【 ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ 】 ᠾᠧ ᠳ᠋ᠦᠩ ᠪᠠᠯᠭᠠᠰᠤ ᠡᠮᠡᠭᠲᠡᠶᠢᠴᠦᠳ ᠬᠡᠦᠬᠡᠳ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/5
     12 ᠰᠠᠷ᠎ᠠ ᠶᠢᠨ 1᠎ ᠤ ᠡᠳᠦᠷ᠂ ᠾᠧ ᠳ᠋ᠦᠩ ᠪᠠᠯᠭᠠᠰᠤ ᠡᠮᠡᠭᠲᠡᠶᠢᠴᠦᠳ ᠬᠡᠦᠬᠡᠳ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠤᠰ ᠤᠳᠠᠭ᠎ᠠ ᠶᠢᠨ ᠬᠤᠷᠠᠯ ᠳᠤ ᠭᠤᠷᠪᠠᠨ ᠵᠦᠢᠯ ᠤᠨ ᠵᠥᠪᠯᠡᠬᠦ ᠵᠦᠢᠯ ᠲᠠᠢ ᠪᠠᠶᠢᠵᠤ᠂ ᠡᠩ ᠲᠡᠷᠢᠭᠦᠨ ᠳᠤ ᠯᠢᠦ ᠷᠦᠩ ᠡᠮᠡᠭᠲᠡᠶᠢᠴᠦᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ 2024 ᠣᠨ ᠤ ᠠᠵᠢᠯ ᠤᠨ ᠲᠣᠬᠢᠷᠠᠭᠤᠯᠤᠯᠲᠠ ᠶᠢ ᠤᠯᠠᠮᠵᠢᠯᠠᠨ ᠰᠤᠷᠤᠯᠴᠠᠵᠤ᠂ ᠳᠠᠷᠠᠭ᠎ᠠ ᠨᠢ ᠰᠢᠶᠤᠤ ᠹᠧᠩ ᠠᠴᠠ ︽ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠲᠦᠷᠢᠮ︾᠎ ᠢ ᠤᠯᠠᠮᠵᠢᠯᠠᠨ ᠰᠤᠷᠤᠯᠴᠠᠵᠤ᠂ ᠬᠠᠮᠤᠭ ᠡᠴᠦᠰ ᠲᠤ ᠳ᠋ᠦᠩ ᠾᠧ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶᠠᠨ ᠤ ᠡᠮᠡᠭᠲᠡᠶ ᠶᠢᠨ ᠰᠠᠯᠠᠭᠠᠨ ᠤ ᠡᠷᠬᠢᠯᠡᠭᠴᠢ᠂ ᠳᠡᠳ᠋ ᠡᠷᠬᠢᠯᠡᠭᠴᠢ ᠡᠮᠴᠢ ᠪᠠᠶ ᠯᠢ ᠮᠢᠨ ᠪᠠᠭᠰᠢ ᠶᠢ ᠤᠷᠢᠵᠤ᠂ ᠾᠧ ᠳ᠋ᠦᠩ ᠪᠠᠯᠭᠠᠰᠤᠨ ᠤ 28 ᠲᠣᠰᠬᠤᠨ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠳᠤ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠬᠤ ᠭᠤᠤᠯ ᠰᠡᠳᠦᠪᠲᠦ ᠲᠠᠶᠢᠯᠤᠮᠵᠢ ᠬᠢᠯᠭᠡᠵᠦ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠱᠢ ᠮᠧᠶ ᠬᠤᠩ ᠬᠤᠷᠠᠯ ᠢ ᠡᠷᠭᠢᠯᠡᠪᠡ᠃      ᠲᠠᠶᠢᠯᠤᠮᠵᠢ ᠶᠢᠨ ᠲᠤᠬᠠᠶ ᠶᠢᠨ ᠲᠠᠯᠠᠪᠠᠶ ᠳᠤ᠂ ᠶᠡᠭᠡ ᠡᠮᠴᠢ ᠨᠢ ᠦᠨᠡᠨ ᠪᠣᠳᠠᠲᠠᠶ ᠡᠪᠡᠳᠴᠢᠨ ᠤ ᠵᠢᠱᠢᠶ᠎ᠡ ᠲᠠᠢ ᠤᠶᠠᠯᠳᠤᠭᠤᠯᠤᠨ᠂ ᠡᠮᠡᠭᠲᠡᠶᠢᠴᠦᠳ ᠤᠨ ᠥᠪᠡᠷᠮᠢᠴᠡ ᠹᠢᠽᠢᠣᠯᠣᠭᠢ ᠶᠢᠨ ᠣᠨᠴᠠᠯᠢᠭ ᠠᠴᠠ ᠭᠠᠷᠳᠠᠵᠤ᠂ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠦᠷᠡᠵᠢᠯ ᠤᠨ ᠡᠷᠡᠭᠦᠯ ᠮᠡᠨᠳᠦ᠂ ᠡᠮᠡᠭᠲᠡᠶᠢᠴᠦᠳ ᠤᠨ ᠪᠠᠶᠢᠩᠭᠤ ᠲᠣᠬᠢᠶᠠᠯᠳᠤᠳᠠᠭ ᠡᠪᠡᠳᠴᠢᠨ᠂ ᠡᠳᠦᠷ ᠲᠤᠲᠤᠮ ᠤᠨ ᠡᠷᠡᠭᠦᠯᠵᠢᠯ᠂ ᠪᠡᠶ᠎ᠡ ᠰᠤᠪᠢᠯᠠᠬᠤ ᠲᠣᠬᠢᠷᠠᠭᠤᠯᠤᠯᠲᠠ ᠵᠡᠷᠭᠡ ᠮᠡᠳᠡᠯᠭᠡ ᠶᠢ ᠠᠮᠢᠳᠤᠯᠢᠭ ᠢᠶᠠᠷ ᠲᠠᠶᠢᠯᠪᠤᠷᠢᠯᠠᠵᠤ᠂ ᠢᠯᠠᠩᠭᠤᠶ᠎ᠠ ᠡᠮᠡᠭᠲᠡᠶ ᠠᠵᠢᠯᠲᠠᠨ ᠤ ᠴᠡᠪᠡᠷᠰᠢᠬᠦ ᠦᠶ᠎ᠡ ᠶᠢᠨ ᠣᠶᠤᠨ ᠰᠠᠨᠠᠭᠠᠨ ᠤ ᠪᠠᠶᠢᠳᠠᠯ ᠳᠤ ᠴᠢᠭᠯᠡᠭᠦᠯᠦᠨ᠂ ᠡᠮᠡᠭᠲᠡᠶ ᠠᠵᠢᠯᠴᠢᠨ ᠤ ᠦᠷᠭᠦᠯᠵᠢ ᠲᠣᠬᠢᠶᠠᠯᠳᠤᠬᠤ ᠡᠪᠡᠳᠴᠢᠨ ᠤ ᠰᠢᠯᠲᠠᠭᠠᠨ ᠵᠢᠴᠢ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠰᠤᠪᠢᠯᠠᠬᠤ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠨᠠᠷᠢᠨ ᠨᠢᠭᠲᠠ ᠵᠠᠳᠠᠯᠤᠭᠰᠠᠨ ᠪᠠᠶᠢᠨ᠎ᠠ᠃ ᠲᠠᠶᠢᠯᠤᠮᠵᠢ ᠳᠤ ᠣᠷᠣᠯᠴᠠᠭᠰᠠᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠲᠠᠶᠢᠯᠤᠮᠵᠢ ᠨᠢ ᠣᠨᠣᠯ ᠲᠠᠢ ᠮᠥᠷᠲᠡᠭᠡᠨ ᠪᠠᠰᠠ ᠪᠣᠳᠠᠲᠠᠶ ᠵᠢᠱᠢᠶ᠎ᠡ ᠲᠠᠢ ᠪᠠᠶᠢᠵᠤ᠂ ᠲᠤᠭ᠎ᠠ ᠪᠠᠷᠢᠮᠲᠠ ᠨᠢ ᠨᠠᠷᠢᠨ ᠪᠣᠳᠠᠲᠠᠶ᠂ ᠦᠭᠡ ᠬᠡᠯᠡ ᠨᠢ ᠠᠮᠢᠳᠤᠯᠢᠭ᠂ ᠭᠦᠨᠵᠡᠭᠡᠶ ᠪᠥᠭᠡᠳ ᠣᠶᠢᠯᠠᠭᠠᠮᠵᠢᠲᠠᠶ᠂ ᠥᠷᠭᠡᠨ ᠣᠯᠠᠨ ᠡᠮᠡᠭᠲᠡᠶᠢᠴᠦᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠬᠤ ᠳᠤ ᠠᠰᠢᠭᠲᠠᠶ ᠪᠠᠶᠢᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ ᠪᠠ ᠦᠢᠯᠡᠳᠦᠯᠭᠡᠲᠦ ᠴᠢᠨᠠᠷ ᠲᠠᠢ ᠶᠤᠮ ᠭᠡᠵᠡᠶ᠃      ᠾᠧ ᠳ᠋ᠦᠩ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ︽ᠡᠮᠡᠭᠲᠡᠶᠢᠴᠦᠳ ᠬᠡᠤᠬᠡᠳ ᠤᠨ ᠡᠷᠡᠭᠦᠯ ᠮᠡᠨᠳᠦ ᠶᠢ ᠬᠠᠯᠠᠮᠵᠢᠯᠠᠵᠤ᠂ ᠦᠵᠡᠰᠬᠦᠯᠡᠩᠲᠦ ᠰᠠᠶᠢᠬᠠᠨ ᠬᠥᠮᠦᠨ ᠤ ᠠᠮᠢᠳᠤᠷᠠᠯ ᠢ ᠬᠠᠮᠠᠭᠠᠯᠠᠬᠤ︾ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠡᠮᠡᠭᠲᠡᠶᠢᠴᠦᠳ ᠬᠡᠤᠬᠡᠳ ᠢ ᠬᠠᠯᠠᠮᠵᠢᠯᠠᠨ ᠬᠠᠶᠢᠷᠠᠯᠠᠬᠤ ᠠᠵᠢᠯ ᠢ ᠦᠷᠭᠦᠯᠵᠢᠯᠡᠨ ᠠᠬᠢᠭᠤᠯᠵᠤ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠮᠡᠭᠲᠡᠶᠢᠴᠦᠳ ᠬᠡᠤᠬᠡᠳ ᠤᠨ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠨᠠᠩ ᠡᠶ᠎ᠡ ᠵᠣᠬᠢᠴᠠᠩᠭᠤᠶ᠂ ᠲᠣᠭᠲᠠᠭᠤᠨ᠂ ᠵᠣᠯ ᠵᠢᠷᠭᠠᠯᠲᠤ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1