ᠦᠨᠳᠦᠰᠦᠲᠡᠨ ᠨᠦᠭᠦᠳ ᠪᠦᠯᠬᠦᠮᠳᠡᠨ ᠨᠢᠭᠲᠠᠷᠠᠵᠤ ᠨᠢᠭᠡ ᠭᠡᠷ ᠤᠨ ᠬᠥᠮᠦᠨ ᠮᠡᠲᠦ ᠲᠥᠷᠥ ᠶᠢᠨ ᠪᠣᠳᠣᠯᠭ᠎ᠠ ᠠᠷᠠᠳ ᠤᠨ ᠰᠡᠳᠬᠢᠯ ᠳᠤ ᠬᠠᠳᠠᠩᠰᠢᠭᠤᠯᠪᠠ
ᠨᠡᠶᠢᠲᠡᠯᠡᠭᠰᠡᠨ ᠴᠠᠭ᠄
2023/12/4
     ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠠᠷ ᠪᠤᠢ ᠪᠣᠯᠭᠠᠬᠤ ᠶᠢᠨ ᠲᠥᠯᠥᠭᠡ 2023 ᠣᠨ ᠤ 11 ᠰᠠᠷ᠎ᠠ ᠶᠢᠨ 20 ᠤ ᠡᠳᠦᠷ᠂ ᠵᠢᠩ ᠶᠤᠸᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠥᠷᠲᠡᠭᠡ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠪᠦᠯᠢ ᠮᠡᠲᠦ ᠳᠣᠲᠣᠨᠣ ᠪᠠᠶᠢᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠠᠷᠠᠳ ᠤᠨ ᠰᠡᠳᠬᠢᠯ ᠳᠤ ᠬᠠᠳᠠᠩᠰᠢᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠤᠬᠠᠭᠤᠯᠤᠨ ᠲᠠᠶᠢᠯᠪᠤᠷᠢᠯᠠᠬᠤ ᠰᠠᠶᠢᠨ ᠳᠤᠷ᠎ᠠ ᠶᠢᠨ ᠦᠢᠯᠡᠴᠢᠯᠡᠭᠴᠢᠳ ᠲᠣᠰ ᠪᠡᠶ᠎ᠡ ᠶᠢᠨ ᠥᠩᠭᠡᠷᠡᠯᠲᠡ ᠲᠠᠢ ᠪᠠᠨ ᠤᠶᠠᠯᠳᠤᠭᠤᠯᠤᠨ ᠣᠯᠠᠨ ᠳᠤ ᠳᠡᠷᠭᠡᠳᠡᠬᠢ ᠦᠨᠡᠨ ᠪᠣᠳᠠᠲᠠᠶ ᠥᠯᠢᠭᠡᠷ ᠢ ᠶᠠᠷᠢᠵᠤ ᠥᠭᠴᠦ᠂ ᠠᠮᠢᠳᠤᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠠᠳᠠᠯᠢ ᠪᠤᠰᠤ ᠬᠠᠷᠠᠭᠠᠰᠤ᠂ ᠠᠳᠠᠯᠢ ᠪᠤᠰᠤ ᠳᠠᠪᠬᠤᠷᠭ᠎ᠠ ᠠᠴᠠ ᠦᠨᠳᠦᠰᠦᠲᠡᠨ ᠤ ᠪᠦᠯᠬᠦᠮᠳᠡᠯ ᠤᠨ ᠲᠤᠬᠠᠶ ᠣᠶᠢᠯᠠᠭᠠᠯᠲᠠ᠂ ᠲᠥᠷᠥᠭᠳᠡᠯ ᠪᠠ ᠥᠩᠭᠡᠷᠡᠯᠲᠡ ᠪᠠᠨ ᠬᠤᠪᠢᠶᠠᠯᠴᠠᠪᠠ᠃      ᠲᠠᠷᠠᠭᠠᠴᠢ ᠶᠢᠨ ᠠᠯᠬᠤᠮ ᠳᠤ᠂ ᠵᠢᠩ ᠶᠤᠸᠠᠨ ᠨᠡᠶᠢᠭᠡᠮ ᠲᠣᠭᠤᠷᠢᠭ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠪᠠᠷ ᠠᠵᠠ ᠲᠣᠬᠢᠶᠠᠯ ᠪᠣᠯᠭᠠᠵᠤ᠂ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠡᠶᠢᠲᠡᠯᠢᠭ ᠦᠢᠯᠡ ᠠᠵᠢᠯᠯᠠᠭ᠎ᠠ ᠶᠢ ᠢᠳᠡᠪᠬᠢᠲᠡᠶ ᠠᠭᠤᠳᠠᠯᠬᠤ ᠶᠢᠨ ᠬᠠᠮᠲᠤ ᠲᠡᠭᠦᠨ ᠳᠤ ᠥᠷᠭᠡᠨ ᠳᠡᠯᠭᠡᠷ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠨᠢᠭᠡ ᠬᠡᠷ ᠪᠦᠯᠢ ᠮᠡᠲᠦ ᠳᠣᠲᠣᠨᠣ ᠪᠠᠶᠢᠬᠤ ᠦᠵᠡᠯ ᠰᠠᠨᠠᠭ᠎ᠠ ᠶᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠬᠥᠮᠦᠨ ᠨᠢᠭᠡᠪᠦᠷᠢ ᠶᠢᠨ ᠰᠡᠳᠬᠢᠯ ᠳᠤ ᠳᠡᠯᠭᠡᠷᠡᠭᠦᠯᠦᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠪᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1