ᠶᠠᠩ ᠡᠯ ᠰᠢ ᠪᠥᠬᠦ ᠣᠷᠣᠨ ᠤ ᠬᠤᠲᠠ ᠶᠢᠨ ᠰᠢᠨᠡᠴᠢᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/2/1
     1 ᠳ᠋ᠦᠭᠡᠷ ᠰᠠᠷ᠎ᠠ ᠶᠢᠨ 12 ᠤᠨ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠠᠩ ᠡᠯ ᠰᠢ ᠤᠷᠢᠳ ᠬᠤᠵᠢᠳ ᠬᠤᠸᠠᠨ ᠯᠦᠩ ᠽᠠᠩ ᠴᠡᠴᠡᠷᠯᠢᠭ᠂ ᠭᠠᠯ ᠳᠠᠭᠠᠭᠠᠮᠠᠭᠠᠢ ᠦᠢᠯᠡᠳᠪᠦᠷᠢ ᠵᠠᠮ᠂ ᠸᠠᠩ ᠷᠦᠥᠸ᠋ ᠹᠧᠢ  ᠶᠢᠨ ᠳᠤᠷᠠᠰᠬᠠᠯ ᠤᠨ ᠣᠷᠳᠣᠨ᠂ ᠨᠠᠨ ᠭᠧ ᠳ᠋ᠦᠩ ᠵᠡᠭᠡᠯᠢ ᠭᠤᠳᠤᠮᠵᠢ ᠶᠢᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠷᠢ ᠶᠢᠨ ᠬᠡᠰᠡᠭ ᠲᠣᠭᠤᠷᠢᠭ᠂ ᠪᠠᠶᠠᠨᠲᠠᠯ᠎ᠠ ᠶᠡᠭᠡ ᠵᠡᠭᠡᠯᠢ ᠳᠤ ᠬᠦᠷᠴᠦ᠂ ᠬᠤᠲᠠ ᠶᠢᠨ ᠰᠢᠨᠡᠴᠢᠯᠡᠯᠲᠡ ᠶᠢᠨ ᠪᠦᠬᠦᠯᠢ ᠴᠣᠭᠴᠠ ᠶᠢᠨ ᠲᠥᠯᠦᠪᠵᠢᠭᠦᠯᠭᠡ ᠵᠢᠴᠢ ᠡᠯ᠎ᠡ ᠴᠡᠭ ᠤᠨ ᠰᠢᠨᠡᠴᠢᠯᠡᠯᠲᠡ ᠶᠢᠨ ᠠᠬᠢᠴᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠤᠳᠤᠯᠬᠤ ᠶᠢᠨ ᠬᠠᠮᠲᠤ ᠪᠥᠬᠦ ᠣᠷᠣᠨ ᠤ ᠬᠤᠲᠠ ᠶᠢᠨ ᠰᠢᠨᠡᠴᠢᠯᠡᠯᠲᠡ ᠶᠢᠨ ᠠᠵᠢᠯ ᠳᠤ ᠱᠠᠭᠠᠷᠳᠠᠯᠭ᠎ᠠ ᠳᠤᠷᠠᠳᠪᠠ᠃
1 ᠰᠠᠷ᠎ᠠ ᠶᠢᠨ 12  ᠤ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠱᠦᠵᠢ ᠶᠠᠩ ᠡᠯ ᠰᠢ ᠸᠠᠩ ᠷᠦᠸ᠋ᠸ ᠹᠧᠢ ᠶᠢᠨ ᠳᠤᠷᠠᠰᠬᠠᠯ ᠤᠨ ᠣᠷᠳᠣᠨ ᠳᠤ ᠪᠠᠶᠢᠴᠠᠭᠠᠨ ᠰᠤᠳᠤᠯᠤᠯᠲᠠ ᠬᠢᠵᠡᠢ᠃      ᠶᠠᠩ ᠡᠯ ᠰᠢ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠥᠷᠨᠢᠭᠦᠯᠬᠦ ᠨᠢ ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ᠵᠣᠭᠰᠣᠴᠠ ᠪᠠᠨ ᠳᠡᠭᠡᠭᠰᠢᠯᠡᠭᠦᠯᠵᠦ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠬᠤᠳᠠ ᠶᠢᠨ ᠰᠢᠨᠡᠴᠢᠯᠡᠯᠲᠡ ᠶᠢᠨ ᠠᠵᠢᠯ ᠢ ᠬᠤᠳᠠ ᠶᠢᠨ ᠲᠣᠭᠤᠷᠢᠭ ᠤᠨ ᠴᠢᠳᠠᠪᠬᠢ ᠶᠢ ᠲᠡᠭᠦᠯᠳᠡᠷᠵᠢᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠵᠢᠷᠤᠭ ᠲᠥᠯᠥᠪᠯᠡᠭᠡ ᠶᠢᠨ ᠲᠥᠰᠥᠯ ᠢ ᠨᠠᠷᠢᠨ ᠨᠢᠮᠪᠠᠢ ᠰᠢᠯᠢᠳᠡᠭᠵᠢᠭᠦᠯᠵᠦ᠂ ᠰᠢᠰᠲ᠋ᠧᠮᠲᠦ ᠴᠢᠨᠠᠷ᠂ ᠪᠠᠷᠠᠭᠠᠯᠬᠢᠯᠠᠯᠳᠤ ᠴᠢᠨᠠᠷ᠂ ᠵᠣᠬᠢᠴᠠᠩᠭᠤᠢ ᠴᠢᠨᠠᠷ ᠢ ᠲᠤᠪᠤᠶᠢᠯᠭᠠᠵᠦ᠂ ᠰᠠᠭᠤᠷᠢ ᠢᠵᠢ ᠪᠦᠷᠢᠳᠦᠭᠰᠡᠨ᠂ ᠣᠷᠣᠨ ᠵᠠᠢ ᠶᠢᠨ ᠪᠠᠶᠢᠷᠢᠰᠢᠯ᠂ ᠬᠤᠳᠠ ᠶᠢᠨ ᠦᠵᠡᠮᠵᠢ ᠵᠡᠷᠭᠡ ᠡᠯᠧᠮᠧᠨ᠋ᠲ ᠢ ᠨᠢᠭᠡᠳᠦᠯᠲᠡᠢ ᠲᠥᠯᠥᠪᠵᠢᠭᠦᠯᠵᠦ᠂ ᠵᠣᠬᠢᠴᠠᠩᠭᠤᠢ ᠨᠢᠭᠡᠳᠦᠯᠲᠡᠢ ᠪᠠᠶᠢᠬᠤ ᠶᠢ ᠪᠠᠲᠤᠯᠠᠵᠤ᠂ ᠣᠨᠴᠠᠯᠢᠭ ᠢᠶᠠᠷ ᠢᠯᠡ ᠲᠣᠳᠣ᠂ ᠣᠷᠣᠰᠢᠨ ᠰᠠᠭᠤᠬᠤ ᠳᠤ ᠲᠠᠭᠠᠯᠠᠮᠵᠢᠲᠠᠢ ᠣᠳᠣᠬᠢᠴᠢᠯᠠᠭᠰᠠᠨ ᠬᠤᠳᠠ ᠶᠢᠨ ᠲᠣᠭᠤᠷᠢᠭ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ᠰᠣᠳᠣᠨ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠪᠠᠭ᠎ᠠ ᠪᠠᠭ᠎ᠠ ᠪᠠᠷ ᠨᠠᠷᠢᠨ ᠵᠦᠢᠯᠡᠰ ᠠᠴᠠ ᠡᠬᠢᠯᠡᠨ ᠬᠢᠬᠦ ᠶᠢ ᠴᠢᠬᠤᠯᠠᠴᠢᠯᠠᠵᠤ᠂ ︽ᠬᠤᠸᠠᠷ ᠬᠠᠳᠬᠤᠬᠤ︾ᠬᠦᠴᠦᠨ ᠢ ᠭᠦᠢᠴᠡᠳ ᠪᠠᠳᠠᠷᠠᠭᠤᠯᠵᠤ᠂ ᠪᠦᠬᠦᠯᠢ ᠴᠣᠭᠴᠠ ᠶᠢᠨ ᠳᠦᠷᠰᠦ ᠪᠠᠶᠢᠳᠠᠯ᠂ ᠲᠠᠩ ᠴᠣᠭᠴᠠ ᠶᠢᠨ ᠬᠡᠯᠪᠡᠷᠢ ᠪᠠᠶᠢᠳᠠᠯ᠂ ᠪᠣᠰᠤᠭ᠎ᠠ ᠥᠩᠭᠡ ᠠᠶᠠᠰ ᠵᠡᠷᠭᠡ ᠳᠤ ᠰᠢᠰᠲ᠋ᠧᠮ ᠲᠠᠢ ᠵᠢᠷᠤᠭ ᠲᠥᠯᠥᠪᠯᠡᠭᠡ ᠬᠢᠵᠦ᠂ ᠡᠷᠬᠢᠨ ᠲᠣᠭᠤᠷᠢᠨ ᠤ ᠣᠷᠣᠨ ᠪᠦᠰᠡ ᠲᠠᠢ ᠬᠠᠷᠢᠯᠴᠠᠨ ᠵᠣᠬᠢᠴᠠᠬᠤ ᠶᠢ ᠪᠡᠶᠡᠯᠡᠭᠦᠯᠬᠦ ᠬᠡᠷᠡᠭᠲᠡᠢ᠃ᠬᠠᠭᠤᠴᠢᠨ ᠪᠠᠷᠢᠯᠭ᠎ᠠ ᠶᠢᠨ ᠲᠡᠦᠬᠡ ᠶᠢᠨ ᠤᠭ ᠳᠦᠷᠰᠦ ᠶᠢ ᠰᠠᠶᠢᠲᠤᠷ ᠬᠠᠮᠠᠭᠠᠯᠠᠵᠤ᠂ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠨᠡᠶᠢᠳᠬᠡᠬᠦ ᠶᠢ ᠴᠢᠩᠭᠠᠳᠬᠠᠵᠤ᠂ ᠲᠠᠩ ᠪᠡᠶᠡᠲᠦ ᠪᠠᠷᠢᠯᠭ᠎ᠠ ᠶᠢᠨ ᠣᠨᠴᠠᠯᠢᠭ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠪᠦᠬᠦᠯᠢ ᠴᠣᠭᠴᠠ ᠶᠢᠨ ᠳᠦᠷᠰᠦ ᠪᠠᠶᠢᠳᠠᠯ ᠢ ᠡᠷᠬᠢᠨ ᠲᠣᠭᠤᠷᠢᠨ ᠤ ᠠᠵᠤ ᠠᠬᠤᠢ ᠶᠢᠨ ᠡᠵᠡᠩᠨᠡᠯᠲᠡ ᠶᠢᠨ ᠬᠡᠯᠪᠡᠷᠢ ᠲᠠᠢ ᠣᠷᠭᠠᠨᠢᠭ ᠢᠶᠠᠷ ᠠᠭᠤᠰᠤᠯᠴᠠᠭᠤᠯᠵᠤ᠂ ᠵᠣᠬᠢᠴᠠᠩᠭᠤᠢ ᠪᠠᠷ ᠬᠥᠭᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ︽ᠠᠮᠢᠳᠤᠯᠢᠭ ᠪᠣᠯᠭᠠᠵᠤ︾᠂ ᠬᠥᠮᠥᠰ ᠤᠨ ᠬᠦᠷᠢᠶᠡᠯᠡᠯ ᠢ ︽ᠨᠢᠭᠲᠠᠷᠠᠭᠤᠯᠬᠤ︾ᠬᠡᠷᠡᠭᠲᠡᠢ᠃ᠠᠵᠤ ᠦᠢᠯᠡᠰ ᠪᠠ ᠬᠤᠳᠠ ᠶᠢᠨ ᠠᠭᠤᠰᠤᠯᠴᠠᠯ ᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠨᠴᠠᠯᠢᠭᠲᠤ ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ ︽ᠵᠡᠭᠦᠨ ᠭᠤᠣᠯ ᠳᠤ ᠢᠳᠡᠬᠦ︾ᠢᠳᠡᠭᠡᠨ ᠤᠮᠳᠠᠭᠠᠨ ᠤ ᠲᠦᠷᠦᠯ ᠲᠡᠮᠳᠡᠭ ᠢ ᠭᠡᠷᠡᠯᠳᠦᠬᠦᠯᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠬᠤ ᠶᠢ ᠴᠢᠩᠭᠠᠳᠬᠠᠵᠤ᠂ ᠰᠣᠶᠣᠯ ᠬᠤᠳᠠᠯᠳᠤᠭ᠎ᠠ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠡᠭᠦᠳᠬᠦ ᠬᠡᠷᠡᠭᠲᠡᠢ᠃      ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠱᠢ ᠯᠢ ᠨᠠ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠵᠢᠶᠠᠨ ᠵᠢᠶᠦ᠋ᠨ᠂ ᠳᠤᠮᠳᠠᠳᠤ ᠤᠯᠤᠰ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠶᠡᠷᠦᠩᠬᠡᠢ ᠲᠥᠯᠥᠪᠯᠡᠭᠴᠢ ᠰᠢᠶᠠ ᠮᠧᠶ ᠯᠠᠨ ᠵᠢᠴᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠾᠧ ᠫᠢᠩ ᠵᠠᠮ ᠤᠨ ᠵᠡᠭᠡᠯᠢ ᠭᠤᠳᠤᠮᠵᠢ᠂ ᠰᠢ ᠨᠣᠣ ᠪᠦᠦ ᠵᠡᠭᠡᠯᠢ ᠭᠤᠳᠤᠮᠵᠢ᠂ ᠨᠠᠨ ᠭᠧ ᠳ᠋ᠦᠩ ᠵᠡᠭᠡᠯᠢ ᠭᠤᠳᠤᠮᠵᠢ᠂ ᠳ᠋ᠦᠩ ᠵᠠᠨ ᠵᠡᠭᠡᠯᠢ ᠭᠤᠳᠤᠮᠵᠢ᠂ ᠲᠢᠶᠧ ᠰᠢ ᠵᠡᠭᠡᠯᠢ ᠭᠤᠳᠤᠮᠵᠢ᠂ ᠾᠧ ᠳ᠋ᠦᠩ ᠵᠡᠭᠡᠯᠢ ᠭᠤᠳᠤᠮᠵᠢ ᠶᠢᠨ ᠭᠤᠣᠯ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1