ᠳ᠋ᠦᠩ ᠰᠢᠩ ᠵᠡᠭᠡᠯᠢ ᠭᠤᠳᠤᠮᠵᠢ ᠶᠢᠨ ᠴᠠᠩ ᠵᠧᠩ ᠨᠡᠶᠢᠭᠡᠮ ᠲᠣᠭᠤᠷᠢᠭ ︽ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠡᠮᠴᠢᠯᠡᠭᠡ ᠪᠠ ᠡᠷᠡᠭᠦᠯ ᠮᠡᠨᠳᠦ ᠶᠢᠨ ᠰᠠᠶᠢᠨ ᠳᠤᠷ᠎ᠠ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠬᠦᠷᠭᠡᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/4
     ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠠᠬᠢᠭᠤᠯᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠴᠢᠩᠭᠠᠳᠬᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠳᠥᠭᠦᠮ ᠳᠥᠲᠡ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠰᠢᠰᠲ᠋ᠧᠮ ᠤᠨ ᠡᠮᠴᠢᠯᠡᠭᠡᠨ ᠤ ᠦᠢᠯᠡᠴᠢᠯᠡᠭᠡ ᠬᠦᠷᠲᠡᠭᠡᠬᠦ ᠶᠢᠨ ᠲᠥᠯᠥᠭᠡ᠂ ᠣᠶᠢᠷ᠎ᠠ ᠳᠤ᠂ ᠳ᠋ᠦᠩ ᠰᠢᠩ ᠵᠡᠭᠡᠯᠢ ᠭᠤᠳᠤᠮᠵᠢ ᠶᠢᠨ ᠴᠠᠩ ᠵᠧᠩ ᠨᠡᠶᠢᠭᠡᠮ ᠲᠣᠭᠤᠷᠢᠭ ᠪᠤᠭᠤᠲᠤ ᠶᠢᠨ ᠯᠢ ᠷᠧᠨ ᠡᠮᠨᠡᠯᠭᠡ ᠶᠢᠨ ᠬᠤᠷᠢᠶ᠎ᠠ ᠲᠠᠢ ᠬᠤᠯᠪᠣᠭᠠᠯᠠᠨ᠂ ᠪᠤᠭᠤᠲᠤ ᠬᠤᠲᠠ ᠶᠢᠨ ᠲᠥᠪ ᠡᠮᠨᠡᠯᠭᠡ ᠶᠢᠨ ᠬᠤᠷᠢᠶᠠᠨ ᠤ ᠭᠠᠳᠠᠷ ᠰᠠᠯᠠᠭᠠᠨ ᠤ ᠲᠤᠰᠬᠠᠶ ᠮᠡᠷᠭᠡᠵᠢᠯᠲᠡᠨ ᠵᠢᠴᠢ ᠡᠮᠡᠭᠲᠡᠶ ᠶᠢᠨ ᠰᠠᠯᠠᠭ᠎ᠠ᠂ ᠬᠢᠲᠠᠳ ᠡᠮᠨᠡᠯᠭᠡ ᠶᠢᠨ ᠰᠠᠯᠠᠭᠠᠨ ᠤ ᠲᠤᠰᠬᠠᠶ ᠮᠡᠷᠭᠡᠵᠢᠯᠲᠡᠨ ᠢ ᠲᠤᠰᠬᠠᠶᠢᠯᠠᠨ ᠤᠷᠢᠵᠤ ᠨᠡᠶᠢᠭᠡᠮ ᠲᠣᠭᠤᠷᠢᠭ ᠲᠤ ᠣᠴᠢᠭᠤᠯᠬᠤ︾ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠬᠠᠮᠠᠭᠠᠯᠠᠬᠤ ︽ᠡᠴᠦᠰ ᠤᠨ ᠨᠢᠭᠡ ᠺᠢᠯᠣᠮᠧᠳ᠋ᠷ︾ ᠢ ᠨᠡᠪᠲᠡᠷᠡᠭᠦᠯᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠰᠠᠭᠤᠭᠠᠯᠢ ᠠᠷᠠᠳ ᠵᠠᠯᠭᠠᠭ᠎ᠠ ᠪᠠᠷ ᠠᠯᠪᠠᠨ ᠵᠢᠷᠤᠮ ᠤᠨ ᠡᠮᠴᠢᠯᠡᠭᠡᠨ ᠤ ᠴᠡᠭ ᠲᠤ ᠬᠦᠷᠴᠦ ᠡᠪᠡᠳᠴᠢᠨ ᠦᠵᠡᠭᠦᠯᠬᠦ ᠵᠥᠪᠯᠡᠯᠭᠡ ᠥᠭᠴᠦ᠂ ᠡᠮᠴᠢ ᠰᠤᠪᠢᠯᠠᠭᠴᠢ ᠰᠠᠭᠤᠭᠠᠯᠢ ᠠᠷᠠᠳ ᠣᠯᠠᠨ ᠳᠤ ᠳᠣᠲᠣᠷ ᠰᠠᠯᠠᠭ᠎ᠠ᠂ ᠬᠢᠲᠠᠳ ᠡᠮᠨᠡᠯᠭᠡ ᠶᠢᠨ ᠰᠠᠯᠠᠭ᠎ᠠ᠂ ᠬᠡᠤᠬᠡᠳ ᠤᠨ ᠰᠠᠯᠠᠭ᠎ᠠ᠂ ᠡᠮᠡᠭᠲᠡᠶ ᠶᠢᠨ ᠰᠠᠯᠠᠭ᠎ᠠ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠵᠤ᠂ ᠣᠯᠠᠨ ᠳᠤ ᠡᠷᠡᠭᠦᠯ ᠮᠡᠨᠳᠦ ᠶᠢᠨ ᠯᠠᠪᠯᠠᠭ᠎ᠠ᠂ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠬᠡᠮᠵᠢᠬᠦ᠂ ᠬᠢᠲᠠᠳ ᠡᠮᠨᠡᠯᠭᠡ ᠶᠢᠨ ᠰᠤᠳᠠᠯ ᠤᠨ ᠡᠮᠴᠢᠯᠡᠭᠡ ᠬᠢᠬᠦ᠂ ᠵᠢᠷᠦᠬᠡᠨ ᠤ ᠯᠤᠭᠰᠢᠯᠲᠠ ᠶᠢᠨ ᠵᠢᠷᠤᠭ ᠵᠡᠷᠭᠡ ᠦᠢᠯᠡᠴᠢᠯᠡᠭᠡ ᠬᠠᠩᠭᠠᠵᠤ᠂ ᠪᠠᠶᠢᠴᠠᠭᠠᠯᠲᠠ ᠶᠢᠨ ᠦᠷ᠎ᠡ ᠳ᠋ᠦᠩ ᠢ ᠬᠦᠯᠢᠴᠡᠩᠭᠦᠶ ᠪᠠᠷ ᠨᠠᠷᠢᠨ ᠲᠠᠶᠢᠯᠪᠤᠷᠢᠯᠠᠬᠤ ᠶᠢᠨ ᠬᠠᠮᠲᠤ ᠬᠥᠮᠦᠨ ᠪᠦᠷᠢ ᠶᠢᠨ ᠪᠡᠶ᠎ᠡ ᠶᠢᠨ ᠪᠠᠶᠢᠳᠠᠯ ᠢ ᠦᠨᠳᠦᠰᠦᠯᠡᠨ ᠡᠷᠡᠭᠦᠯ ᠮᠡᠨᠳᠦ ᠶᠢᠨ ᠵᠢᠯᠣᠭᠤᠳᠣᠯᠭ᠎ᠠ ᠪᠠ ᠲᠤᠰᠬᠠᠶ ᠮᠡᠷᠭᠡᠵᠢᠯ ᠤᠨ ᠡᠪᠡᠳᠴᠢᠨ ᠦᠵᠡᠭᠦᠯᠬᠦ ᠰᠠᠨᠠᠯ ᠳᠤᠷᠠᠳᠴᠤ᠂ ᠰᠠᠭᠤᠭᠠᠯᠢ ᠠᠷᠠᠳ ᠲᠤ ᠥᠪᠡᠷ ᠤᠨ ᠪᠡᠶ᠎ᠡ ᠶᠢᠨ ᠪᠠᠶᠢᠳᠠᠯ ᠵᠢᠴᠢ ᠬᠠᠮᠢᠶ᠎ᠠ ᠪᠥᠬᠦᠶ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠶᠢᠨ ᠬᠠᠮᠲᠤ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠲᠡᠭᠦᠯᠳᠡᠷᠵᠢᠭᠦᠯᠬᠦ ᠶᠢᠨ ᠬᠠᠮᠲᠤ᠂ ᠨᠡᠶᠢᠭᠡᠮ ᠲᠣᠭᠤᠷᠢᠭ ᠤᠨ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠨᠠᠷ ᠴᠤ ᠡᠷᠡᠭᠦᠯ ᠮᠡᠨᠳᠦ ᠶᠢᠨ ᠡᠷᠡᠭᠦᠯᠵᠢᠯ ᠤᠨ ᠭᠠᠷ ᠳᠡᠪᠲᠡᠷ᠂ ᠪᠠᠶᠢᠩᠭᠤ ᠲᠣᠬᠢᠶᠠᠯᠳᠤᠳᠠᠭ ᠡᠪᠡᠳᠴᠢᠨ ᠤ ᠠᠩᠬᠠᠷᠬᠤ ᠵᠦᠢᠯᠡᠰ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠡᠳᠡᠨ ᠳᠤ ᠲᠠᠷᠬᠠᠭᠠᠵᠤ᠂ ᠡᠷᠡᠭᠦᠯ ᠮᠡᠨᠳᠦ ᠶᠢᠨ ᠡᠷᠡᠭᠦᠯᠵᠢᠯ ᠤᠨ ᠮᠡᠳᠡᠯᠭᠡ ᠶᠢ ᠣᠯᠠᠨ ᠳᠤ ᠤᠬᠠᠭᠤᠯᠪᠠ ᠃ ︽ᠡᠶᠢᠮᠦᠷᠬᠦᠦ ᠠᠵᠢᠯᠯᠠᠭ᠎ᠠ ᠨᠢ ᠪᠢᠳᠡᠨ ᠳᠤ ᠭᠡᠷ ᠤᠨ ᠡᠭᠦᠳᠡᠨ ᠠᠴᠠ ᠢᠷᠡᠭᠰᠡᠨ ᠬᠠᠶᠢᠷ᠎ᠠ ᠬᠠᠯᠠᠮᠵᠢ ᠶᠢ ᠦᠨᠡᠨ ᠬᠦ ᠬᠦᠷᠲᠡᠭᠡᠨ᠎ᠡ︾ ᠭᠡᠵᠦ ᠰᠠᠭᠤᠭᠠᠯᠢ ᠠᠷᠠᠳ ᠢᠯᠡᠷᠬᠡᠶᠢᠯᠡᠭᠰᠡᠨ ᠨᠢ᠂ ᠡᠨᠡ ᠤᠳᠠᠭᠠᠨ ᠤ ᠭᠡᠷ ᠤᠨ ᠡᠭᠦᠳᠡᠨ ᠳᠠᠬᠢ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠨᠢ ᠮᠠᠰᠢ ᠬᠡᠷᠡᠭᠴᠡᠭᠡ ᠲᠠᠢ ᠪᠠᠶᠢᠵᠤ᠂ ᠡᠩ ᠤᠨ ᠦᠶ᠎ᠡ ᠳᠤ ᠦᠷᠭᠦᠯᠵᠢ ᠲᠣᠬᠢᠶᠠᠯᠳᠤᠬᠤ ᠡᠷᠡᠭᠦᠯ ᠮᠡᠨᠳᠦ ᠶᠢᠨ ᠠᠰᠠᠭᠤᠳᠠᠯ ᠢ ᠠᠰᠠᠭᠤᠵᠤ᠂ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠲᠠᠯ᠎ᠠ ᠶᠢᠨ ᠰᠠᠨᠠᠭᠤᠯᠭ᠎ᠠ ᠶᠢ ᠣᠯᠣᠭᠰᠠᠨ ᠢᠶᠠᠷ ᠪᠠᠷᠠᠬᠤ ᠦᠭᠡᠢ ᠪᠠᠰᠠ ᠡᠳᠦᠷ ᠲᠤᠲᠤᠮ ᠤᠨ ᠡᠷᠡᠭᠦᠯ ᠮᠡᠨᠳᠦ ᠶᠢᠨ ᠮᠡᠳᠡᠯᠭᠡ ᠶᠢ ᠮᠠᠰᠢ ᠣᠯᠠᠨ ᠰᠤᠷᠴᠤ ᠴᠢᠳᠠᠨ᠎ᠠ ᠭᠡᠵᠡᠢ᠃
     ᠲᠣᠰ ᠤᠳᠠᠭᠠᠨ ᠤ ᠨᠢᠭᠤᠷᠳᠠᠬᠤ᠂ ᠵᠠᠶ ᠥᠬᠡᠶ ᠰᠠᠶᠢᠨ ᠳᠤᠷ᠎ᠠ ᠶᠢᠨ ᠦᠢᠯᠡᠴᠢᠯᠡᠭᠡᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠴᠢᠨᠠᠷ ᠰᠠᠶᠢᠲᠠᠶ᠂ ᠪᠦᠲᠦᠮᠵᠢᠲᠡᠶ᠂ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠶᠢ ᠰᠠᠭᠤᠭᠠᠯᠢ ᠠᠷᠠᠳ ᠤᠨ ᠳᠡᠷᠭᠡᠳᠡ ᠬᠦᠷᠭᠡᠵᠦ᠂ ᠰᠠᠭᠤᠭᠠᠯᠢ ᠠᠷᠠᠳ ᠤᠨ ᠥᠪᠡᠷ ᠢ ᠪᠠᠨ ᠡᠷᠡᠭᠦᠯᠵᠢᠭᠦᠯᠬᠦ ᠤᠬᠠᠮᠰᠠᠷ ᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠰᠠᠭᠤᠭᠠᠯᠢ ᠠᠷᠠᠳ ᠲᠤ ᠨᠡᠶᠢᠭᠡᠮ ᠲᠣᠭᠤᠷᠢᠭ ᠤᠨ ᠬᠠᠯᠠᠮᠵᠢᠯᠠᠯ ᠪᠠ ᠳᠣᠲᠣᠨᠣ ᠦᠢᠯᠡᠴᠢᠯᠡᠭᠡ ᠶᠢ ᠮᠡᠳᠡᠷᠡᠭᠦᠯᠪᠡ᠃ ᠬᠤᠶᠢᠰᠢᠳᠠ᠂ ᠳ᠋ᠦᠩ ᠰᠢᠩ ᠵᠡᠭᠡᠯᠢ ᠭᠤᠳᠤᠮᠵᠢ ᠶᠢᠨ ᠴᠠᠩ ᠵᠧᠩ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠡᠬᠢ ᠪᠠᠶᠠᠯᠢᠭ ᠢᠶᠠᠨ ᠬᠤᠯᠪᠣᠵᠤ᠂ ᠰᠠᠭᠤᠭᠠᠯᠢ ᠠᠷᠠᠳ ᠤᠨ ᠪᠠᠴᠢᠮ ᠬᠡᠷᠡᠭᠴᠡᠭᠡ ᠶᠢ ᠣᠨᠣᠪᠴᠢᠲᠠᠢ ᠣᠯᠵᠤ᠂ ᠠᠵᠢᠯᠯᠠᠭ᠎ᠠ ᠪᠠᠷ ᠨᠡᠩ ᠤᠯᠠᠨ ᠰᠠᠭᠤᠭᠠᠯᠢ ᠠᠷᠠᠳ ᠲᠤ ᠬᠦᠷᠲᠡᠭᠡᠵᠦ᠂ ᠬᠠᠶᠢᠷ᠎ᠠ ᠬᠠᠯᠠᠮᠵᠢ ᠶᠢ ᠰᠠᠭᠤᠭᠠᠯᠢ ᠠᠷᠠᠳ ᠤᠨ ᠰᠡᠳᠬᠢᠯ ᠳᠤ ᠬᠦᠷᠭᠡᠵᠦ᠂ ᠭᠠᠷ ᠬᠤᠯᠪᠣᠨ ︽ᠡᠷᠡᠭᠦᠯ ᠡᠩᠬᠡ ᠵᠣᠯ ᠵᠢᠷᠭᠠᠯᠲᠤ ᠨᠡᠶᠢᠭᠡᠮ ᠲᠣᠭᠤᠷᠢᠭ︾ ᠢ ᠪᠠᠶᠢᠭᠤᠯᠤᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠳ᠋ᠦᠩ ᠰᠢᠩ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1