ᠦᠨᠳᠦᠰᠦᠨ ᠱᠠᠲᠤᠨ ᠤ ᠰᠡᠳᠬᠢᠯ ᠤᠨ ᠦᠭᠡ ᠶᠢ ᠰᠣᠨᠣᠰᠴᠤ ︽ᠨᠠᠮ ᠤᠨ ᠲᠥᠯᠥᠭᠡᠯᠡᠭᠴᠢ ᠶᠢᠨ ᠬᠦᠯᠢᠶᠡᠨ ᠠᠪᠬᠤ ᠡᠳᠦᠷ︾ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/5
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠡᠷᠭᠡᠳᠡᠬᠢ ᠤᠯᠠᠨ ᠲᠦᠮᠡᠨ ᠳᠤ ᠪᠣᠳᠠᠲᠠᠢ ᠶᠠᠪᠤᠳᠠᠯ ᠰᠠᠶᠢᠨ ᠶᠠᠪᠤᠳᠠᠯ ᠬᠢᠵᠦ᠂ ᠰᠠᠭᠤᠭᠠᠯᠢ ᠠᠷᠠᠳ ᠤᠨ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ 12 ᠰᠠᠷ᠎ᠠ ᠶᠢᠨ 1 ᠤ ᠡᠳᠦᠷ᠂ ᠼᠠᠢ ᠱᠧᠨ ᠮᠢᠶᠣᠣ ᠵᠡᠭᠡᠯᠢ ᠭᠤᠳᠤᠮᠵᠢ ᠶᠢᠨ ᠨᠠᠮ ᠤᠨ ᠲᠥᠯᠥᠭᠡᠯᠡᠭᠴᠢ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠠᠨ ᠵᠢᠶᠠᠨ ᠵᠢᠶᠦ᠋ᠨ ᠨᠥᠬᠦᠷ ᠰᠢᠨ ᠶᠤᠸᠠᠨ ᠨᠡᠶᠢᠭᠡᠮ ᠲᠣᠭᠤᠷᠢᠭ ᠤᠨ ᠨᠠᠮ ᠤᠨ ᠲᠥᠯᠥᠭᠡᠯᠡᠭᠴᠢ ᠶᠢᠨ ᠠᠵᠢᠯᠯᠠᠬᠤ ᠲᠠᠰᠤᠭ ᠲᠤ ᠨᠠᠮ ᠤᠨ ᠲᠥᠯᠥᠭᠡᠯᠡᠭᠴᠢ ᠶᠢᠨ ᠬᠦᠯᠢᠶᠡᠨ ᠠᠪᠬᠤ ᠡᠳᠦᠷ ᠤᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠰᠤᠷᠪᠤᠯᠵᠢᠯᠠᠬᠤ ᠪᠠᠷ ᠢᠷᠡᠭᠰᠡᠨ ᠨᠠᠮ ᠤᠨ ᠭᠡᠰᠢᠭᠦᠳ ᠲᠣᠰ ᠪᠡᠶ᠎ᠡ ᠶᠢᠨ ᠨᠡᠯᠢᠶᠡᠳ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠶ ᠰᠠᠨᠠᠯ ᠰᠠᠨᠠᠭᠤᠯᠭ᠎ᠠ ᠳᠤᠷᠠᠳᠴᠤ᠂ ᠨᠠᠮ ᠤᠨ ᠲᠥᠯᠥᠭᠡᠯᠡᠭᠴᠢ ᠠᠨ ᠵᠢᠶᠠᠨ ᠵᠢᠶᠦ᠋ᠨ ᠨᠠᠮ ᠤᠨ ᠭᠡᠰᠢᠭᠦᠨ ᠤ ᠳᠤᠷᠠᠳᠤᠭᠰᠠᠨ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠴᠦ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠨᠡ ᠤᠳᠠᠭᠠᠨ ᠤ ᠭᠤᠤᠯ ᠰᠡᠳᠦᠪᠲᠦ ᠬᠥᠮᠦᠵᠢᠯ ᠤᠨ ᠬᠤᠭᠤᠴᠠᠭᠠᠨ ᠳᠤ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠠᠮ ᠤᠨ ᠭᠡᠰᠢᠭᠦᠨ᠂ ᠨᠡᠭᠦᠳᠡᠯ ᠨᠠᠮ ᠤᠨ ᠭᠡᠰᠢᠭᠦᠨ ᠤ ᠰᠠᠭᠤᠷᠢ ᠣᠨᠣᠯ ᠤᠨ ᠲᠤᠬᠠᠶ ᠰᠤᠷᠤᠯᠴᠠᠯᠭ᠎ᠠ ᠶᠢ ᠢᠳᠡᠪᠬᠢᠲᠡᠶ ᠠᠳᠬᠤᠵᠤ᠂ ᠳᠡᠭᠡᠳᠦ ᠱᠠᠲᠤᠨ ᠤ ᠨᠠᠮ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ᠂ ᠢᠯᠠᠩᠭᠤᠶ᠎ᠠ ᠲᠣᠰ ᠤᠳᠠᠭᠠᠨ ᠤ ᠭᠤᠤᠯ ᠰᠡᠳᠦᠪᠲᠦ ᠬᠥᠮᠦᠵᠢᠯ ᠤᠨ ᠶᠡᠷᠦᠩᠬᠡᠶ ᠱᠠᠭᠠᠷᠳᠠᠯᠭ᠎ᠠ᠂ ᠦᠨᠳᠦᠰᠦᠨ ᠡᠭᠦᠷᠭᠡ ᠶᠢᠨ ᠲᠤᠬᠠᠶ ᠣᠶᠢᠯᠠᠭᠠᠯᠲᠠ ᠶᠢ ᠭᠦᠨᠵᠡᠭᠡᠶ ᠠᠳᠬᠤᠵᠤ ᠨᠠᠶᠢᠳᠠᠪᠤᠷᠢᠵᠢᠭᠤᠯᠤᠯᠲᠠ ᠶᠢ ᠭᠦᠨᠵᠡᠭᠡᠶ ᠠᠳᠬᠤᠵᠤ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠠᠮ ᠤᠨ ᠭᠡᠰᠢᠭᠦᠨ ᠤ ᠪᠠᠶᠢᠳᠠᠯ ᠢ ᠭᠦᠨᠵᠡᠭᠡᠶ ᠣᠶᠢᠯᠠᠭᠠᠵᠤ᠂ ᠦᠡᠭᠭᠡᠷᠡᠭᠰᠡᠨ ᠤ ᠲᠤᠷᠰᠢᠯᠭ᠎ᠠ ᠠᠷᠪᠢᠨ᠂ ᠣᠪᠣᠷ ᠰᠤᠷᠲᠠᠯ ᠴᠢᠩᠭ᠎ᠠ ᠣᠨᠴᠠᠯᠢᠭ ᠢ ᠭᠦᠢᠴᠡᠳ ᠠᠰᠢᠭᠯᠠᠨ᠂ ᠨᠠᠮ ᠤᠨ ᠭᠡᠰᠢᠭᠦᠨ ᠤ ᠶᠡᠭᠡ ᠬᠤᠷᠠᠯ᠂ ᠶᠠᠷᠢᠯᠴᠠᠬᠤ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ ᠠᠬᠠᠮᠠᠳ ᠨᠠᠮ ᠤᠨ ᠭᠡᠰᠢᠭᠦᠨ ᠤ ᠨᠡᠶᠢᠭᠡᠮ ᠲᠣᠭᠤᠷᠢᠭ ᠤᠨ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠢᠳᠡᠪᠬᠢᠲᠡᠶ ᠰᠣᠨᠣᠰᠴᠤ᠂ ᠦᠨᠳᠦᠰᠦᠨ ᠱᠠᠲᠤᠨ ᠤ ᠵᠠᠰᠠᠯᠲᠠ ᠳᠤ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠬᠡᠷᠡᠭᠲᠡᠶ᠃ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠠᠮ ᠤᠨ ᠭᠡᠰᠢᠭᠦᠨ ᠤ ᠤᠯᠤᠰ ᠲᠥᠷᠥ ᠶᠢᠨ ᠳᠠᠪᠠᠭᠤᠯᠢᠭ᠂ ᠲᠤᠷᠰᠢᠯᠭ᠎ᠠ ᠶᠢᠨ ᠳᠠᠪᠠᠭᠤᠯᠢᠭ᠂ ᠨᠡᠷ᠎ᠡ ᠬᠦᠨᠳᠦ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠎ᠠ᠃ ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠲᠣᠭᠤᠷᠢᠭ ᠤᠨ ᠡᠳᠦᠷ ᠲᠤᠲᠤᠮ ᠤᠨ ᠠᠵᠢᠯ ᠤᠨ ᠳᠤᠮᠳᠠ ᠪᠡᠶ᠎ᠡ ᠭᠠᠷᠤᠯ ᠢ ᠨᠢ ᠲᠣᠳᠣᠷᠬᠠᠶᠢᠯᠠᠵᠤ᠂ ᠡᠩ ᠤᠨ ᠰᠠᠭᠤᠭᠠᠯᠢ ᠠᠷᠠᠳ ᠤᠨ ᠢᠳᠡᠪᠬᠢᠵᠢᠯ ᠢ ᠳᠠᠶᠢᠴᠢᠯᠠᠨ᠎ᠠ᠃      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠲᠥᠯᠥᠭᠡᠯᠡᠭᠴᠢ ᠬᠢᠭᠡᠳ ᠦᠨᠳᠦᠰᠦᠨ ᠱᠠᠲᠤᠨ ᠤ ᠨᠠᠮ ᠤᠨ ᠭᠡᠰᠢᠭᠦᠨ ᠤ ᠬᠤᠭᠤᠷᠣᠨᠳᠣᠬᠢ ᠵᠠᠶ ᠶᠢ ᠤᠯᠠᠮ ᠨᠢᠭᠡ ᠠᠯᠬᠤᠮ ᠣᠶᠢᠷᠠᠲᠤᠭᠤᠯᠪᠠ᠃ ᠵᠠᠯᠭᠠᠭᠠᠳ᠂ ᠰᠢᠨ ᠶᠤᠸᠠᠨ ᠨᠡᠶᠢᠭᠡᠮ ᠲᠣᠭᠤᠷᠢᠭ ᠤᠨ ᠬᠢᠨ ᠨᠠᠮ ᠤᠨ ᠲᠥᠯᠥᠭᠡᠯᠡᠭᠴᠢ ᠪᠣᠯᠤᠨ ᠦᠨᠳᠦᠰᠦᠨ ᠱᠠᠲᠤᠨ ᠤ ᠨᠠᠮ ᠤᠨ ᠭᠡᠰᠢᠭᠦᠨ ᠤ ᠨᠡᠪᠲᠡᠷᠡᠯᠴᠡᠬᠦ ᠬᠥᠭᠦᠷᠭᠡ ᠶᠢ ᠦᠷᠭᠦᠯᠵᠢᠯᠡᠨ ᠪᠠᠶᠢᠭᠤᠯᠵᠤ᠂ ᠦᠷᠭᠦᠯᠵᠢᠯᠡᠨ ︽ᠰᠡᠳᠬᠢᠯ ᠲᠠᠯᠪᠢᠵᠤ ᠬᠦᠴᠦ ᠣᠷᠣᠭᠤᠯᠤᠨ ᠦᠨᠳᠦᠰᠦᠨ ᠱᠠᠲᠤᠨ ᠤ ᠬᠦᠴᠢᠷᠳᠡᠯ ᠲᠠᠢ ᠶᠠᠪᠤᠳᠠᠯ᠂ ᠤᠯᠠᠨ ᠲᠦᠮᠡᠨ ᠤ ᠪᠤᠬᠢᠨᠢᠳᠤᠯ ᠲᠠᠢ ᠶᠠᠪᠤᠳᠠᠯ ᠢ ᠰᠠᠶᠢᠲᠤᠷ ᠰᠢᠢᠳᠪᠦᠷᠢᠯᠡᠵᠦ᠂ ᠦᠨᠳᠦᠰᠦᠨ ᠱᠠᠲᠤᠨ ᠤ ᠵᠥᠷᠢᠴᠡᠯ ᠢ ᠰᠢᠢᠳᠪᠦᠷᠢᠯᠡᠬᠦ ᠶᠢ ᠲᠠᠰᠤᠷᠠᠯᠳᠠ ᠦᠭᠡᠢ ᠠᠬᠢᠭᠤᠯᠵᠤ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠵᠤ᠂ ᠠᠮᠤᠷ ᠠᠮᠤᠭᠤᠯᠠᠩ᠂ ᠡᠶ᠎ᠡ ᠵᠣᠬᠢᠴᠠᠩᠭᠤᠢ᠂ ᠲᠣᠭᠲᠠᠭᠤᠨ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠪᠤᠢ ᠪᠣᠯᠭᠠᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠼᠠᠢ ᠱᠧᠨ ᠮᠢᠶᠣᠣ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1