ᠳ᠋ᠦᠩ ᠾᠧ ᠲᠣᠭᠤᠷᠢᠭ᠄ ᠨᠡᠶᠢᠭᠡᠮ ᠤᠨ ᠬᠦᠴᠦᠨ ᠢᠶᠠᠷ ᠬᠦᠴᠢᠷᠳᠡᠯᠲᠡᠢ ᠤᠯᠠᠨ ᠲᠦᠮᠡᠨ ᠢ ᠠᠪᠤᠷᠠᠨ ᠲᠤᠰᠠᠯᠠᠨ᠎ᠠ
ᠨᠡᠶᠢᠲᠡᠯᠡᠭᠰᠡᠨ ᠴᠠᠭ᠄
2023/2/1
       ᠨᠡᠶᠢᠭᠡᠮ ᠤᠨ ᠠᠪᠤᠷᠠᠨ ᠲᠤᠰᠠᠯᠠᠯᠲᠠ ᠨᠢ ᠨᠢᠭᠡ ᠲᠠᠯ᠎ᠠ ᠪᠠᠷ ᠨᠠᠮ ᠪᠠ ᠵᠠᠰᠠᠭ ᠤᠨ ᠣᠷᠳᠣᠨ ᠤ ᠰᠠᠨᠠᠭᠠᠰᠢᠷᠠᠯ ᠲᠠᠢ ᠬᠤᠯᠪᠣᠭᠳᠠᠵᠤ᠂ ᠨᠦᠭᠦᠭᠡ ᠲᠠᠯ᠎ᠠ ᠪᠠᠷ ᠬᠦᠴᠢᠷᠳᠡᠯᠲᠡᠢ ᠤᠯᠠᠨ ᠲᠦᠮᠡᠨ ᠤ ᠬᠠᠯᠠᠭᠤᠨ ᠬᠦᠢᠲᠡᠨ ᠢ ᠬᠠᠷᠠᠵᠤ ᠪᠠᠶᠢᠳᠠᠭ᠃ᠡᠨᠡ ᠵᠢᠯ ᠠᠴᠠ ᠨᠠᠰᠢ᠂ ᠳ᠋ᠦᠩ ᠾᠧ ᠲᠣᠭᠤᠷᠢᠭ ᠤᠨ ᠬᠢᠨ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠡᠷᠬᠡ ᠠᠰᠢᠭ ᠢ ᠬᠠᠮᠠᠭᠠᠯᠠᠬᠤ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠲᠦᠷᠦ ᠶᠢᠨ ᠪᠣᠳᠣᠯᠭ᠎ᠠ ᠶᠢᠨ ᠬᠠᠩᠭᠠᠯᠭ᠎ᠠ ᠶᠢ ᠲᠡᠭᠦᠯᠳᠡᠷᠵᠢᠭᠦᠯᠵᠦ᠂ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠬᠦᠴᠢᠷᠳᠡᠯᠲᠡᠢ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠴᠢᠩᠭᠠᠳᠬᠠᠵᠠᠢ᠃      ︽ᠨᠠᠮ ᠪᠣᠯᠣᠨ ᠵᠠᠰᠠᠭ ᠤᠨ ᠣᠷᠳᠣᠨ ᠠᠴᠠ ᠨᠠᠮᠠᠶᠢ ᠬᠠᠶᠢᠷᠠᠯᠠᠨ ᠬᠠᠯᠠᠮᠵᠢᠯᠠᠭᠰᠠᠨ ᠳᠤ ᠲᠠᠯᠠᠷᠬᠠᠵᠤ᠂ ᠨᠠᠳᠠ ᠳᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠶᠢᠨ ᠮᠥᠩᠭᠦ ᠥᠭᠴᠦ᠂ ᠨᠠᠳᠠ ᠰᠢᠭ᠋ ᠡᠶᠢᠮᠦ ᠬᠡᠪ ᠤᠨ ᠶᠣᠰᠣᠭᠠᠷ ᠬᠥᠳᠡᠯᠮᠦᠷᠢᠯᠡᠵᠦ ᠳᠡᠶᠢᠯᠬᠦ ᠦᠭᠡᠢ ᠵᠡᠮᠳᠡᠭᠴᠦᠳ ᠢ ᠬᠦᠴᠢᠷᠳᠡᠯ ᠤᠨ ᠳᠤᠮᠳᠠ ᠠᠪᠤᠷᠠᠨ ᠲᠤᠰᠠᠯᠠᠵᠤ᠂ ᠠᠮᠢᠳᠤᠷᠠᠯ ᠢ ᠨᠢ ᠪᠠᠲᠤᠯᠠᠭ᠎ᠠ ᠲᠠᠢ ᠪᠣᠯᠭᠠᠵᠠᠢ︾᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠤᠬᠠᠢ ᠶᠠᠷᠢᠬᠤ ᠳᠤ᠂ ᠶᠠᠩ ᠭᠧ ᠯᠢᠶᠠᠩ ᠵᠡᠭᠡᠯᠢ ᠶᠢᠨ ᠬᠤᠶᠢᠲᠤ ᠯᠢᠶᠠᠩ ᠪᠧᠢ ᠰᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠠᠩ ᠭᠦᠸᠧ ᠬᠤᠸᠠ ᠲᠠᠯᠠᠷᠬᠠᠨ ᠬᠡᠯᠡᠪᠡ᠃
     ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠳᠣᠬᠠᠨ ᠳᠤ ᠳ᠋ᠦᠩ ᠾᠧ ᠲᠣᠭᠤᠷᠢᠭ ᠤᠨ ᠳᠠᠩᠰᠠᠨ ᠳᠤ ᠪᠠᠶᠢᠭ᠎ᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ 1976 ᠡᠷᠦᠬᠡ 2943 ᠬᠥᠮᠥᠨ ᠪᠠᠶᠢᠵᠤ᠂ ᠬᠤᠲᠠ ᠬᠥᠳᠡᠭᠡ ᠶᠢᠨ ᠣᠨᠴᠠ ᠬᠦᠴᠢᠷᠳᠡᠯ ᠲᠠᠢ ᠬᠥᠮᠥᠰ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ 273 ᠬᠡᠦᠬᠡᠳ᠂ 80 ᠪᠦᠬᠦᠯᠢ ᠨᠠᠰᠤᠨ ᠠᠴᠠ ᠳᠡᠭᠡᠭᠰᠢᠬᠢ ᠨᠠᠰᠤᠲᠠᠨ 14953 ᠬᠥᠮᠥᠨ᠂ ᠠᠵᠤ ᠠᠬᠤᠢ ᠶᠢᠨ ᠲᠠᠯ᠎ᠠ ᠪᠠᠷ ᠬᠦᠴᠢᠷᠳᠡᠯᠲᠡᠢ ᠨᠠᠰᠤᠲᠠᠶᠢᠴᠤᠳ᠂ ᠬᠦᠨᠳᠦ ᠲᠡᠰ ᠤᠨ ᠵᠡᠮᠳᠡᠭᠴᠦᠳ᠂ ᠬᠦᠴᠢᠷᠳᠡᠯᠲᠡᠢ ᠵᠡᠮᠳᠡᠭᠴᠦᠳ 5872 ᠬᠥᠮᠥᠨ ᠪᠠᠶᠢᠵᠤ᠂ ᠬᠦᠴᠢᠷᠳᠡᠯᠲᠡᠢ 2872 ᠡᠷᠦᠭᠡ ᠶᠢ ᠲᠦᠷ ᠴᠠᠭ ᠠᠪᠤᠷᠠᠨ ᠲᠤᠰᠠᠯᠠᠵᠤ᠂ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ ᠬᠡᠮᠵᠢᠬᠦ ᠬᠠᠮᠢᠶᠠᠷᠤᠯᠲᠠ ᠶᠢᠨ ᠲᠠᠪᠴᠠᠩ ᠢᠶᠠᠷ ᠳᠠᠮᠵᠢᠭᠤᠯᠤᠨ᠂ ᠣᠷᠣᠯᠭ᠎ᠠ ᠪᠠᠭᠠᠲᠠᠢ ᠬᠠᠮᠲᠤᠯᠢᠭ ᠪᠠ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠠᠬ᠎ᠠ ᠬᠢᠵᠠᠭᠠᠷ ᠪᠦᠬᠦᠢ ᠡᠷᠦᠭᠡ ᠶᠢᠨ ᠳᠣᠲᠣᠷᠠᠬᠢ ᠲᠦᠷᠦ ᠶᠢᠨ ᠪᠣᠳᠣᠯᠭ᠎ᠠ ᠳᠤ ᠨᠡᠶᠢᠴᠡᠬᠦ ᠶᠢ ᠨᠢ ᠠᠪᠤᠷᠠᠨ ᠲᠤᠰᠠᠯᠠᠬᠤ ᠪᠠᠲᠤᠯᠠᠭ᠎ᠠ ᠶᠢᠨ ᠬᠡᠪᠴᠢᠶᠡᠨ ᠳᠤ ᠴᠠᠭ ᠲᠤᠬᠠᠢ ᠳᠤᠨᠢ ᠣᠷᠣᠭᠤᠯᠵᠤ᠂ ᠳᠡᠭᠡᠷᠡᠬᠢ ᠬᠦᠴᠢᠷᠳᠡᠯᠲᠡᠢ ᠤᠯᠠᠨ ᠲᠦᠮᠡᠨ ᠪᠦᠬᠦ ᠵᠢᠯ ᠳᠤ ᠡᠯ᠎ᠡ ᠲᠦᠷᠦᠯ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠪᠡᠯᠡ ᠮᠥᠩᠭᠦ ᠶᠢ ᠨᠡᠶᠢᠳᠡ 6072.31 ᠲᠦᠮᠡᠨ ᠲᠥᠭᠦᠷᠢᠭ ᠲᠠᠷᠬᠠᠭᠠᠪᠠ᠃      ︽ᠮᠢᠨᠤ ᠪᠡᠶ᠎ᠡ ᠵᠡᠮᠳᠡᠭ᠂ ᠭᠡᠷ ᠲᠤ ᠪᠠᠰᠠ ᠨᠢᠭᠡ ᠨᠠᠰᠤᠲᠠᠨ ᠪᠠ  ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠤᠶᠠᠷ ᠬᠦᠦ ᠪᠠᠶᠢᠨ᠎ᠠ᠂ ᠵᠥᠪᠬᠡᠨ ᠨᠠᠭᠠᠲᠤ ᠵᠠᠬ᠎ᠠ  ᠶᠢᠨ ᠪᠠᠲᠤᠯᠠᠭ᠎ᠠ  ᠶᠢᠨ ᠮᠥᠩᠭᠦ ᠳᠤ ᠲᠦᠰᠢᠭᠯᠡᠭᠡᠳ ᠪᠣᠯᠬᠤ ᠦᠭᠡᠢ᠂ ᠡᠨᠡ ᠵᠢᠯ  ᠢ ᠰᠠᠶᠢᠬᠠᠨ ᠥᠩᠭᠡᠷᠡᠭᠡᠬᠦ  ᠶᠢᠨ ᠠᠷᠭ᠎ᠠ ᠦᠭᠡᠢ ᠪᠣᠯᠤᠭᠰᠠᠨ ᠪᠠᠶᠢᠬ᠎ᠠ︾᠃ ᠮᠠ ᠡᠭᠡᠴᠢ ᠠ᠋᠂ ᠪᠢᠲᠡᠭᠡᠢ ᠵᠣᠪᠠ᠂ ᠪᠢᠳᠡ ᠲᠠᠨ ᠳᠤ ᠠᠷᠭ᠎ᠠ ᠪᠣᠳᠣᠵᠤ ᠥᠭᠭᠦᠶ᠎ᠡ᠃ ᠲᠦᠷᠦᠭᠦᠬᠡᠨ᠂ ᠶᠠᠩ ᠭᠧ ᠯᠢᠶᠠᠩ ᠵᠡᠭᠡᠯᠢ ᠶᠢᠨ ᠰᠦᠯᠵᠢᠶᠡᠨ ᠤ ᠠᠵᠢᠯᠲᠠᠨ ᠰᠤᠷᠪᠤᠯᠵᠢᠯᠠᠬᠤ ᠳᠤᠮᠳᠠ ᠪᠠᠨ ᠰᠠᠭᠤᠭᠠᠯᠢ ᠠᠷᠠᠳ ᠮᠠ ᠡᠭᠡᠴᠢ ᠶᠢᠨ ᠠᠮᠢᠳᠤᠷᠠᠯ ᠬᠦᠴᠢᠷᠳᠡᠯ ᠲᠠᠢ ᠪᠠᠶᠢᠬᠤ ᠶᠢ ᠣᠯᠵᠤ ᠮᠡᠳᠡᠭᠡᠳ ᠨᠡᠶᠢᠭᠡᠮ ᠲᠣᠭᠤᠷᠢᠭ ᠲᠤ ᠮᠡᠳᠡᠭᠦᠯᠬᠦ ᠶᠢᠨ ᠬᠠᠮᠲᠤ ᠠᠪᠤᠷᠠᠨ ᠲᠤᠰᠠᠯᠠᠬᠤ ᠠᠵᠢᠯ ᠲᠣᠬᠢᠷᠠᠭᠤᠯᠵᠤ᠂ ᠲᠡᠭᠦᠨ ᠤ ᠨᠥᠬᠦᠪᠦᠷᠢ ᠶᠢᠨ ᠮᠥᠩᠭᠦ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠵᠢᠯ ᠤᠨ ᠡᠴᠦᠰ ᠤᠨ ᠠᠪᠤᠷᠠᠨ ᠲᠤᠰᠠᠯᠠᠯᠲᠠ ᠶᠢ ᠭᠤᠶᠤᠴᠢᠯᠠᠵᠤ᠂ ᠲᠡᠭᠦᠨ ᠢ ᠬᠠᠪᠰᠤᠷᠤᠨ ᠪᠡᠷᠬᠡ ᠪᠣᠭᠤᠮᠲᠠ ᠶᠢ ᠳᠤᠭᠤᠯᠵᠤ᠂ ᠰᠢᠨ᠎ᠡ ᠵᠢᠯ ᠢ ᠨᠢ ᠪᠠᠶᠠᠷ ᠬᠥᠷ ᠲᠠᠢ ᠥᠩᠭᠡᠷᠡᠭᠦᠯᠵᠡᠢ᠃      ᠮᠠ ᠡᠭᠡᠴᠢ ᠡᠯ᠎ᠡ ᠲᠥᠷᠥᠯ ᠤᠨ ᠠᠪᠤᠷᠠᠨ ᠲᠤᠰᠠᠯᠠᠯᠲᠠ ᠶᠢ ᠭᠥᠷᠳᠡᠭᠰᠡᠨ ᠤ ᠠᠴᠢ ᠲᠤᠰᠠ ᠨᠢ ᠳ᠋ᠦᠩ ᠾᠧ ᠲᠣᠭᠤᠷᠢᠭ ᠤᠨ ᠬᠢᠨ ᠣᠯᠠᠨ ᠲᠦᠮᠡᠨ ᠤ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠵᠤ᠂ ᠠᠪᠤᠷᠠᠨ ᠲᠤᠰᠠᠯᠠᠯᠲᠠ ᠶᠢ ᠰᠠᠨᠠᠭᠠᠴᠢᠯᠠᠭ᠎ᠠ  ᠠᠴᠠ ᠪᠠᠨ ᠢᠯᠡᠷᠡᠭᠦᠯᠬᠦ ᠡᠩᠨᠡᠭᠡ ᠪᠠ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠲᠣᠭᠲᠠᠴᠠ ᠶᠢ ᠪᠦᠷᠢᠨᠰᠢᠭᠦᠯᠵᠦ᠂ ᠣᠯᠠᠨ ᠲᠦᠮᠡᠨ ᠤ ᠥᠪᠡᠷ ᠢᠶᠠᠨ ᠡᠷᠢᠬᠦ ᠶᠢ ᠰᠠᠨᠠᠭᠠᠴᠢᠯᠠᠭ᠎ᠠ  ᠠᠴᠠ ᠪᠠᠨ ᠣᠯᠠᠨ ᠲᠦᠮᠡᠨ ᠢ ᠡᠷᠢᠬᠦ ᠪᠣᠯᠭᠠᠨ ᠬᠤᠪᠢᠷᠠᠭᠤᠯᠵᠤ᠂ ᠬᠦᠴᠢᠷᠳᠡᠯ ᠲᠠᠢ ᠣᠯᠠᠨ ᠲᠦᠮᠡᠨ ᠳᠤ ᠵᠣᠬᠢᠴᠠᠩᠭᠤᠢ ᠲᠥᠷᠥ ᠶᠢᠨ ᠪᠣᠳᠣᠯᠭ᠎ᠠ ᠶᠢ ᠲᠦᠷᠭᠡᠨ ᠡᠳ᠋ᠯᠡᠭᠦᠯᠦᠭᠰᠡᠨ ᠠᠴᠠ ᠪᠣᠯᠤᠭᠰᠠᠨ ᠶᠤᠮ᠃
     ︽ᠪᠢᠳᠡ ᠡᠳᠦᠷ ᠪᠦᠷᠢ ᠲᠤᠰᠬᠠᠢ ᠲᠤᠰᠢᠶᠠᠯᠲᠤ ᠠᠵᠢᠯᠲᠠᠨ ᠲᠣᠬᠢᠷᠠᠭᠤᠯᠤᠨ ᠪᠥᠬᠦ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠢ ᠬᠥᠮᠥᠰ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠪᠠᠶᠢᠴᠠᠭᠠᠨ ᠰᠤᠷᠪᠤᠯᠵᠢᠯᠠᠵᠤ᠂ ᠲᠡᠳᠡᠨ ᠤ ᠡᠷᠡᠭᠦᠯ ᠮᠡᠨᠳᠦ ᠶᠢᠨ ᠪᠠᠶᠢᠳᠠᠯ ᠪᠠ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠨ᠂ ᠬᠡᠷᠡᠭᠴᠡᠭᠡ ᠲᠠᠢ ᠬᠦᠴᠢᠷᠳᠡᠯᠲᠡᠢ ᠣᠯᠠᠨ ᠲᠦᠮᠡᠨ ᠳᠤ ᠬᠠᠨᠳᠤᠯᠭ᠎ᠠ ᠲᠠᠢ ᠪᠠᠷ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠦᠨᠡᠨ ᠬᠦ ᠡᠷᠲᠡ ᠠᠴᠠ ᠣᠯᠵᠤ ᠮᠡᠳᠡᠬᠦ᠂ ᠡᠷᠲᠡ ᠠᠴᠠ ᠣᠷᠤᠯᠴᠠᠬᠤ᠂ ᠡᠷᠲᠡ ᠠᠴᠠ ᠠᠪᠤᠷᠠᠨ ᠲᠤᠰᠠᠯᠠᠬᠤ ᠶᠢ ᠪᠡᠶᠡᠯᠡᠭᠦᠯᠦᠨ᠎ᠡ᠃ ᠡᠨᠡ ᠵᠢᠯ ᠠᠴᠠ ᠨᠠᠰᠢ᠂ ᠨᠡᠶᠢᠲᠡ 2872 ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠵᠤ᠂ ᠲᠦᠷ ᠴᠠᠭ ᠤᠨ ᠠᠪᠤᠷᠠᠨ ᠲᠤᠰᠠᠯᠠᠯᠲᠠ ᠶᠢᠨ ᠮᠥᠩᠭᠦ 216.84 ᠲᠦᠮᠡᠨ ᠲᠥᠭᠦᠷᠢᠭ ᠲᠠᠷᠬᠠᠭᠠᠭᠰᠠᠨ ᠪᠠᠶᠢᠨ᠎ᠠ︾ ᠭᠡᠵᠦ ᠣᠷᠣᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠶᠢᠨ ᠬᠤ ᠢᠯᠡᠷᠬᠡᠶᠢᠯᠡᠪᠡ᠃      ᠡᠭᠦᠨ ᠠᠴᠠ ᠭᠠᠳᠠᠨ᠎ᠠ᠂ ᠳ᠋ᠦᠩ ᠾᠧ ᠲᠣᠭᠤᠷᠢᠭ ᠤᠨ ᠬᠢᠨ ᠪᠠᠰᠠ ᠭᠡᠨᠡᠳᠲᠡ ᠶᠢᠨ ᠬᠡᠷᠡᠭ᠂ ᠪᠠᠶᠢᠭᠠᠯᠢ ᠶᠢᠨ ᠭᠠᠮᠰᠢᠭ᠂ ᠰᠠᠨᠠᠭᠠᠨ ᠳᠤ ᠦᠭᠡᠢ ᠭᠡᠮᠲᠦᠯ᠂ ᠬᠦᠨᠳᠦ ᠡᠪᠡᠳᠴᠢᠨ᠂ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠪᠤᠶᠤ ᠪᠤᠰᠤᠳ ᠣᠨᠴᠠᠭᠠᠶ ᠰᠢᠯᠲᠠᠭᠠᠨ ᠠᠴᠠ ᠪᠣᠯᠵᠤ᠂ ᠦᠨᠳᠦᠰᠦᠨ ᠠᠮᠢᠳᠤᠷᠠᠯ ᠨᠢ ᠲᠦᠷ ᠴᠠᠭ ᠬᠦᠴᠢᠷᠳᠡᠯ ᠳᠤ ᠲᠤᠯᠭᠠᠷᠠᠭᠰᠠᠨ ᠭᠡᠷ ᠪᠦᠯᠢ ᠪᠤᠶᠤ ᠬᠤᠪᠢ ᠬᠥᠮᠥᠨ ᠵᠢᠴᠢ ᠲᠦᠷ ᠴᠠᠭ ᠬᠦᠴᠢᠷᠳᠡᠯ ᠳᠤ ᠤᠴᠠᠷᠠᠭᠰᠠᠨ᠂ ᠠᠮᠢᠳᠤᠷᠠᠯ ᠨᠢ ᠠᠷᠭᠠᠴᠠᠭ᠎ᠠ ᠦᠭᠡᠢ ᠬᠥᠮᠥᠰ ᠲᠤ ᠲᠡᠳᠡᠨ ᠤ ᠶᠠᠳᠠᠭᠤᠷᠠᠵᠤ ᠬᠦᠴᠢᠷᠳᠡᠯ ᠳᠤ ᠤᠴᠠᠷᠠᠭᠰᠠᠨ ᠰᠢᠯᠲᠠᠭᠠᠨ᠂ ᠪᠠᠴᠢᠮ ᠪᠠᠶᠢᠳᠠᠯ ᠢ ᠦᠨᠳᠦᠰᠦᠯᠡᠨ᠂ ᠵᠠᠷᠤᠯᠭ᠎ᠠ ᠶᠢᠨ ᠬᠡᠯᠪᠡᠷᠢ ᠶᠢᠨ ᠪᠤᠶᠤ ᠪᠠᠴᠢᠮ ᠬᠦᠴᠢᠷᠲᠡᠢ ᠬᠡᠯᠪᠡᠷᠢ ᠶᠢᠨ ᠲᠦᠷ ᠴᠠᠭ ᠤᠨ ᠠᠪᠤᠷᠠᠨ ᠲᠤᠰᠠᠯᠠᠯᠲᠠ ᠣᠯᠭᠤᠨ᠎ᠠ᠃︽ᠠᠪᠠᠭ᠎ᠠ ᠠᠨᠢᠶ᠎ᠠ ᠶᠢᠨ ᠪᠢᠳᠡᠨ ᠢ ᠡᠷᠬ᠋ᠢᠵᠦ ᠦᠵᠡᠭᠰᠡᠨ ᠳᠤ ᠪᠠᠶᠠᠷᠯᠠᠯ᠎ᠠ᠃ ︽ᠪᠢᠴᠢᠬᠠᠨ ᠨᠠᠢᠵᠢ ᠮᠢᠨᠢ ᠠ᠋᠂ ᠥᠭᠡᠷ᠎ᠡ ᠶᠠᠮᠠᠷ ᠬᠡᠷᠡᠭᠴᠡᠭᠡ ᠲᠠᠢ ᠪᠣᠯ ᠠᠪᠠᠭ᠎ᠠ ᠳᠠᠭᠠᠨ ᠤᠲᠠᠰᠤᠳᠠᠭᠠᠷᠠᠢ︾ ᠭᠡᠪᠡ᠃ ᠲᠦᠷᠦᠭᠦᠬᠡᠨ᠂ ᠰᠢᠷᠴᠢᠨ ᠪᠠᠯᠭᠠᠰᠤᠨ ᠤ ᠨᠠᠨ ᠬᠠᠢ ᠽᠢ ᠲᠣᠰᠬᠤᠨ ᠤ ᠬᠤᠶᠠᠷ ᠨᠠᠰᠤᠨ ᠳᠤ ᠥᠯᠥ ᠭᠦᠷᠦᠭᠰᠡᠳ ᠤᠨ ᠡᠴᠢᠭᠡ ᠡᠬᠡ ᠨᠢ ᠭᠠᠳᠠᠨ᠎ᠠ ᠣᠷᠣᠨ ᠳᠤ ᠬᠥᠯᠥᠰᠦᠨ ᠠᠵᠢᠯ ᠬᠢᠭᠡᠳ ᠲᠦᠷ ᠴᠠᠭ ᠪᠤᠴᠠᠵᠤ ᠳᠡᠶᠢᠯᠬᠦ ᠦᠭᠡᠢ ᠪᠣᠯᠤᠭᠰᠠᠨ ᠠᠴᠠ ᠬᠤᠶᠠᠷ ᠨᠠᠰᠤᠨ ᠳᠤ ᠥᠯᠥ ᠭᠦᠷᠦᠭᠰᠡᠳ  ᠢ ᠬᠠᠷᠠᠵᠤ ᠬᠠᠮᠢᠶᠠᠷᠬᠤ ᠬᠥᠮᠥᠨ ᠦᠭᠡᠢ ᠪᠣᠯᠵᠠᠢ᠂ ᠪᠠᠶᠢᠳᠠᠯ  ᠢ ᠮᠡᠳᠡᠭᠰᠡᠨ ᠤ ᠳᠠᠷᠠᠭ᠎ᠠ ᠠᠪᠤᠷᠠᠨ ᠲᠤᠰᠠᠯᠠᠭᠴᠢᠳ ᠲᠡᠷᠡ ᠳᠠᠷᠤᠢ  ᠳᠤᠨᠢ ᠲᠡᠳᠡᠨ ᠳᠤ ᠲᠠᠯᠬ᠎ᠠ᠂ ᠪᠢᠩᠭᠠᠨ᠂ ᠲᠥᠬᠦᠮ ᠮᠢᠨᠲᠤᠤᠷ᠂ ᠬᠢᠮ᠎ᠠ᠂ ᠦᠨᠢᠶᠡᠨ ᠰᠦ᠋ ᠵᠡᠷᠭᠡ ᠠᠮᠢᠳᠤᠷᠠᠯ ᠤᠨ ᠡᠳ᠋ ᠪᠣᠳᠠᠰ ᠪᠣᠯᠣᠨ ᠬᠢᠵᠢᠭ  ᠢ ᠰᠡᠷᠭᠡᠶᠢᠯᠡᠬᠦ ᠡᠳ᠋ ᠪᠣᠳᠠᠰ  ᠢ ᠬᠦᠷᠭᠡᠨ ᠥᠭᠴᠦ᠂ ᠨᠠᠰᠤᠨ ᠳᠤ ᠥᠯᠥ ᠭᠦᠷᠦᠭᠰᠡᠳ ᠤᠨ ᠦᠨᠳᠦᠰᠦᠨ ᠠᠮᠢᠳᠤᠷᠠᠯ ᠤᠨ ᠬᠡᠷᠡᠭᠴᠡᠭᠡ  ᠶᠢ ᠪᠠᠲᠤᠯᠠᠭᠰᠠᠨ ᠪᠠᠶᠢᠨ᠎ᠠ᠃
     ᠣᠶᠢᠯᠠᠭᠠᠭᠰᠠᠨ ᠢᠶᠠᠷ᠂ 2022 ᠣᠨ ᠤ 10 ᠰᠠᠷ᠎ᠠ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠡᠯ᠎ᠡ ᠪᠠᠯᠭᠠᠰᠤ᠂ ᠵᠡᠭᠡᠯᠢ ᠭᠤᠳᠤᠮᠵᠢ ᠳᠤ 42 ᠲᠦᠮᠡᠨ ᠲᠥᠭᠦᠷᠢᠭ ᠪᠠᠭᠤᠯᠭᠠᠵᠤ᠂ ᠬᠢᠵᠢᠭ ᠢ ᠰᠡᠷᠭᠡᠶᠢᠯᠡᠬᠦ ᠡᠳ᠋ ᠪᠣᠳᠠᠰ ᠬᠤᠳᠠᠯᠳᠤᠨ ᠠᠪᠬᠤ ᠪᠠ ᠬᠦᠴᠢᠷᠳᠡᠯᠲᠡᠢ ᠣᠯᠠᠨ ᠲᠦᠮᠡᠨ ᠤ ᠪᠠᠲᠤᠯᠠᠭ᠎ᠠ ᠶᠢ ᠪᠠᠲᠤᠯᠠᠬᠤ ᠳᠤ ᠬᠡᠷᠡᠭᠯᠡᠪᠡ︔ᠦᠯᠡᠳᠡᠭᠰᠡᠨ 36 ᠬᠥᠮᠥᠨ ᠢ ᠲᠣᠬᠢᠲᠠᠢ ᠲᠥᠪᠬᠢᠨᠡᠭᠦᠯᠵᠦ᠂ ᠵᠠᠭᠤ ᠭᠠᠷᠤᠢ ᠬᠥᠯᠥᠰᠦᠨ ᠠᠵᠢᠯᠴᠢᠨ ᠢ ᠬᠠᠪᠰᠤᠷᠴᠤ ᠠᠮᠤᠷ ᠲᠦᠪᠰᠢᠨ ᠢᠶᠠᠷ ᠨᠤᠲᠤᠭ ᠲᠤᠨᠢ ᠪᠤᠴᠠᠭᠠᠪᠠ᠃ᠳ᠋ᠦᠩ ᠾᠧ ᠲᠣᠭᠤᠷᠢᠭ ᠤᠨ ᠬᠢᠨ ᠪᠠᠰᠠ ᠴᠠᠭᠠᠨ ᠰᠠᠷ᠎ᠠ ᠶᠢᠨ ᠠᠪᠤᠷᠠᠨ ᠲᠤᠰᠠᠯᠠᠯᠲᠠ ᠵᠢᠴᠢ ᠲᠣᠬᠤᠨᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠤᠳᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠥᠰ᠂ ᠥᠨᠥᠴᠢᠨ ᠬᠡᠦᠬᠡᠳ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠶᠢᠨ ᠭᠡᠷ ᠪᠦᠯᠢ᠂ ᠵᠡᠮᠳᠡᠭ ᠶᠠᠳᠠᠭᠤ ᠬᠦᠴᠢᠷᠳᠡᠯᠲᠡᠢ ᠭᠡᠷ ᠪᠦᠯᠢ ᠳᠤ ᠠᠪᠤᠷᠠᠨ ᠲᠤᠰᠠᠯᠠᠯᠲᠠ ᠥᠷᠨᠢᠭᠦᠯᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠰᠢᠯᠢᠳᠡᠭ ᠠᠰᠠᠷᠠᠭᠴᠢ᠂ ᠨᠡᠶᠢᠭᠡᠮ ᠲᠣᠭᠤᠷᠢᠭ ᠤᠨ ᠰᠢᠯᠢᠳᠡᠭ ᠠᠵᠢᠯᠲᠠᠨ᠂ ᠠᠬᠠᠮᠠᠳ ᠨᠠᠮ ᠤᠨ ᠭᠡᠰᠢᠭᠦᠨ ᠵᠡᠷᠭᠡ ᠶᠢ ᠲᠥᠪᠯᠡᠷᠡᠭᠦᠯᠦᠨ ᠲᠣᠬᠤᠨᠢᠭᠤᠯᠵᠤ᠂ ᠴᠠᠭᠠᠨ ᠰᠠᠷ᠎ᠠ ᠶᠢᠨ ᠬᠠᠯᠠᠮᠵᠢᠯᠠᠯ ᠪᠠ ᠵᠥᠩᠨᠡᠯ ᠳᠡᠪᠰᠢᠭᠦᠯᠦᠨ᠎ᠡ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1