ᠪᠤᠭᠤᠲᠤ ᠶᠢᠨ ᠡᠳᠦᠷ ᠤᠨ ᠰᠣᠨᠢᠨ ᠤ ᠲᠤᠰᠬᠠᠢ ᠰᠣᠷᠪᠤᠯᠵᠢᠯᠠᠭ᠎ᠠ ᠶᠠᠩ ᠡᠯ ᠰᠢ᠄ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ ᠳ᠋ᠦᠩ ᠾᠧ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠤᠨ᠎ᠠ
ᠨᠡᠶᠢᠲᠡᠯᠡᠭᠰᠡᠨ ᠴᠠᠭ᠄
2023/2/1
     ︽ᠳ᠋ᠦᠩ ᠾᠧ ᠲᠣᠭᠤᠷᠢᠭ ᠨᠢ ᠪᠤᠭᠤᠲᠤ ᠬᠤᠳᠠ ᠶᠢᠨ ᠬᠠᠭᠤᠴᠢᠨ ᠬᠤᠳᠠ ᠶᠢᠨ ᠲᠣᠭᠤᠷᠢᠭ ᠪᠣᠯᠤᠭᠰᠠᠨ ᠤ ᠬᠤᠪᠢ ᠳᠤ᠂ ᠰᠢᠨ᠎ᠡ ᠠᠶᠠᠨ ᠵᠠᠮ ᠳᠤ ᠲᠡᠷᠢᠭᠦᠨ ᠳᠤ ᠣᠷᠣᠬᠤ ᠪᠠᠷ ᠴᠢᠷᠮᠠᠶᠢᠬᠤ ᠳᠤ᠂ ᠦᠨᠳᠦᠰᠦᠨ ᠭᠠᠷᠬᠤ ᠵᠠᠮ ᠨᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠳᠤ ᠪᠠᠶᠢᠨ᠎ᠠ︾᠃ ᠳ᠋ᠦᠩ ᠾᠧ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠩ ᠡᠯ ᠰᠢ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ  ᠶᠢ ᠬᠦᠯᠢᠶᠡᠬᠦ ᠳᠡᠭᠡᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠰᠠᠨᠠᠯ ᠢ ᠨᠡᠶᠢᠲᠡᠯᠡᠵᠦ᠂ ᠪᠤᠭᠤᠲᠤ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠱᠠᠩᠨᠠᠯ ᠢ ᠠᠩᠬ᠎ᠠ ᠤᠳᠠᠭ᠎ᠠ ᠣᠯᠭᠤᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠬᠦ ᠴᠢᠩᠭ᠎ᠠ ᠳᠣᠬᠢᠶ᠎ᠠ ᠶᠢ ᠤᠯᠠᠮ ᠨᠢᠭᠡ ᠠᠯᠬᠤᠮ ᠳᠠᠮᠵᠢᠭᠤᠯᠵᠤ᠂ ᠳ᠋ᠦᠩ ᠾᠧ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ ᠥᠭᠭᠦᠭᠰᠡᠨ ᠪᠠᠶᠢᠨ᠎ᠠ᠃ᠳ᠋ᠦᠩ ᠾᠧ ᠲᠣᠭᠤᠷᠢᠭ ᠤᠨ ᠬᠢᠨ ᠲᠥᠪ᠂ ᠥᠪᠡᠷᠲᠡᠭᠡᠨ ᠵᠠᠰᠠᠬᠤ ᠣᠷᠣᠨ ᠪᠣᠯᠣᠨ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠵᠢᠴᠢ ᠪᠦᠬᠦ ᠬᠤᠳᠠ ᠶᠢᠨ ︽ᠬᠤᠶᠠᠷ ᠬᠤᠷᠠᠯ︾᠎ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠣᠶᠢᠵᠢᠭᠤᠯᠵᠤ᠂ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠦᠨ᠎ᠡ᠃      ᠶᠠᠩ ᠡᠯ ᠰᠢ᠂ ᠰᠢᠨ᠎ᠡ ᠶᠢ ᠡᠭᠦᠳᠬᠦ ᠪᠣᠯ ᠬᠥᠭᠵᠢᠯᠲᠡ ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠭᠦ ᠬᠦᠴᠦᠨ ᠮᠥᠨ᠂ ᠰᠢᠨ᠎ᠡ ᠶᠢ ᠡᠭᠦᠳᠬᠦ ᠶᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ᠂ ᠰᠢᠨ᠎ᠡ ᠶᠢ ᠡᠭᠦᠳᠬᠦ ᠶᠢ ᠰᠦᠪᠡᠭᠴᠢᠯᠡᠬᠦ ᠪᠣᠯ ᠳᠠᠷᠤᠢ ᠢᠷᠡᠭᠡᠳᠦᠢ ᠶᠢ ᠡᠷᠢᠯᠬᠢᠯᠡᠬᠦ ᠶᠠᠪᠤᠳᠠᠯ ᠮᠥᠨ᠃ᠳ᠋ᠦᠩ ᠾᠧ ᠲᠣᠭᠤᠷᠢᠭ ᠤᠨ ᠬᠢᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠪᠤᠭᠤ ᠶᠢᠨ ᠸᠠᠩ᠂ ᠪᠤᠭᠤᠲᠤ ᠶᠢᠨ ᠬᠥᠩᠭᠡᠨ ᠴᠠᠭᠠᠨ᠂ ᠱᠧᠩ ᠲᠠᠢ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠥᠯᠦᠪᠵᠢᠭᠦᠯᠭᠡ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠦᠭᠡᠢ ᠪᠠᠷ︽ᠲᠡᠭ ᠪᠣᠯᠭᠠᠬᠤ︾ᠠᠵᠢᠯᠯᠠᠭ᠎ᠠ ᠶᠢ ᠬᠡᠷᠡᠭᠵᠢᠭᠦᠯᠵᠦ᠂ ᠳᠤᠮᠳᠠᠳᠤ ᠤᠰᠤᠲᠥ᠋ᠷᠥᠭᠴᠢ ᠶᠢᠨ ᠡᠨᠧᠷᠭᠢ᠂ ᠳᠥᠷᠪᠡ ᠶᠢ ᠨᠡᠪᠲᠡᠷᠡᠭᠦᠯᠬᠦ ᠰᠢᠨ᠎ᠡ ᠮᠠᠲ᠋ᠧᠷᠢᠶᠠᠯ ᠵᠡᠷᠭᠡ ᠲᠣᠮᠣ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠲᠥᠪ᠂ ᠢᠨᠵᠧᠨᠧᠷᠢᠩ ᠤᠨ ᠮᠡᠷᠭᠡᠵᠢᠯ ᠤᠨ ᠲᠥᠪ ᠪᠣᠯᠣᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠶᠢᠭᠤᠯᠬᠤ ᠶᠢ ᠳᠡᠮᠵᠢᠨ᠎ᠡ᠃ᠴᠤᠯᠤ ᠴᠡᠪᠡᠷ ᠬᠥᠩᠭᠡᠨᠴᠠᠭᠠᠨ ᠤ ᠬᠡᠷᠡᠭᠯᠡᠭᠡᠨ᠂ ᠬᠥᠩᠭᠡᠨᠴᠠᠭᠠᠨ ᠢᠶᠠᠷ ᠰᠠᠭᠤᠷᠢ ᠪᠣᠯᠭᠠᠭᠰᠠᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠮᠡᠷᠭᠡᠵᠢᠯ ᠤᠨ ᠰᠤᠳᠤᠯᠤᠨ ᠨᠡᠭᠡᠭᠡᠯᠲᠡ ᠬᠢᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ ᠲᠦᠷᠭᠡᠳᠬᠡᠨ ᠬᠤᠪᠢᠷᠠᠭᠤᠯᠬᠤ ᠶᠢ ᠠᠬᠢᠭᠤᠯᠤᠨ᠂ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠪᠤᠶᠤ ᠠᠵᠤ ᠠᠬᠤᠶᠢᠯᠠᠯ ᠤᠨ ᠮᠡᠷᠭᠡᠵᠢᠯ ᠤᠨ ᠰᠤᠳᠤᠯᠤᠨ ᠨᠡᠭᠡᠭᠡᠬᠦ ᠲᠥᠪ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠵᠡᠷᠭᠡ 4 ᠰᠢᠨᠵᠢᠯᠡᠬᠦ ᠤᠬᠠᠭᠠᠨ ᠤ ᠰᠤᠳᠤᠯᠤᠯ ᠤᠨ ᠲᠠᠪᠴᠠᠩ ᠢ ᠪᠣᠶᠢᠵᠢᠭᠤᠯᠤᠨ ᠦᠨᠡᠮᠰᠢᠬᠦ ᠪᠠᠷ ᠴᠢᠷᠮᠠᠶᠢᠨ᠎ᠠ᠃5 ︱ 10 ᠵᠦᠢᠯ ᠤᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠲᠥᠷᠥᠯ ᠵᠦᠢᠯ ᠢ ᠬᠡᠷᠡᠭᠵᠢᠭᠦᠯᠵᠦ᠂ ᠮᠡᠷᠭᠡᠵᠢᠯ ᠤᠨ ᠭᠡᠷ᠎ᠡ ᠶᠢᠨ ᠠᠷᠠᠯᠵᠢᠶᠠᠨ ᠤ ᠲᠤᠭ᠎ᠠ ᠶᠢ 10% ᠎ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢ 1.55%᠎ ᠳᠤ ᠬᠦᠷᠦᠭᠦᠯᠦᠨ᠎ᠡ᠃ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ︽ᠬᠤᠶᠠᠷ ᠲᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠵᠢᠯ ᠤᠨ ᠳᠣᠲᠣᠷ᠎ᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 15᠎ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠡᠯ᠎ᠡ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠬᠤ ᠪᠠ ᠪᠣᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠤᠳᠤ ᠪᠠᠶᠢᠭ᠎ᠠ ᠪᠠᠶᠢᠭᠤᠯᠤᠮᠵᠢ ᠶᠢ ᠬᠠᠪᠰᠤᠷᠴᠤ ᠪᠠᠶᠢᠭᠠᠳ ᠳᠦᠷᠢᠮ ᠲᠣᠭᠲᠠᠭᠠᠯ ᠢ ᠨᠢ ᠳᠡᠭᠡᠭᠰᠢᠯᠡᠭᠦᠯᠦᠨ ᠲᠠᠩᠰᠠ ᠡᠪᠬᠡᠮᠡᠯ ᠢ ᠨᠢ ᠳᠡᠭᠡᠭᠰᠢᠯᠡᠭᠦᠯᠵᠦ᠂ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃      ᠰᠢᠨ᠎ᠡ ᠶᠢ ᠡᠭᠦᠳᠬᠦ ᠶᠢ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠯᠬᠢᠨ ᠠᠬᠢᠭᠤᠯᠬᠤ᠂ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠬᠤ ᠶᠢᠨ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠲᠣᠰ ᠭᠠᠵᠠᠷ ᠤᠨ ᠵᠠᠯᠠᠭᠤᠴᠤᠳ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠣᠭᠤᠷᠢᠨ ᠳᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠢᠳᠡᠪᠬᠢᠲᠡᠢ ᠳᠡᠮᠵᠢᠨ ᠵᠣᠷᠢᠭᠵᠢᠭᠤᠯᠵᠤ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠢ ᠪᠤᠵᠠᠭᠠᠶᠢᠷᠠᠭᠤᠯᠤᠨ︽ᠢᠨᠲ᠋ᠧᠷ ᠰᠦᠯᠵᠢᠶ᠎ᠡ︾ ᠬᠢᠭᠡᠳ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠲᠣᠰ ᠭᠠᠵᠠᠷ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠣᠶ ᠪᠣᠯᠭᠠᠵᠤ᠂ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠬᠦ ᠶᠢ ᠠᠬᠢᠭᠤᠯᠬᠤ᠃      ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠴᠢᠳᠠᠪᠤᠷᠢᠲᠠᠨ ᠪᠣᠯ ᠬᠠᠮᠤᠭ ᠤᠨ ᠵᠠᠩᠭᠢᠯᠠᠭ᠎ᠠ ᠶᠢᠨ ᠬᠦᠴᠦᠨ ᠵᠦᠢᠯ ᠪᠣᠯᠣᠨ᠎ᠠ᠃ᠳ᠋ᠦᠩ ᠾᠧ ᠲᠣᠭᠤᠷᠢᠭ ᠤᠨ ᠬᠢᠨ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ ᠵᠠᠮ ᠢ ᠰᠢᠯᠤᠭᠤᠳᠬᠠᠵᠤ᠂ ᠪᠤᠭᠤᠲᠤ ᠶᠢᠨ ᠬᠥᠮᠥᠨ ᠤ ᠬᠦᠴᠦᠨ ᠤ ᠬᠥᠷᠥᠩᠭᠡ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠴᠢᠳᠠᠪᠤᠷᠢᠲᠠᠨ ᠢ ᠲᠠᠲᠠᠬᠤ᠂ ᠴᠢᠳᠠᠪᠤᠷᠢᠲᠠᠨ ᠢ ᠦᠯᠡᠳᠡᠭᠡᠬᠦ᠂ ᠴᠢᠳᠠᠪᠤᠷᠢᠲᠠᠨ ᠢ ᠬᠡᠷᠡᠭᠯᠡᠬᠦ ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠢᠳᠠᠪᠤᠷᠢᠲᠠᠨ ᠤ ᠬᠡᠯᠬᠢᠶ᠎ᠡ ᠪᠣᠯᠣᠨ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢᠨ ᠣᠷᠭᠠᠨᠢᠭ ᠠᠭᠤᠰᠤᠯᠴᠠᠯ ᠢ ᠠᠬᠢᠭᠤᠯᠵᠤ᠂ ᠨᠡᠩ ᠤᠯᠠᠨ ᠴᠢᠳᠠᠪᠤᠷᠢᠲᠠᠨ ᠢ ᠲᠠᠲᠠᠵᠤ ᠳ᠋ᠦᠩ ᠾᠧ ᠲᠣᠭᠤᠷᠢᠭ ᠲᠤ ᠰᠠᠨᠠᠭ᠎ᠠ ᠠᠮᠤᠷ ᠦᠢᠯᠡᠰ ᠪᠣᠰᠬᠠᠬᠤ᠂ ᠠᠮᠤᠷ ᠵᠢᠮᠤᠷ ᠠᠵᠤ ᠲᠦᠷᠦᠭᠦ ᠶᠢ ᠠᠬᠢᠭᠤᠯᠤᠨ᠎ᠠ᠃      ︽ᠪᠢᠳᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠪᠠᠷᠢᠮᠲᠠᠯᠠᠵᠤ᠂ ᠮᠡᠷᠭᠡᠵᠢᠯ ᠤᠨ ᠲᠠᠪᠰᠢᠯᠳᠠ ᠳᠤ ᠲᠦᠰᠢᠭᠯᠡᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠢ ᠪᠣᠯᠭᠠᠵᠤ᠂ ᠰᠢᠨ᠎ᠡ ᠦᠢᠯᠡᠳᠬᠦᠨ ᠭᠠᠷᠭᠠᠵᠤ᠂ ᠰᠢᠨ᠎ᠡ ᠵᠠᠬ᠎ᠠ ᠳᠡᠯᠭᠡᠭᠦᠷ ᠢ ᠨᠡᠭᠡᠭᠡᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠷ ᠭᠠᠵᠠᠷ ᠣᠷᠣᠨ ᠤ ᠬᠥᠭᠵᠢᠯᠲᠡ ᠶᠢᠨ ᠰᠢᠨ᠎ᠡ ᠬᠥᠳᠡᠯᠭᠡᠭᠦ ᠬᠦᠴᠦᠨ ᠰᠢᠨ᠎ᠡ ᠳᠠᠪᠠᠭᠤᠯᠢᠭ ᠢ ᠪᠤᠢ ᠪᠣᠯᠭᠠᠵᠤ᠂ ᠪᠤᠭᠤᠲᠤ ᠶᠢᠨ ᠰᠦᠷ ᠵᠢᠪᠬᠤᠭ᠎ᠠ ᠶᠢ ᠲᠠᠬᠢᠨ ᠮᠠᠨᠳᠤᠭᠤᠯᠬᠤ᠂ ᠬᠡᠷᠡᠯ ᠰᠠᠴᠤᠷᠠᠩᠭᠤᠢ ᠠᠮᠵᠢᠯᠲᠠ ᠶᠢ ᠲᠠᠬᠢᠨ ᠡᠭᠦᠳᠬᠦ ᠳᠤ ᠢᠯᠡᠭᠦᠬᠡᠨ ᠬᠤᠪᠢ ᠨᠡᠮᠡᠷᠢ ᠦᠵᠡᠭᠦᠯᠦᠨ᠎ᠡ︾᠃ ᠭᠡᠵᠦ ᠶᠠᠩ ᠡᠯ ᠰᠢ ᠬᠡᠯᠡᠪᠡ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1