ᠰᠤᠷᠤᠯᠴᠠᠵᠤ ᠬᠢᠬᠦ ᠶᠢ ᠤᠶᠠᠯᠳᠤᠭᠤᠯᠤᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ ᠠᠵᠢᠯ ᠬᠢᠵᠦ ᠦᠢᠯᠡᠰ ᠴᠣᠭᠴᠠᠯᠠᠬᠤ ᠳᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ
ᠨᠡᠶᠢᠲᠡᠯᠡᠭᠰᠡᠨ ᠴᠠᠭ᠄
2023/12/5
     ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠼᠠᠢ ᠱᠧᠨ ᠰᠦᠮ᠎ᠡ ᠵᠡᠭᠡᠯᠢ ᠭᠤᠳᠤᠮᠵᠢ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠮᠡᠳᠡᠯᠭᠡ ᠢᠲᠡᠭᠡᠬᠦ ᠬᠢᠬᠦ ᠶᠢ ᠨᠢᠭᠡᠳᠬᠡᠵᠦ᠂ ︽ᠰᠤᠷᠤᠯᠴᠠᠨ ᠰᠤᠳᠤᠯᠵᠤ ᠪᠠᠶᠢᠴᠠᠭᠠᠨ ᠰᠠᠶᠢᠵᠢᠷᠠᠭᠤᠯᠬᠤ︾᠎ ᠶᠢ ᠨᠢᠭᠡ ᠴᠤᠭᠴᠠᠵᠢᠭᠤᠯᠤᠨ ᠠᠬᠢᠭᠤᠯᠵᠤ᠂ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠬᠦ᠂ ᠰᠡᠳᠬᠢᠯ ᠳᠡᠭᠡᠨ ᠬᠠᠳᠠᠩᠰᠢᠭᠤᠯᠬᠤ᠂ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠪᠠ᠃      ᠨᠢᠭᠡ᠂ ᠤᠨᠤᠯ ᠤᠨ ᠰᠤᠷᠤᠯᠴᠠᠯᠭ᠎ᠠ ᠪᠤᠳᠠᠳᠤ ᠦᠷ᠎ᠡ ᠪᠦᠳᠦᠮᠵᠢ ᠤᠯᠵᠠᠢ      ᠭᠤᠣᠯ ᠰᠡᠳᠦᠪ ᠭᠤᠣᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠤᠯ ᠤᠨ ᠰᠤᠷᠤᠯᠴᠠᠯᠭ᠎ᠠ ᠶᠢ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ︽ᠰᠤᠷᠤᠯᠴᠠᠬᠤ ᠦᠵᠡᠯ ᠰᠠᠨᠠᠭ᠎ᠠ︾᠎ ᠶᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠴᠢᠳᠠᠮᠠᠭᠠᠢ ᠪᠠᠷ ᠰᠡᠳᠬᠢᠵᠦ ᠴᠢᠳᠠᠮᠠᠭᠠᠢ ᠪᠠᠷ ᠬᠡᠷᠡᠭᠯᠡᠬᠦ ᠶᠢ ᠠᠬᠢᠭᠤᠯᠬᠤ ᠬᠡᠷᠡᠭᠲᠡᠢ᠃ 9 ᠰᠠᠷ᠎ᠠ ᠠᠴᠠ ᠨᠠᠰᠢ᠂ ᠼᠠᠢ ᠱᠧᠨ ᠮᠢᠶᠣᠣ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠦᠷᠭᠦᠯᠵᠢᠯᠡᠨ ᠭᠠᠷᠠᠭ ᠪᠦᠷᠢ ᠶᠢᠨ ᠳᠥᠷᠪᠡᠨ ᠤᠯᠤᠰ ᠲᠥᠷᠦ ᠶᠢᠨ ᠰᠤᠷᠤᠯᠴᠠᠯᠭ᠎ᠠ ᠶᠢᠨ ᠴᠠᠭ ᠢᠶᠠᠷ ᠳᠠᠮᠵᠢᠭᠤᠯᠤᠨ᠂ ᠪᠦᠬᠦ ᠺᠠᠳ᠋ᠷᠴᠤᠳ ᠢ ᠵᠣᠬᠢᠶᠠᠨ ᠪᠠᠶᠢᠭᠤᠯᠤᠨ ᠲᠥᠪᠯᠡᠷᠡᠭᠦᠯᠦᠨ ᠰᠤᠷᠤᠯᠴᠠᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠭᠤᠤᠯ ᠰᠡᠳᠦᠪᠲᠦ ᠬᠥᠮᠦᠵᠢᠯ ᠤᠨ ᠱᠠᠭᠠᠷᠳᠠᠯᠭ᠎ᠠ ᠶᠢ ᠴᠠᠭ ᠲᠤᠬᠠᠶ ᠳᠤᠨᠢ ᠤᠯᠠᠮᠵᠢᠯᠠᠵᠤ᠂ ᠴᠠᠭ ᠲᠤᠬᠠᠶ ᠳᠤᠨᠢ ᠭᠤᠤᠯ ᠰᠡᠳᠦᠪᠲᠦ ᠬᠥᠮᠦᠵᠢᠯ ᠤᠨ ᠱᠠᠭᠠᠷᠳᠠᠯᠭ᠎ᠠ ᠶᠢ ᠤᠯᠠᠮᠵᠢᠯᠠᠬᠤ ᠶᠢᠨ ᠬᠠᠮᠲᠤ ᠥᠪᠡᠷᠲᠡᠭᠡᠨ ᠰᠤᠷᠤᠯᠴᠠᠬᠤ᠂ ᠬᠦᠷᠭᠡᠬᠦ ᠪᠠ ᠰᠦᠯᠵᠢᠶᠡᠨ ᠤ ᠰᠦᠷᠦᠭᠵᠢᠯ ᠳᠤ ᠤᠷᠢᠳ ᠢᠶᠠᠷ ᠰᠤᠷᠭᠠᠭᠤᠯᠢ ᠳᠤ ᠰᠠᠭᠤᠬᠤ ᠵᠡᠷᠭᠡ ᠪᠠᠷ ᠭᠤᠤᠯ ᠰᠡᠳᠦᠪᠲᠦ ᠬᠥᠮᠦᠵᠢᠯ ᠤᠨ ᠣᠨᠣᠯ ᠤᠨ ᠰᠤᠷᠤᠯᠴᠠᠯᠭ᠎ᠠ ᠶᠢᠨ ᠠᠷᠭ᠎ᠠ ᠵᠠᠮ ᠪᠠ ᠰᠤᠷᠤᠯᠴᠠᠬᠤ ᠬᠥᠮᠦᠨ ᠤ ᠲᠤᠭ᠎ᠠ ᠶᠢ ᠥᠷᠭᠡᠳᠬᠡᠬᠦ ᠬᠡᠷᠡᠭᠲᠡᠶ᠃ ︽ᠬᠤᠶᠠᠷ ᠢ ᠲᠣᠭᠲᠠᠭᠠᠬᠤ︾ ᠲᠤᠬᠠᠶ ᠰᠤᠳᠤᠯᠤᠨ ᠶᠠᠷᠢᠯᠴᠠᠬᠤ ᠠᠴᠠ ︽ᠰᠣᠶᠣᠯ ᠤᠨ ᠬᠦᠴᠦᠷᠬᠡᠭ ᠤᠯᠤᠰ︾᠎ ᠤᠨ ᠲᠤᠬᠠᠶ ᠰᠤᠳᠤᠯᠤᠨ ᠶᠠᠷᠢᠯᠴᠠᠬᠤ ᠬᠦᠷᠲᠡᠯ᠎ᠡ᠂ ᠬᠤᠷᠠᠯ ᠠᠴᠠ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠬᠦᠷᠲᠡᠯ᠎ᠡ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠼᠠᠢ ᠱᠧᠨ ᠮᠢᠶᠣᠣ ᠵᠡᠭᠡᠯᠢ ᠭᠤᠳᠤᠮᠵᠢ ᠶᠢᠨ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠪᠠ᠃      ᠬᠤᠶᠠᠷ᠂ ᠠᠷᠠᠳ ᠤᠨ ᠪᠠᠶᠢᠳᠠᠯ ᠢ ᠪᠠᠶᠢᠴᠠᠭᠠᠨ ᠰᠤᠳᠤᠯᠤᠨ᠎ᠠ      ᠵᠡᠭᠡᠯᠢ ᠭᠤᠳᠤᠮᠵᠢ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠶᠡᠷᠦᠩᠬᠡᠶ ᠱᠦᠵᠢ ᠰᠢ ᠶᠢᠨ ᠫᠢᠩ ᠤᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠦᠷᠭᠦᠯᠵᠢᠯᠡᠨ ᠡᠷᠦᠬᠡ ᠳᠤ ᠣᠷᠣᠵᠤ ᠠᠵᠤ ᠠᠬᠤᠶᠢᠯᠠᠯ ᠳᠤ ᠣᠷᠣᠵᠤ᠂ ᠡᠷᠦᠬᠡ ᠳᠤ ᠬᠦᠷᠴᠦ ᠰᠤᠷᠪᠤᠯᠵᠢᠯᠠᠬᠤ ᠶᠢ ᠭᠦᠨᠵᠡᠭᠡᠶ ᠥᠷᠨᠢᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠤ ᠰᠡᠳᠬᠢᠯ ᠤᠨ ᠦᠭᠡ ᠶᠢ ᠰᠣᠨᠣᠰᠴᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠨᠢᠭᠤᠷᠲᠠᠨ ᠣᠶᠢᠯᠠᠭᠠᠵᠤ᠂ ᠣᠯᠠᠨ ᠲᠦᠮᠡᠨ ᠤ ᠬᠦᠴᠢᠷ ᠵᠣᠪᠠᠭᠤᠷᠢ ᠶᠢ ᠦᠨᠡᠨ ᠬᠦ ᠰᠢᠢᠳᠪᠦᠷᠢᠯᠡᠵᠦ ᠥᠭᠪᠡ᠃ ᠣᠶᠢᠷ᠎ᠠ ᠶᠢᠨ ᠬᠤᠭᠤᠴᠠᠭᠠᠨ ᠳᠤ ᠂ ᠵᠡᠭᠡᠯᠢ ᠭᠤᠳᠤᠮᠵᠢ ᠶᠢᠨ ᠤᠳᠤᠷᠢᠳᠬᠤ ᠪᠠᠭ ᠨᠡᠶᠢᠭᠡᠮ ᠲᠣᠭᠤᠷᠢᠭ ᠤᠨ ᠨᠢᠭᠡᠳᠦᠭᠡᠷ ᠹᠷᠣᠨᠲ ᠲᠤ ᠠᠵᠢᠯᠯᠠᠬᠤ ᠪᠠ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠬᠤ ᠪᠠᠷ ᠳᠠᠮᠵᠢᠭᠤᠯᠤᠨ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠵᠡᠷᠭᠡ ᠶᠢᠨ ᠲᠣᠭᠤᠷᠢᠨ ᠳᠤ ᠬᠠᠷᠢᠶ᠎ᠠ ᠣᠷᠣᠨ ᠠᠴᠠ ᠢᠷᠡᠭᠰᠡᠨ ᠡᠯ᠎ᠡ ᠨᠠᠮ ᠤᠨ ᠡᠭᠦᠷ ᠤᠨ ᠱᠦᠵᠢ᠂ ᠠᠬᠠᠮᠠᠳ ᠨᠠᠮ ᠤᠨ ᠭᠡᠰᠢᠭᠦᠨ ᠲᠠᠢ ᠨᠢᠭᠤᠷᠳᠠᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠣᠶᠢᠷ᠎ᠠ ᠳᠤ᠂ ᠡᠯ᠎ᠡ ᠨᠡᠶᠢᠭᠡᠮ ᠲᠣᠭᠤᠷᠢᠭ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠣᠶᠢᠯᠠᠭᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠣᠨᠣᠪᠴᠢᠲᠠᠶ ᠰᠢᠭᠤᠳ ᠬᠦᠷᠭᠡᠬᠦ ᠶᠢ ᠠᠬᠢᠭᠤᠯᠤᠨ᠎ᠠ᠃      ᠭᠤᠷᠪᠠ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠵᠦ ᠳᠡᠭᠡᠭᠰᠢᠯᠡᠭᠦᠯᠬᠦ ᠶᠢ ᠠᠬᠢᠭᠤᠯᠤᠨ᠎ᠠ      ︽ᠴᠢᠩᠭ᠎ᠠ︾᠂ ︽ᠪᠣᠳᠠᠲᠠᠶ︾ ᠰᠤᠷᠲᠠᠯ ᠢ ᠪᠠᠷᠢᠮᠲᠠᠯᠠᠵᠤ᠂ ᠰᠢᠨ᠎ᠡ ᠪᠠᠷ ᠡᠭᠦᠰᠦᠭᠰᠡᠨ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠦᠨ ᠰᠢᠶ᠋ᠳᠪᠦᠷᠢᠯᠡᠵᠦ᠂ ᠭᠦᠨ ᠳᠠᠪᠬᠤᠷᠭ᠎ᠠ ᠶᠢᠨ ᠠᠰᠠᠭᠤᠳᠠᠯ ᠢ ᠬᠦᠴᠦᠯᠡᠨ ᠰᠢᠶ᠋ᠳᠪᠦᠷᠢᠯᠡᠵᠦ᠂ ᠣᠯᠠᠨ ᠲᠦᠮᠡᠨ ᠳᠤ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠦᠨᠡᠨᠬᠦ ᠮᠡᠳᠡᠷᠡᠭᠦᠯᠬᠦ ᠬᠡᠷᠡᠭᠲᠡᠶ᠃ ᠵᠡᠭᠡᠯᠢ ᠭᠤᠳᠤᠮᠵᠢ ᠶᠢᠨ ᠬᠢᠨ ︽12345︾ ᠬᠤᠲᠠ ᠶᠢᠨ ᠠᠷᠠᠳ ᠤᠨ ᠬᠠᠯᠠᠭᠤᠨ ᠤᠲᠠᠰᠤᠨ ᠤ ᠬᠠᠨᠤᠮᠵᠢ ᠶᠢᠨ ᠨᠤᠷᠮ᠎ᠠ ᠥᠨᠳᠥᠷ ᠪᠤᠰᠤ ᠠᠰᠠᠭᠤᠳᠠᠯ ᠳᠤ ᠴᠢᠭᠯᠡᠭᠦᠯᠦᠨ᠂ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠡᠯ᠎ᠡ ᠵᠡᠭᠡᠯᠢ ᠭᠤᠳᠤᠮᠵᠢ ᠪᠣᠯᠤᠨ ᠨᠡᠶᠢᠭᠡᠮ ᠲᠣᠭᠤᠷᠢᠭ ᠤᠨ ᠺᠠᠳ᠋ᠷᠴᠤᠳ ᠤᠨ ᠠᠵᠢᠯ ᠤᠨ ᠠᠷᠭ᠎ᠠ ᠪᠠᠨ ᠴᠠᠭ ᠲᠤᠬᠠᠢ ᠳᠤᠨᠢ ᠰᠠᠶᠢᠵᠢᠷᠠᠭᠤᠯᠬᠤ ᠶᠢ ᠴᠠᠭ ᠲᠤᠬᠠᠢ ᠳᠤᠨᠢ ᠵᠢᠯᠣᠭᠤᠳᠤᠨ ᠱᠠᠯᠠᠪᠳᠠᠭᠤᠯᠵᠤ᠂ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠵᠥᠪᠯᠡᠯ ᠳᠠᠪᠬᠤᠷᠳᠠᠭᠤᠯᠤᠨ ᠢᠷᠡᠭᠰᠡᠨ ᠴᠠᠬᠢᠯᠭᠠᠨ ᠤ ᠠᠵᠢᠯ ᠤᠨ ᠬᠠᠭᠤᠳᠠᠰᠤ ᠶᠢ ᠲᠤᠰᠬᠠᠢ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ ᠶᠢ ᠥᠷᠨᠢᠭᠦᠯᠵᠦ᠂ ᠬᠤᠳᠠ ᠶᠢᠨ ᠠᠷᠠᠳ ᠤᠨ ᠬᠠᠯᠠᠭᠤᠨ ᠤᠲᠠᠰᠤᠨ ᠤ ᠠᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠠᠢ ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠤ ᠳᠣᠲᠣᠨᠣ ᠬᠥᠮᠦᠨ ᠪᠣᠯᠬᠤ ᠬᠡᠷᠡᠭᠲᠡᠢ᠃ ᠣᠳᠣᠬᠠᠨ ᠳᠤ᠂ ᠵᠡᠭᠡᠯᠢ ᠭᠤᠳᠤᠮᠵᠢ ᠶᠢᠨ ᠲᠠᠪᠴᠠᠩ ᠤᠨ ︽ᠬᠠᠪᠰᠤᠷᠤᠨ ᠡᠷᠭᠢᠯᠡᠵᠦ ᠣᠷᠣᠯᠠᠨ ᠭᠦᠶ᠋ᠴᠡᠳᠬᠡᠬᠦ︾ ᠲᠤᠬᠠᠶᠢᠯᠠᠭᠰᠠᠨ ᠠᠵᠢᠯ ᠨᠠᠩ ᠨᠠᠷᠢᠯᠢᠭ ᠪᠣᠯᠪᠠ᠃ ᠵᠡᠭᠡᠯᠢ ᠭᠤᠳᠤᠮᠵᠢ ᠶᠢᠨ ᠤᠳᠤᠷᠢᠳᠬᠤ ᠺᠠᠳ᠋ᠷ᠂ ᠨᠡᠶᠢᠭᠡᠮ ᠲᠣᠭᠤᠷᠢᠭ ᠤᠨ ᠠᠵᠢᠯᠲᠠᠨ᠂ ᠰᠦᠯᠵᠢᠶᠡᠨ ᠤ ᠠᠵᠢᠯᠲᠠᠨ ᠵᠡᠷᠭᠡ ᠡᠳᠦᠷ ᠪᠦᠷᠢ ᠣᠯᠠᠨ ᠤᠳᠠᠭ᠎ᠠ ᠨᠡᠶᠢᠭᠡᠮ ᠲᠣᠭᠤᠷᠢᠭ᠂ ᠵᠢᠵᠢᠭ ᠲᠣᠭᠤᠷᠢᠭ᠂ ᠰᠠᠭᠤᠭᠠᠯᠢ ᠠᠷᠠᠳ ᠤᠨ ᠠᠰᠠᠷ ᠵᠡᠷᠭᠡ ᠳᠤ ᠣᠯᠠᠨ ᠤᠳᠠᠭ᠎ᠠ ᠲᠤᠬᠠᠶ ᠶᠢᠨ ᠲᠠᠯᠠᠪᠤᠷ ᠲᠤ ᠪᠠᠶᠢᠴᠠᠭᠠᠨ ᠰᠤᠳᠤᠯᠤᠯᠲᠠ ᠬᠢᠵᠦ᠂ ᠠᠰᠠᠭᠤᠳᠠᠯ ᠢ ᠣᠯᠵᠤ ᠮᠡᠳᠡᠪᠡᠯ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠵᠦ᠂ ᠰᠢᠢᠳᠪᠦᠷᠢᠯᠡᠵᠦ ᠳᠡᠶᠢᠯᠬᠦ ᠥᠬᠡᠶ ᠶᠢ ᠨᠢ ᠴᠠᠭ ᠲᠤᠬᠠᠶ ᠳᠤᠨᠢ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠷᠢᠯᠴᠠᠬᠤ ᠪᠤᠶᠤ ᠬᠠᠷᠠᠭᠠᠯᠵᠠᠭᠰᠠᠨ ᠰᠠᠯᠠᠭ᠎ᠠ ᠮᠥᠴᠢᠷ ᠲᠠᠢ ᠬᠠᠷᠢᠯᠴᠠᠵᠤ ᠬᠠᠮᠲᠤ ᠪᠠᠷ ᠴᠡᠭᠴᠡᠯᠡᠨ ᠰᠠᠶᠢᠵᠢᠷᠠᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ᠂ ᠥᠷᠭᠡᠨ ᠣᠯᠠᠨ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠼᠠᠢ ᠱᠧᠨ ᠮᠢᠶᠣᠣ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1