᠃ ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠡᠲᠡᠭᠡᠷ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠤᠭᠰᠠᠷᠠᠬᠤ ᠨᠢ ᠰᠠᠭᠤᠭᠠᠯᠢ ᠠᠷᠠᠳ ᠤᠨ ᠡᠳᠦᠷ ᠲᠤᠲᠤᠮ ᠤᠨ ᠪᠣᠯᠪᠠᠰᠤᠷᠠᠯ ᠳᠤ ᠲᠥᠬᠦᠮ ᠦᠵᠡᠭᠦᠯᠦᠭᠰᠡᠨ ᠢᠶᠠᠷ ᠪᠠᠷᠠᠬᠤ ᠥᠬᠡᠶ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠠᠶ᠃ ᠨᠡᠶᠢᠭᠡᠮ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠬᠤᠶᠢᠰᠢᠳᠠ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠦᠷᠭᠦᠯᠵᠢᠯᠡᠨ ᠠᠩᠬᠠᠷᠴᠤ᠂ ᠣᠯᠠᠨ ᠳᠤ ᠨᠠᠩ ᠣᠯᠠᠨ ᠨᠠᠩ ᠰᠠᠶᠢᠨ ᠦᠢᠯᠡᠴᠢᠯᠡᠭᠡ ᠬᠠᠩᠭᠠᠵᠤ᠂ ᠡᠶ᠎ᠡ ᠵᠣᠬᠢᠴᠠᠯ ᠲᠠᠢ᠂ ᠡᠷᠡᠭᠦᠯ ᠴᠢᠭᠢᠷᠠᠭ᠂ ᠰᠠᠶᠢᠨ ᠰᠠᠶᠢᠬᠠᠨ ᠨᠡᠶᠢᠭᠡᠮ ᠲᠣᠭᠤᠷᠢᠭ ᠢ ᠴᠢᠷᠮᠠᠶᠢᠨ ᠪᠠᠶᠢᠭᠤᠯᠤᠨ᠎ᠠ ᠭᠡᠵᠡᠶ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠪᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1