ᠴᠠᠭᠠᠨ ᠰᠠᠷ᠎ᠠ ᠪᠣᠯ ᠰᠢᠨ᠎ᠡ ᠬᠠᠪᠥᠷ ᠢ ᠪᠠᠶᠠᠷᠯᠠᠨ ᠤᠭᠲᠤᠬᠤ ᠡᠳᠦᠷ ᠮᠥᠨ ᠪᠥᠭᠡᠳ ᠪᠠᠰᠠ ᠴᠤ | ᠬᠡᠷᠡᠭᠯᠡᠭᠡ ᠶᠢ ᠲᠥᠪᠯᠡᠷᠡᠭᠦᠯᠦᠨ ᠭᠠᠷᠭᠠᠬᠤ ᠴᠠᠭ ᠮᠥᠨ᠃ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ | ᠳ᠋ᠦᠩ ᠾᠧ ᠲᠣᠭᠤᠷᠢᠭ ᠤᠨ ᠪᠣᠳᠠᠲᠤ ᠴᠣᠭᠴᠠ ᠶᠢᠨ ᠵᠢᠵᠢᠭᠯᠡᠨ ᠬᠤᠳᠠᠯᠳᠤᠬᠤ᠂ ᠢᠳᠡᠭᠡᠨ ᠤᠮᠳᠠᠭᠠᠨ ᠤ | ᠲᠠᠩᠬᠢᠮ ᠤᠨ ᠢᠳᠡᠭᠡᠨ ᠤᠮᠳᠠᠭᠠᠨ᠂ ᠰᠣᠶᠣᠯ ᠵᠤᠭᠠᠴᠠᠯ ᠤᠨ ᠪᠡᠶᠡᠴᠢᠯᠡᠨ ᠣᠶᠢᠯᠠᠭᠠᠬᠤ ᠵᠡᠷᠭᠡ ᠰᠦᠯᠵᠢᠶᠡᠨ ᠭᠠᠳᠠᠨᠠᠬᠢ | ᠬᠡᠷᠡᠭᠯᠡᠭᠡ ᠪᠦᠬᠦ ᠲᠠᠯ᠎ᠠ ᠪᠠᠷ ᠰᠡᠷᠭᠦᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠲᠤ ᠬᠤᠳᠠᠯᠳᠤᠨ ᠠᠪᠬᠤ ᠪᠠ ᠪᠣᠷᠣᠯᠠᠭᠤᠯᠬᠤ | ᠬᠤᠶᠠᠷ ᠲᠠᠯ᠎ᠠ ᠪᠠᠷ ᠬᠥᠭᠵᠢᠶᠡᠨᠲᠡᠢ ᠪᠠᠶᠢᠳᠠᠯ ᠢᠯᠡᠷᠡᠵᠦ᠂ ᠬᠡᠷᠡᠭᠯᠡᠭᠡᠨ ᠤ ︽ᠰᠠᠶᠢᠨ ᠡᠬᠢᠯᠡᠯᠲᠡ︾ ᠶᠢ ᠤᠭᠲᠤᠨ | ᠠᠪᠴᠢᠷᠠᠪᠠ᠃ | | | | | ᠰᠤᠷᠪᠤᠯᠵᠢᠯᠠᠭᠴᠢ ᠬᠤᠲᠠ ᠶᠢᠨ ᠲᠣᠭᠤᠷᠢᠭ ᠤᠨ ᠣᠯᠠᠨ ᠬᠤᠳᠠᠯᠳᠤᠭᠠᠨ ᠤ ᠬᠡᠲᠦ ᠳᠡᠯᠭᠡᠭᠦᠷ ᠲᠤ ᠬᠦᠷᠴᠦ | ᠣᠶᠢᠯᠠᠭᠠᠭᠰᠠᠨ ᠢᠶᠠᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠠᠴᠠ ᠣᠶᠢᠯᠠᠭᠠᠭᠰᠠᠨ ᠨᠢ᠂ ᠠᠷᠠᠳ ᠤᠨ | ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠡᠷᠦᠩᠬᠡᠢ ᠳᠡᠭᠡᠨ ᠭᠦᠢᠴᠡᠳ᠂ ᠦᠨ᠎ᠡ ᠬᠠᠩᠰᠢ ᠲᠣᠭᠲᠠᠭᠤᠨ᠂ | ᠭᠦᠢᠯᠭᠡᠭᠡ ᠤᠷᠤᠭᠰᠢᠲᠠᠢ ᠪᠠᠶᠢᠨ᠎ᠠ᠃ᠴᠠᠭᠠᠨ ᠰᠠᠷ᠎ᠠ ᠶᠢᠨ ᠬᠤᠭᠤᠴᠠᠭᠠᠨ ᠳᠤ ᠪᠡᠭᠡᠵᠢᠩ ᠤᠨ ᠬᠤᠸᠠ ᠯᠢᠶᠠᠨ᠂ ᠵᠢᠶᠠ | ᠵᠢᠶᠠ ᠶᠤᠸᠠᠢ᠂ ᠶᠦᠩ ᠱᠧᠩ ᠴᠧᠩ ᠵᠡᠷᠭᠡ 17 ᠬᠡᠲᠦ ᠳᠡᠯᠭᠡᠭᠦᠷ ᠤᠨ ᠴᠠᠭᠠᠨ ᠰᠠᠷ᠎ᠠ ᠶᠢᠨ ᠡᠵᠡᠩᠨᠡᠯᠲᠡ ᠶᠢᠨ | ᠨᠣᠷᠮ᠎ᠠ 5000 ᠭᠠᠷᠤᠢ ᠲᠦᠮᠡᠨ ᠲᠥᠭᠦᠷᠢᠭ ᠲᠤ ᠬᠦᠷᠴᠡᠢ᠃ | ᠪᠡᠭᠡᠵᠢᠩ ᠤᠨ ᠬᠤᠸᠠ ᠯᠢᠶᠠᠨ ᠬᠡᠲᠦ ᠳᠡᠯᠭᠡᠭᠦᠷ ᠤᠨ ᠳ᠋ᠦᠩ ᠾᠧ ᠶᠢᠨ ᠦ᠋ ᠶᠤᠸᠠᠢ ᠲᠠᠯᠠᠪᠠᠶ ᠶᠢᠨ | ᠳᠡᠯᠭᠡᠭᠦᠷ ᠲᠤ ᠲᠠᠸᠠᠷ ᠰᠣᠩᠭᠤᠬᠤ ᠵᠣᠴᠢᠳ ᠢᠶᠠᠷ ᠳᠦᠭᠦᠷᠴᠦ᠂ ᠠᠵᠢᠯᠲᠠᠨ ᠰᠤᠷᠪᠤᠯᠵᠢᠯᠠᠭᠴᠢ ᠳᠤ᠄ ︽ᠡᠨᠡ ᠬᠡᠳᠦᠨ | ᠡᠳᠦᠷ ᠤᠨ ᠠᠶᠠᠨᠴᠢᠳ ᠤᠨ ᠲᠤᠭ᠎ᠠ ᠬᠡᠮᠵᠢᠶ᠎ᠡ ᠪᠠ ᠪᠣᠷᠤᠯᠠᠭᠤᠯᠭ᠎ᠠ ᠶᠢᠨ ᠬᠡᠮᠵᠢᠶ᠎ᠡ ᠨᠢ ᠪᠠᠶᠠᠷ ᠤᠨ ᠡᠳᠦᠷ ᠤᠨ | ᠡᠮᠦᠨᠡᠬᠢ ᠠᠴᠠ ᠴᠥᠮ ᠢᠯᠡᠳᠲᠡ ᠳᠡᠭᠡᠭᠰᠢᠯᠡᠵᠡᠢ᠂ ᠢᠯᠠᠩᠭᠤᠶ᠎ᠠ ᠦᠬᠡᠷ ᠬᠤᠨᠢᠨ ᠮᠢᠬ᠎ᠠ᠂ ᠰᠢᠬᠢᠷ ᠵᠢᠮᠢᠰ᠂ ᠦᠨᠢᠶᠡᠨ | ᠰᠦ᠋ ᠪᠡᠯᠡᠭ ᠤᠨ ᠬᠠᠶᠢᠷᠴᠠᠭ ᠵᠡᠷᠭᠡ ᠲᠠᠸᠠᠷ ᠨᠢ ᠬᠥᠮᠥᠰ ᠤᠨ ᠠᠩᠬᠠᠷᠤᠯ ᠢ ᠶᠡᠬᠡᠳᠡ ᠲᠠᠲᠠᠵᠤ᠂ ᠬᠡᠷᠡᠭᠯᠡᠭᠡᠨ ᠤ | ᠬᠠᠨᠳᠤᠰᠢ ᠨᠢ ᠮᠠᠰᠢ ᠬᠥᠭᠵᠢᠶᠡᠨᠲᠡᠢ ᠪᠠᠶᠢᠨ᠎ᠠ︾ ᠭᠡᠵᠦ ᠲᠠᠨᠢᠯᠴᠠᠭᠤᠯᠪᠠ᠃ | | | ᠴᠠᠭᠠᠨ ᠰᠠᠷ᠎ᠠ ᠳᠤ᠂ ᠠᠮᠲᠠᠲᠤ ᠢᠳᠡᠭᠡᠨ ᠤ ᠨᠠᠶᠢᠷ ᠲᠠᠯᠪᠢᠬᠤ ᠨᠢ ᠭᠤᠣᠯ ᠳᠦᠷᠢ ᠪᠣᠯᠵᠤ᠂ ᠭᠡᠷ ᠪᠦᠯᠢ ᠶᠢᠨ | ᠬᠠᠮᠲᠤ ᠶᠢᠨ ᠬᠤᠭᠤᠯᠠ᠂ ᠲᠥᠷᠥᠯ ᠰᠠᠳᠤᠨ ᠨᠠᠶᠢᠵᠠ ᠨᠥᠬᠦᠳ ᠤᠨ ᠴᠤᠭᠯᠠᠭᠠᠨ ᠵᠡᠷᠭᠡ ᠨᠢ ᠢᠳᠡᠭᠡᠨ ᠤᠮᠳᠠᠭᠠᠨ ᠤ | ᠬᠡᠷᠡᠭᠯᠡᠭᠡᠨ ᠤ ᠭᠤᠣᠯ ᠬᠦᠴᠦᠨ ᠪᠣᠯᠤᠭᠰᠠᠨ ᠪᠠᠶᠢᠨ᠎ᠠ᠃ᠰᠤᠷᠪᠤᠯᠵᠢᠯᠠᠭᠴᠢ ᠡᠯ᠎ᠡ ᠬᠤᠭᠤᠯᠠᠨ ᠭᠡᠷ ᠲᠤ ᠣᠯᠵᠤ | ᠦᠵᠡᠭᠰᠡᠨ ᠨᠢ᠂ ᠬᠤᠭᠤᠯᠠ ᠢᠳᠡᠬᠦ ᠣᠷᠭᠢᠯ ᠦᠶ᠎ᠡ ᠳᠤ᠂ ᠡᠭᠦᠳᠡᠨ ᠳᠡᠯᠭᠡᠭᠦᠷ ᠤᠨ ᠠᠶᠠᠨᠴᠢᠳ ᠤᠨ ᠲᠤᠭ᠎ᠠ | ᠦᠷᠭᠦᠯᠵᠢᠯᠡᠨ ᠨᠡᠮᠡᠭᠳᠡᠵᠦ᠂ ᠦᠢᠯᠡᠴᠢᠯᠡᠭᠴᠢ ᠶᠠᠭᠠᠷᠠᠤ ᠮᠥᠷᠲᠡᠭᠡᠨ ᠡᠮᠬᠢ ᠳᠢᠭᠯᠢᠮ ᠲᠠᠢ ᠪᠠᠶᠢᠵᠤ᠂ ᠵᠣᠴᠢᠳ ᠤᠨ | ᠬᠦᠯᠢᠶᠡᠬᠦ ᠴᠠᠭ ᠢ ᠠᠯᠢ ᠴᠢᠳᠠᠬᠤ ᠪᠠᠷ ᠪᠣᠭᠤᠨᠢᠰᠬᠠᠵᠤ᠂ ᠲᠡᠳᠡᠨ ᠳᠤ ᠰᠠᠶᠢᠨ ᠰᠠᠶᠢᠬᠠᠨ ᠴᠠᠭ ᠮᠥᠴᠡ ᠶᠢ | ᠡᠳ᠋ᠯᠡᠭᠦᠯᠵᠦ᠂ ᠲᠤᠬᠠᠢ ᠶᠢᠨ ᠭᠠᠵᠠᠷ ᠤᠨ ᠣᠨᠴᠠᠯᠢᠭ ᠲᠠᠢ ᠠᠮᠲᠠᠲᠤ ᠢᠳᠡᠭᠡᠨ ᠢ ᠠᠮᠲᠠᠯᠠᠭᠤᠯᠵᠤ ᠪᠠᠶᠢᠨ᠎ᠠ᠃ | ᠣᠶᠢᠯᠠᠭᠠᠭᠰᠠᠨ ᠢᠶᠠᠷ᠂ ᠮᠠᠨ ᠤ ᠣᠷᠣᠨ ᠤ ᠲᠢᠶᠠᠨ ᠴᠧᠩ ᠤᠨ ᠬᠠᠭᠠᠨ ᠤ ᠳᠠᠶᠢᠯᠠᠯᠭ᠎ᠠ᠂ ᠱᠧᠩ ᠱᠢ ᠭᠡᠷ ᠤᠨ | ᠳᠠᠶᠢᠯᠠᠯᠭ᠎ᠠ᠂ ᠯᠦ ᠴᠧᠩ ᠬᠤᠭᠤᠯᠠᠨ ᠭᠡᠷ ᠵᠡᠷᠭᠡ 30 ᠢᠳᠡᠭᠡᠨ ᠤᠮᠳᠠᠭᠠᠨ ᠤ ᠨᠢᠭᠡᠴᠡ ᠪᠢᠲᠡᠭᠦᠨ ᠤ ᠰᠥᠨᠢ ᠶᠢᠨ | ᠬᠤᠭᠤᠯᠠᠨ ᠤ ᠦᠢᠯᠡᠴᠢᠯᠡᠭᠡ ᠬᠠᠩᠭᠠᠵᠤ᠂ ᠨᠡᠶᠢᠲᠡ 1685 ᠰᠢᠷᠡᠭᠡ ᠵᠠᠬᠢᠶᠠᠯᠠᠪᠠ᠃ ︽ᠡᠨᠡ ᠵᠢᠯ ᠪᠢᠳᠡ ᠬᠤᠭᠤᠯᠠᠨ | ᠭᠡᠷ ᠲᠤ ᠪᠢᠲᠡᠭᠦᠨ ᠤ ᠬᠤᠭᠤᠯᠠ ᠢᠳᠡᠬᠦ ᠪᠠᠷ ᠪᠣᠯᠵᠠᠢ᠂ ᠠᠷᠪᠠᠨ ᠬᠡᠳᠦᠨ ᠬᠥᠮᠥᠨ ᠨᠢᠭᠡ ᠰᠢᠷᠡᠭᠡᠨ ᠳᠤ ᠰᠠᠭᠤᠬᠤ ᠳᠤ | ᠰᠡᠳᠬᠢᠯ ᠬᠠᠨᠵᠤ ᠪᠠᠶᠢᠨ᠎ᠠ᠂ ᠲᠡᠷᠡ ᠮᠥᠷᠲᠡᠭᠡᠨ ᠬᠤᠭᠤᠯᠠᠨ ᠭᠡᠷ ᠤᠨ ᠨᠣᠭᠤᠭ᠎ᠠ ᠭᠠᠷᠭᠠᠬᠤ ᠬᠤᠷᠳᠤᠴᠠ ᠨᠢ ᠲᠦᠷᠭᠡᠨ | ᠂ ᠠᠮᠲᠠ ᠨᠢ ᠴᠦ ᠵᠦᠭᠡᠷ ᠪᠠᠶᠢᠨ᠎ᠠ᠂ ᠪᠢ ᠮᠠᠰᠢ ᠬᠠᠨᠤᠮᠵᠢᠲᠠᠶ ᠪᠠᠶᠢᠨ᠎ᠠ︾᠃ ᠨᠠᠨ ᠭᠧ ᠳ᠋ᠦᠩ ᠵᠡᠭᠡᠯᠢ ᠳᠤ ᠰᠠᠭᠤᠵᠤ | ᠪᠠᠶᠢᠭ᠎ᠠ ᠵᠢᠶᠠᠩ ᠰᠢᠶᠠᠨᠱᠧᠩ ᠪᠠᠶᠠᠷᠲᠠᠢ ᠪᠠᠷ ᠬᠡᠯᠡᠪᠡ᠃ | | | | | ᠺᠢᠨᠣ᠋ ᠦᠵᠡᠬᠦ ᠨᠢ ᠴᠦ ᠣᠳᠣᠬᠠᠨ ᠤ ᠬᠥᠮᠥᠰ ᠤᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠡᠷᠬᠡᠪᠰᠢ | ᠪᠦᠷᠢᠯᠳᠦᠭᠦᠯᠬᠦ ᠴᠢᠬᠤᠯᠠᠲᠠᠢ ︽ᠫᠷᠣᠭ᠍ᠷᠠᠮ︾ ᠪᠣᠯᠤᠭᠰᠠᠨ ᠪᠠᠶᠢᠨ᠎ᠠ᠃ᠮᠠᠨ ᠤ ᠣᠷᠣᠨ ᠤ ᠲᠤᠭ᠎ᠠ᠂ ᠸᠠᠨ ᠳ᠋ᠠ᠂ ᠰᠢᠩ | ᠢ ᠵᠡᠷᠭᠡ ᠺᠢᠨᠣ᠋ ᠶᠢᠨ ᠣᠷᠳᠣᠨ ᠳᠤ᠂ ᠡᠯ᠎ᠡ ᠲᠥᠷᠥᠯ ᠤᠨ ᠰᠡᠳᠦᠪᠲᠦ ᠴᠠᠭᠠᠨ ᠰᠠᠷ᠎ᠠ ᠶᠢᠨ ᠲᠠᠩᠰᠠ ᠡᠪᠬᠡᠮᠡᠯ ᠤᠨ | ᠺᠢᠨᠣ᠋ ᠶᠢ ᠬᠤᠶᠢᠨ᠎ᠠ ᠬᠤᠶᠢᠨ᠎ᠠ ᠠᠴᠠ ᠪᠠᠨ ᠭᠠᠷᠭᠠᠵᠤ᠂ ᠦᠵᠡᠭᠴᠢᠳ ᠤᠨ ᠲᠤᠭ᠎ᠠ ᠳᠠᠬᠢᠨᠲᠠ ᠣᠷᠭᠢᠯ ᠳᠠᠭᠠᠨ ᠲᠤᠯᠪᠠ | ᠃ᠣᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠬᠤᠭᠤᠴᠠᠭᠠᠨ ᠳᠤ ︽ᠮᠠᠨ ᠵᠢᠶᠠᠩ ᠬᠤᠩ︾ ︽ᠲᠡᠨᠦᠭᠦᠯ | ᠳᠡᠯᠡᠬᠡᠢ ᠶᠢᠨ ᠪᠥᠮᠪᠥᠷᠴᠡᠭ 2︾ ︽ᠰᠢᠶᠦ᠋ᠩ ᠴᠢᠶᠠᠨ ᠦ᠋ · ·ᠨᠠᠳᠠ ᠲᠠᠢ ᠬᠠᠨᠢᠯᠠᠭᠰᠠᠨ ︽ᠰᠢᠶᠦ᠋ᠩ ᠰᠢᠨ︾ ︽ | ᠨᠡᠷ᠎ᠡ ᠦᠭᠡᠢ︾ ᠵᠡᠷᠭᠡ ᠣᠯᠠᠨ ᠺᠢᠨᠣ᠋ ᠬᠥᠭᠵᠢᠶᠡᠨᠲᠡᠢ ᠶᠠᠪᠤᠭᠳᠠᠵᠤ᠂ ᠺᠠᠷᠲ᠋ᠣᠨ᠂ ᠬᠤᠱᠣᠩ ᠵᠦᠴᠦᠭᠡ᠂ ᠰᠡᠵᠢᠭᠯᠡᠯ᠂ | ᠰᠢᠨᠵᠢᠯᠡᠬᠦ ᠤᠬᠠᠭᠠᠨ ᠤ ᠬᠡᠢ ᠪᠣᠳᠣᠯ ᠵᠡᠷᠭᠡ ᠣᠯᠠᠨ ᠵᠦᠢᠯ ᠤᠨ ᠰᠡᠳᠦᠪ ᠪᠠ ᠵᠣᠬᠢᠶᠠᠨ ᠪᠦᠲᠦᠭᠡᠯᠭᠡ ᠶᠢᠨ ᠲᠥᠷᠥᠯ | ᠵᠦᠢᠯ ᠢ ᠬᠠᠮᠤᠷᠴᠤ᠂ ᠠᠳᠠᠯᠢ ᠪᠤᠰᠤ ᠦᠵᠡᠭᠴᠢᠳ ᠤᠨ ᠲᠣᠭᠤᠷᠢᠨ ᠦᠵᠡᠬᠦ ᠬᠡᠷᠡᠭᠴᠡᠭᠡ ᠶᠢ ᠬᠠᠩᠭᠠᠭᠰᠠᠨ ᠪᠠᠶᠢᠨ᠎ᠠ᠃ | ᠬᠤᠲᠠ ᠶᠢᠨ ᠠᠷᠠᠳ ᠹᠧᠩ ᠠᠪᠤᠭᠠᠢ ᠨᠣᠶᠠᠨ ᠰᠢᠰᠢ ᠶᠢᠨ ᠬᠤᠸᠠᠷ ᠲᠡᠪᠡᠷᠢᠵᠦ᠂ ᠺᠢᠨᠣ᠋ ᠶᠢᠨ ᠪᠢᠯᠧᠲ | ᠢᠶᠠᠨ ᠠᠪᠴᠤ ᠰᠤᠷᠪᠤᠯᠵᠢᠯᠠᠭᠴᠢ ᠳᠤ᠄ ︽ᠣᠳᠣ ᠲᠣᠬᠢᠷᠠᠮᠵᠢᠲᠠᠢ ᠰᠠᠭᠤᠳᠠᠯ ᠪᠠ ᠳᠤᠷᠠᠲᠠᠢ ᠲᠠᠯᠠᠪᠤᠷ ᠬᠤᠳᠠᠯᠳᠤᠨ | ᠠᠪᠬᠤ ᠳᠤ ᠡᠷᠬᠡᠪᠰᠢ ᠬᠡᠳᠦᠨ ᠴᠠᠭ ᠤᠷᠢᠳᠴᠢᠯᠠᠭᠤᠯᠬᠤ ᠬᠡᠷᠡᠭᠲᠡᠢ᠂ ᠡᠨᠡ ᠵᠢᠯ ᠤᠨ ᠺᠢᠨᠣ᠋ ᠶᠢᠨ ᠣᠷᠳᠣᠨ ᠡᠶᠢᠮᠦ | ᠬᠥᠭᠵᠢᠶᠡᠨ ᠲᠠᠢ ᠭᠡᠵᠦ ᠰᠠᠨᠠᠭᠠᠨ ᠳᠤ ᠣᠷᠣᠭᠰᠠᠨ ᠦᠭᠡᠢ᠂ ᠮᠠᠰᠢ ᠣᠯᠠᠨ ᠬᠥᠮᠥᠨ ᠭᠠᠷᠴᠤ ᠢᠷᠡᠨ ᠲᠣᠭᠤᠷᠢᠨ | ᠦᠵᠡᠵᠦ ᠪᠡᠶ᠎ᠡ ᠪᠠᠨ ᠰᠤᠯᠠ ᠲᠠᠯᠪᠢᠵᠤ᠂ ᠨᠡᠩ ᠰᠠᠶᠢᠨ ᠪᠠᠶᠢᠳᠠᠯ ᠢᠶᠠᠷ ᠰᠢᠨ᠎ᠡ ᠨᠢᠭᠡ ᠵᠢᠯ ᠢᠶᠠᠨ ᠤᠭᠲᠤᠨ᠎ᠠ︾ ᠭᠡᠵᠡᠢ | ᠃ | | | | ᠬᠡᠷᠡᠭᠴᠡᠭᠡ ᠨᠡᠮᠡᠭᠳᠡᠵᠦ᠂ ᠬᠡᠷᠡᠭᠯᠡᠭᠡ ᠨᠡᠮᠡᠭᠳᠡᠪᠡ᠃ᠳᠠᠷᠠᠭᠠᠴᠢ ᠶᠢᠨ ᠠᠯᠬᠤᠮ ᠳᠤ᠂ ᠳ᠋ᠦᠩ ᠡᡁᠸ ᠲᠣᠭᠤᠷᠢᠭ ᠤᠨ | ᠬᠢᠨ ᠪᠠᠶᠠᠷ ᠤᠨ ᠡᠳᠦᠷ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ ᠦᠷᠭᠦᠯᠵᠢᠯᠡᠨ ᠬᠥᠭᠵᠢᠭᠡᠵᠦ᠂ ᠨᠢᠭᠡ ᠰᠡᠳᠬᠢᠯ ᠨᠢᠭᠡ | ᠵᠣᠷᠢᠭ ᠢᠶᠠᠷ ᠡᠨᠡ ᠵᠢᠯ ᠤᠨ ᠠᠵᠤ ᠠᠬᠤᠢ ᠶᠢᠨ ᠰᠠᠶᠢᠨ ᠡᠬᠢᠯᠡᠯᠲᠡ ᠶᠢ ᠠᠬᠢᠭᠤᠯᠵᠤ᠂ ᠰᠠᠶᠢᠨ ᠡᠬᠢᠯᠡᠯᠲᠡ ᠲᠠᠢ | ᠪᠣᠯᠭᠠᠨ᠎ᠠ᠃ | | | |