ᠳ᠋ᠦᠩ ᠰᠢᠩ ᠵᠡᠭᠡᠯᠢ ᠭᠤᠳᠤᠮᠵᠢ ᠶᠢᠨ ᠳ᠋ᠦᠩ ᠬᠤᠸᠠ ᠨᠡᠶᠢᠭᠡᠮ ᠲᠣᠭᠤᠷᠢᠭ ︽ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾᠎ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/4
     ᠥᠷᠭᠡᠨ ᠣᠯᠠᠨ ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠵᠠᠮ ᠬᠠᠷᠢᠯᠴᠠᠭᠠᠨ ᠤ ᠠᠳᠡᠯ ᠭᠠᠷᠬᠤ ᠶᠢ ᠰᠡᠷᠭᠡᠶᠢᠯᠡᠬᠦ ᠪᠠ ᠪᠠᠭᠠᠰᠬᠠᠬᠤ ᠶᠢᠨ ᠲᠥᠯᠥᠭᠡ᠂ 12 ᠰᠠᠷ᠎ᠠ ᠶᠢᠨ 1᠎ ᠤ ᠡᠳᠦᠷ᠂ ᠳ᠋ᠦᠩ ᠰᠢᠩ ᠵᠡᠭᠡᠯᠢ ᠭᠤᠳᠤᠮᠵᠢ ᠶᠢᠨ ᠳ᠋ᠦᠩ ᠬᠤᠸᠠ ᠨᠡᠶᠢᠭᠡᠮ ᠲᠣᠭᠤᠷᠢᠭ ︽ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾᠎ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠤᠬᠠᠭᠤᠯᠭ᠎ᠠ ᠶᠢᠨ ᠥᠩᠭᠡᠲᠦ ᠬᠠᠭᠤᠳᠠᠰᠤ ᠲᠠᠷᠬᠠᠭᠠᠬᠤ ᠪᠠᠷ ᠳᠠᠮᠵᠢᠭᠤᠯᠤᠨ ᠨᠠᠰᠢ ᠴᠠᠰᠢ ᠶᠠᠪᠤᠵᠤ ᠪᠠᠶᠢᠭ᠎ᠠ ᠰᠠᠭᠤᠭᠠᠯᠢ ᠠᠷᠠᠳ ᠲᠤ ᠤᠬᠠᠭᠤᠯᠭ᠎ᠠ ᠬᠢᠵᠦ᠂ ᠠᠭᠤᠯᠭ᠎ᠠ ᠳᠤ ᠪᠠᠨ᠄ ᠵᠠᠮ ᠬᠠᠷᠢᠯᠴᠠᠭᠠᠨ ᠤ ᠳᠦᠷᠢᠮ ᠢ ᠵᠢᠷᠤᠮᠯᠠᠬᠤ ᠬᠡᠷᠡᠭᠲᠡᠶ︔ ᠭᠡᠷ ᠤᠨ ᠠᠬᠠᠮᠠᠳ ᠬᠡᠦᠬᠡᠳ ᠢᠶᠠᠨ ᠲᠤᠰᠴᠤ ᠬᠦᠷᠭᠡᠬᠦ ᠦᠶ᠎ᠡ ᠳᠤ ᠵᠠᠰᠠᠮᠠᠯ ᠵᠠᠮ ᠤᠨ ᠳᠤᠮᠳᠠ ᠵᠣᠭᠰᠣᠵᠤ᠂ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ ᠪᠣᠯᠬᠤ ᠦᠭᠡᠢ︔ ᠵᠠᠮ ᠭᠡᠲᠦᠯᠬᠦ ᠳᠤ ᠶᠠᠪᠠᠭᠠᠨ ᠬᠥᠮᠦᠨ ᠶᠠᠪᠤᠬᠤ ᠬᠥᠨᠳᠡᠯᠡᠨ ᠵᠠᠮ ᠤᠨ ᠱᠤᠭᠤᠮ ᠵᠡᠷᠭᠡ ᠪᠠᠭᠲᠠᠨ᠎ᠠ᠃
     ᠡᠨᠡ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠰᠠᠭᠤᠭᠠᠯᠢ ᠠᠷᠠᠳ ᠤᠨ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠪᠠᠲᠤ ᠴᠡᠭᠡᠵᠢᠯᠡᠭᠦᠯᠵᠦ᠂ ᠠᠮᠤᠷ ᠲᠦᠪᠰᠢᠨ ᠵᠠᠮ ᠬᠠᠷᠢᠯᠴᠠᠭᠠᠨ ᠤ ᠦᠵᠡᠯ ᠤᠬᠠᠮᠰᠠᠷ ᠢ ᠣᠶᠤᠨ ᠲᠠᠷᠢᠬᠢᠨ ᠳᠤᠨᠢ ᠬᠠᠳᠠᠩᠰᠢᠭᠤᠯᠵᠤ᠂ ᠡᠶ᠎ᠡ ᠵᠣᠬᠢᠴᠠᠯ ᠲᠠᠢ ᠪᠠᠷ ᠬᠠᠮᠲᠤ ᠪᠠᠷ ᠡᠭᠦᠳᠦᠭᠰᠡᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠥᠮᠦᠵᠢᠯ ᠤᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠳ᠋ᠦᠩ ᠰᠢᠩ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1