ᠬᠤᠩ ᠶᠤᠸᠠᠨ ᠨᠡᠶᠢᠭᠡᠮ ᠲᠣᠭᠤᠷᠢᠭ ︽ᠳᠤᠯᠠᠭᠠᠯᠠᠭ᠎ᠠ︾᠎ ᠶᠢᠨ ᠠᠮᠢᠳᠤᠷᠠᠯ ᠢᠶᠠᠷ ᠨᠠᠰᠤᠲᠠᠶᠢᠴᠤᠳ ᠢ ᠲᠤᠰᠠᠯᠠᠬᠤ - ᠨᠠᠰᠤᠲᠠᠶᠢᠴᠤᠳ ᠤᠨ ᠣᠶᠤᠨᠴᠢ ᠭᠠᠷ ᠤᠲᠠᠰᠤ ᠰᠤᠷᠴᠤ ᠬᠡᠷᠡᠭᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/4
     ᠨᠠᠰᠤᠲᠠᠶᠢᠴᠤᠳ ᠢ ᠬᠠᠪᠰᠤᠷᠤᠨ ᠲᠣᠭᠠᠴᠢᠯᠠᠭᠰᠠᠨ ᠴᠠᠭ ᠦᠶ᠎ᠡ ᠳᠤ ᠤᠯᠠᠮ ᠨᠢᠭᠡ ᠠᠯᠬᠤᠮ ᠠᠭᠤᠰᠤᠯᠴᠠᠭᠤᠯᠬᠤ ᠶᠢᠨ ᠲᠥᠯᠥᠭᠡ᠂ ᠨᠠᠰᠤᠲᠠᠶᠢᠴᠤᠳ ᠲᠤ ᠣᠶᠤᠨᠴᠢ ᠭᠠᠷ ᠤᠲᠠᠰᠤ ᠬᠡᠷᠡᠭᠯᠡᠵᠦ᠂ ᠢᠨᠲ᠋ᠧᠷ ᠰᠦᠯᠵᠢᠶᠡᠨ ᠤ ᠴᠠᠭ ᠦᠶ᠎ᠡ ᠳᠤ ︽ᠡᠩᠨᠡᠭᠡ ᠠᠴᠠ ᠪᠠᠨ ᠬᠤᠴᠣᠷᠬᠤ ᠥᠬᠡᠶ︾ ᠪᠠᠶᠢᠵᠤ᠂ ᠨᠠᠰᠤᠲᠠᠶᠢᠴᠤᠳ ᠤᠨ ᠠᠮᠢᠳᠤᠷᠠᠯ ᠳᠤ ᠲᠥᠬᠦᠮ ᠦᠵᠡᠭᠦᠯᠬᠦ ᠶᠢ ᠵᠢᠭᠠᠵᠤ ᠭᠠᠷᠭᠠᠪᠠ᠃ ᠣᠢᠷ᠎ᠠ ᠶᠢᠨ ᠡᠳᠦᠷ᠂ ᠬᠤᠩ ᠶᠤᠸᠠᠨ ᠨᠡᠢᠭᠡᠮ ᠲᠣᠭᠤᠷᠢᠭ ᠤᠨ ᠰᠠᠢᠨ ᠳᠤᠷ᠎ᠠ ᠶᠢᠨ ᠬᠢᠨ ᠺᠠᠩ ᠳᠠ ᠠᠰᠠᠷ ᠲᠤ ︽ᠳᠤᠯᠠᠭᠠᠯᠠᠬᠤ ᠠᠷᠭ᠎ᠠ︾ ᠠᠮᠢᠳᠤᠷᠠᠯ ᠨᠢ ᠨᠠᠰᠤᠲᠠᠨ ᠢ ᠲᠤᠰᠠᠯᠠᠬᠤ — ᠨᠠᠰᠤᠲᠠᠢᠴᠤᠳ ᠣᠶᠤᠨᠴᠢ ᠭᠠᠷ ᠤᠲᠠᠰᠤ ᠶᠢ ᠬᠡᠷᠡᠭᠯᠡᠬᠦ ᠠᠵᠢᠯᠯᠠᠭ᠎ᠠ ᠥᠷᠨᠢᠭᠦᠯᠵᠦ᠂ ᠨᠠᠰᠤᠲᠠᠢᠴᠤᠳ ᠤᠨ ᠬᠡᠷᠡᠭᠴᠡᠭᠡ ᠠᠴᠠ ᠡᠭᠦᠰᠴᠦ᠂ ᠨᠠᠰᠤᠲᠠᠨ ᠢ ᠲᠤᠰᠠᠯᠠᠬᠤ ᠠᠵᠢᠯᠯᠠᠭ᠎ᠠ ᠶᠢ ᠪᠣᠳᠠᠲᠠᠢ ᠨᠠᠢᠳᠠᠪᠤᠷᠢᠵᠢᠭᠤᠯᠤᠨ᠎ᠠ᠃      ᠠᠵᠢᠯᠯᠠᠭ᠎ᠠ ᠶᠢᠨ ᠶᠠᠪᠤᠴᠠ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠨᠢᠭᠡᠳ ᠨᠢᠭᠡ ᠪᠠᠷ ᠨᠠᠰᠤᠲᠠᠶᠢᠴᠤᠳ ᠳᠤ ᠲᠤᠯᠭᠠᠷᠠᠭᠰᠠᠨ ᠡᠯ᠎ᠡ ᠵᠦᠶ᠋ᠯ ᠤᠨ ᠠᠰᠠᠭᠤᠳᠠᠯ ᠢ ᠰᠢᠶ᠋ᠳᠪᠦᠷᠢᠯᠡᠬᠦ ᠶᠢ ᠵᠢᠯᠣᠭᠤᠳᠪᠠ᠃ ᠸᠢᠴᠠᠲ᠂ ᡁᠢ ᠹᠦ᠋ ᠪᠣᠣ᠂ ᠺᠣᠳ᠋ ᠰᠢᠷᠪᠢᠵᠦ ᠪᠠᠷᠠᠭ᠎ᠠ ᠬᠤᠳᠠᠯᠳᠤᠨ ᠠᠪᠴᠤ᠂ ᠤᠰᠤ ᠴᠠᠬᠢᠯᠭᠠᠨ ᠤ ᠰᠦᠢᠳᠬᠡᠯ ᠲᠤᠰᠢᠶᠠᠨ᠎ᠠ ᠁ ᠣᠶᠤᠨᠲᠤ ᠭᠠᠷ ᠤᠲᠠᠰᠤ ᠠᠮᠢᠳᠤᠷᠠᠯ ᠤᠨ ᠡᠯ᠎ᠡ ᠲᠠᠯ᠎ᠠ ᠪᠠᠷ ᠲᠦᠳᠡ ᠪᠠᠢᠨ᠎ᠠ᠂ ᠭᠡᠪᠡᠴᠦ ᠦᠵᠡᠬᠦ ᠳᠤ ᠳᠥᠭᠦᠮ ᠱᠢᠭ᠋ ᠴᠢᠳᠠᠪᠤᠷᠢ ᠨᠢ ᠨᠠᠰᠤᠲᠠᠢᠴᠤᠳ ᠲᠤ ᠠᠪᠴᠤ ᠬᠡᠯᠡᠪᠡᠯ᠂ ᠬᠠᠷᠢᠨ ᠪᠠᠭ᠎ᠠ ᠪᠤᠰᠤ ᠥᠷᠢᠰᠦᠯᠳᠦᠭᠡᠨ ᠪᠣᠯᠤᠨ᠎ᠠ᠃ ︽ᠡᠩ ᠤᠨ ᠦᠶ᠎ᠡ ᠳᠤ ᠦᠷ᠎ᠡ ᠬᠡᠤᠬᠡᠳ ᠬᠠᠵᠠᠭᠤ ᠳᠤ ᠨᠢ ᠪᠠᠶᠢᠬᠤ ᠦᠭᠡᠢ᠂ ᠭᠠᠷ ᠤᠲᠠᠰᠤ ᠪᠠᠨ ᠲᠠᠨᠢᠯ ᠪᠤᠰᠤ ᠬᠥᠮᠦᠨ ᠳᠤ ᠲᠤᠰᠢᠶᠠᠨ ᠬᠡᠷᠡᠭᠯᠡᠭᠦᠯᠬᠦ ᠮᠥᠷᠲᠡᠭᠡᠨ ᠮᠡᠬᠡᠯᠡᠭᠳᠡᠬᠦ ᠠᠴᠠ ᠠᠶᠤᠳᠠᠭ᠂ ᠡᠶᠢᠮᠦ ᠠᠴᠠ ᠨᠡᠶᠢᠭᠡᠮ ᠲᠣᠭᠤᠷᠢᠭ ᠤᠨ ᠬᠢᠨ ᠪᠠᠶᠢᠨ ᠪᠠᠶᠢᠨ ᠤᠯᠠᠨ ᠢ ᠵᠣᠬᠢᠶᠠᠨ ᠪᠠᠶᠢᠭᠤᠯᠵᠤ ᠣᠶᠤᠨᠴᠢ ᠭᠠᠷ ᠤᠲᠠᠰᠤᠨ ᠤ ᠠᠵᠢᠯᠯᠠᠬᠤ ᠠᠷᠭ᠎ᠠ ᠶᠢ ᠰᠤᠷᠤᠯᠴᠠᠵᠤ᠂ ᠦᠨᠡᠨ ᠪᠣᠳᠠᠲᠠᠶ ᠪᠠᠷ ᠬᠡᠷᠡᠭᠯᠡᠭᠰᠡᠨ︕ ᠣᠷᠣᠰᠢᠨ ᠰᠠᠭᠤᠭᠴᠢ ᠵᠠᠩ ᠡᠵᠢ ᠬᠡᠯᠡᠪᠡ᠃      ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠪᠢᠳᠡ ᠨᠠᠰᠤᠲᠠᠶᠢᠴᠤᠳ ᠤᠨ ᠢᠳᠡᠪᠬᠢᠲᠡᠶ ᠰᠤᠷᠤᠯᠴᠠᠵᠤ᠂ ᠲᠣᠭᠠᠴᠢᠯᠠᠭᠰᠠᠨ ᠴᠠᠭ ᠦᠶ᠎ᠡ ᠳᠤ ᠠᠭᠤᠰᠤᠯᠴᠠᠭᠰᠠᠨ ᠬᠠᠯᠠᠭᠤᠨ ᠰᠡᠳᠬᠢᠯᠭᠡ ᠶᠢ ᠣᠯᠵᠤ ᠬᠠᠷᠠᠭᠰᠠᠨ ᠢᠶᠠᠷ ᠪᠠᠷᠠᠬᠤ ᠥᠬᠡᠶ᠂ ᠪᠠᠰᠠ ᠰᠠᠶᠢᠨ ᠳᠤᠷᠠᠴᠤᠳ ᠤᠨ ᠨᠠᠰᠤᠲᠠᠶᠢᠴᠤᠳ ᠢ ᠬᠠᠪᠰᠤᠷᠤᠨ ᠨᠡᠶᠢᠭᠡᠮ ᠤᠨ ᠬᠥᠭᠵᠢᠯᠲᠡ ᠳᠤ ᠵᠣᠬᠢᠴᠠᠭᠤᠯᠬᠤ᠂ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠬᠢ ᠴᠢᠬᠤᠯᠠ ᠦᠢᠯᠡᠳᠦᠯ ᠢ ᠣᠯᠵᠤ ᠬᠠᠷᠠᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠪᠠᠷᠠᠭᠤᠨ ᠣᠪᠣᠭ᠎ᠠ ᠰᠢ ᠨᠣᠪᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1