ᠳ᠋ᠦᠩ ᠾᠧ ᠲᠣᠭᠤᠷᠢᠭ᠄ ᠳᠠᠷᠤᠢ ᠲᠦᠷᠭᠡᠨ ᠰᠢᠪᠲᠤᠯᠤᠯᠲᠠ ᠬᠢᠵᠦ ᠡᠯ᠎ᠡ ᠲᠦᠷᠦᠯ ᠤᠨ ᠠᠵᠢᠯ ᠤᠨ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/2/10
     1 ᠰᠠᠷ᠎ᠠ ᠶᠢᠨ 29 ᠤ ᠡᠳᠦᠷ᠂ ᠳ᠋ᠦᠩ ᠾᠧ ᠲᠣᠭᠤᠷᠢᠭ ᠤᠨ ᠬᠢᠨ ᠪᠦᠬᠦ ᠣᠷᠣᠨ ᠤ ᠺᠠᠳ᠋ᠷᠴᠤᠳ ᠤᠨ ᠶᠡᠭᠡ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠪᠠ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠵᠤ ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ ᠵᠢᠴᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠣᠷᠣᠨ ᠤ ᠡᠯ᠎ᠡ ᠱᠠᠲᠤᠨ ᠤ ᠺᠠᠳ᠋ᠷᠴᠤᠳ ᠢ ᠳᠠᠶᠢᠴᠢᠯᠠᠨ ᠴᠤᠭ ᠰᠦᠯᠳᠡ ᠶᠢ ᠨᠢ ᠪᠠᠳᠠᠷᠠᠭᠤᠯᠵᠤ᠂ ᠪᠠᠶᠢᠳᠠᠯ ᠢ ᠨᠢ ᠰᠢᠯᠢᠳᠡᠭᠵᠢᠭᠦᠯᠦᠨ᠂ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠪᠤᠴᠠᠬᠤ ᠡᠷᠡᠰ ᠵᠣᠷᠢᠭ ᠪᠠ ᠡᠷᠴᠢ ᠵᠣᠷᠢᠭ ᠢ ᠨᠢ ᠬᠥᠪᠴᠢᠯᠡᠵᠦ᠂ ᠡᠬᠢᠯᠡᠨ ᠭᠦᠶᠦᠬᠦ ᠲᠠᠢ ᠵᠡᠷᠭᠡ ᠰᠢᠪᠲᠤᠯᠤᠯᠲᠠ ᠬᠢᠬᠦ ᠡᠷᠴᠢ ᠵᠣᠷᠢᠭ ᠢᠶᠠᠷ ᠡᠯ᠎ᠡ ᠵᠦᠢᠯ ᠤᠨ ᠠᠵᠢᠯ ᠤᠨ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃
     ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠶᠠᠩ ᠡᠯ ᠰᠢ ᠪᠦᠬᠦ ᠣᠷᠣᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ︽ᠬᠤᠶᠠᠷ ᠢ ᠡᠯᠰᠡᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ ᠪᠠᠷ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠪᠠ ᠣᠷᠣᠨ ᠤ ᠨᠠᠮ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ ᠤ ᠣᠨ ᠤ ᠬᠠᠷᠠᠯᠲᠠ ᠳᠤ ᠴᠢᠭᠯᠡᠭᠦᠯᠦᠨ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠵᠤ᠂ ᠨᠡᠮᠡᠭᠳᠡᠯ ᠤᠨ ᠤᠬᠠᠮᠰᠠᠷ ᠢᠶᠠᠨ ᠴᠢᠩᠭᠠᠷᠠᠭᠤᠯᠤᠨ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠬᠦᠴᠦ ᠭᠠᠷᠭᠠᠨ᠂ ᠬᠠᠷᠰᠢ ᠰᠠᠭᠠᠳ ᠢ ᠠᠷᠢᠯᠭᠠᠵᠤ᠂ ᠬᠢᠯᠠᠰ ᠴᠡᠭ ᠢ ᠪᠣᠶ ᠪᠣᠯᠭᠠᠨ᠎ᠠ᠃      ᠰᠢᠨ᠎ᠡ ᠵᠢᠯ ᠤᠨ ᠡᠬᠢᠨ ᠳᠤ᠂ ᠳ᠋ᠦᠩ ᠾᠧ ᠲᠣᠭᠤᠷᠢᠭ ᠲᠤ ᠡᠷᠴᠢ ᠵᠣᠷᠢᠭ ᠢᠶᠠᠨ ᠬᠥᠪᠴᠢᠯᠡᠨ ᠴᠢᠷᠮᠠᠶᠢᠨ ᠭᠦᠢᠴᠡᠵᠦ ᠳᠠᠪᠠᠵᠤ ᠭᠠᠷᠬᠤ ᠢᠳᠡ ᠬᠦᠴᠦᠲᠡᠢ ᠪᠠᠶᠢᠳᠠᠯ ᠢᠯᠡᠷᠡᠵᠡᠢ᠃1 ᠰᠠᠷ᠎ᠠ ᠶᠢᠨ 26 ᠤ ᠡᠳᠦᠷ ᠤᠨ ᠵᠢᠯ ᠤᠨ ᠰᠢᠨ᠎ᠡ ᠶᠢᠨ ᠲᠠᠪᠤᠨ ᠤ ᠡᠳᠦᠷ᠂ ᠳ᠋ᠦᠩ ᠾᠧ ᠲᠣᠭᠤᠷᠢᠭ ᠤᠨ ᠬᠢᠨ ︽ᠨᠤᠲᠤᠭ ᠤᠨ ᠢᠶᠠᠨ ᠰᠡᠳᠬᠢᠯᠭᠡ ᠶᠢ ᠨᠢᠭᠲᠠᠷᠠᠭᠤᠯᠵᠤ ᠭᠠᠷ ᠬᠤᠯᠪᠣᠨ ᠬᠠᠮᠲᠤ ᠪᠠᠷ ᠤᠷᠤᠭᠰᠢᠯᠠᠶ᠎ᠠ︾ ᠭᠡᠬᠦ 2023 ᠣᠨ ᠤ ᠭᠠᠳᠠᠨ᠎ᠠ ᠬᠤᠲᠠ ᠶᠢᠨ ᠬᠤᠳᠠᠯᠳᠤᠭᠠᠴᠢᠳ ᠤᠨ ᠡᠪᠯᠡᠯ ᠤᠨ ᠨᠤᠲᠤᠭ ᠲᠠᠭᠠᠨ ᠪᠤᠴᠠᠵᠤ ᠨᠤᠲᠤᠭ ᠤᠨ ᠢᠶᠠᠨ ᠠᠬ᠎ᠠ ᠳᠡᠭᠦᠦ ᠨᠠᠷ ᠤᠨ ᠶᠠᠷᠢᠯᠴᠠᠬᠤ ᠬᠤᠷᠠᠯ ᠬᠢᠵᠦ᠂ ᠨᠤᠲᠤᠭ ᠠᠴᠠ ᠪᠠᠨ ᠭᠠᠷᠴᠤ ᠶᠠᠪᠤᠭᠰᠠᠨ ᠠᠵᠤ ᠠᠬᠤᠶᠢᠯᠠᠯᠲᠠᠨ ᠢ ᠨᠤᠲᠤᠭ ᠲᠠᠭᠠᠨ ᠬᠠᠷᠢᠵᠤ ᠪᠡᠯᠡ ᠣᠷᠣᠭᠤᠯᠤᠨ ᠦᠢᠯᠡᠰ ᠬᠥᠭᠵᠢᠭᠦᠯᠬᠦ ᠶᠢ ᠬᠠᠯᠠᠭᠤᠨ ᠢᠶᠠᠷ ᠤᠷᠢᠶᠠᠯᠠᠪᠠ᠃ᠴᠦᠩᠴᠢᠩ ᠬᠤᠲᠠ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ᠂ ᠲᠢᠶᠠᠨᠵᠢᠨ ᠬᠤᠲᠠ ᠶᠢᠨ ᠥᠪᠥᠷ ᠮᠣᠩᠭᠤᠯ ᠤᠨ ᠪᠤᠭᠤᠲᠤ ᠶᠢᠨ ᠬᠤᠳᠠᠯᠳᠤᠭᠠᠴᠢᠳ ᠤᠨ ᠡᠪᠯᠡᠯ᠂ ᠱᠠᠩᠬᠠᠢ ᠬᠤᠲᠠ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠵᠡᠷᠭᠡ ᠪᠥᠬᠦ ᠤᠯᠤᠰ ᠤᠨ ᠡᠯ᠎ᠡ ᠭᠠᠵᠠᠷ ᠤᠨ 16 ᠭᠠᠳᠠᠨ᠎ᠠ ᠬᠤᠲᠠ ᠶᠢᠨ ᠬᠤᠳᠠᠯᠳᠤᠭᠠᠴᠢᠳ ᠤᠨ ᠡᠪᠯᠡᠯ ᠤᠨ ᠲᠥᠯᠥᠭᠡᠯᠡᠭᠴᠢ ᠳ᠋ᠦᠩ ᠾᠧ ᠲᠣᠭᠤᠷᠢᠭ ᠲᠤ ᠴᠤᠭᠯᠠᠷᠠᠵᠤ᠂ ᠬᠤᠳᠠᠯᠳᠤᠭᠠᠴᠢᠨ ᠤᠷᠢᠬᠤ 14 ᠡᠯᠴᠢᠨ ᠰᠠᠶᠢᠳ ᠲᠤᠰᠢᠶᠠᠯ ᠳᠤ ᠭᠠᠷᠴᠤ᠂ ᠳ᠋ᠦᠩ ᠾᠧ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃
     ᠰᠢᠨ᠎ᠡ ᠭᠠᠷᠤᠭ᠎ᠠ ᠳᠤ ᠰᠠᠭᠤᠷᠢᠯᠠᠵᠤ᠂ ᠰᠢᠨ᠎ᠡ ᠠᠶᠠᠨ ᠢᠶᠠᠨ ᠡᠷᠡᠮᠡᠬᠡᠶᠢᠯᠡᠨ ᠤᠷᠤᠭᠰᠢᠯᠠᠨ᠎ᠠ᠃ᠳ᠋ᠦᠩ ᠾᠧ ᠲᠣᠭᠤᠷᠢᠭ ᠤᠨ ᠬᠢᠨ ᠠᠷᠭ᠎ᠠ ᠪᠦᠬᠦᠨ ᠢ ᠰᠦᠪᠡᠭᠴᠢᠯᠡᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠠᠳᠬᠤᠵᠤ᠂ ︽ᠳᠤᠮᠳᠠ ᠵᠡᠷᠭᠡ ᠠᠴᠠ ᠰᠢᠨ᠎ᠡ ᠶᠢ ᠪᠤᠢ ᠪᠣᠯᠭᠠᠬᠤ︾ᠪᠠ︽ᠳᠤᠮᠳᠠ ᠵᠡᠷᠭᠡ ᠠᠴᠠ ᠰᠢᠨ᠎ᠡ ᠶᠢ ᠪᠤᠢ ᠪᠣᠯᠭᠠᠬᠤ︾ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠨᠠᠷᠢᠨ ᠰᠣᠩᠭᠤᠬᠤ ᠠᠵᠢᠯᠯᠠᠭ᠎ᠠ ᠶᠢ ᠬᠡᠷᠡᠭᠵᠢᠭᠦᠯᠵᠦ᠂ ᠲᠤᠰ ᠭᠠᠵᠠᠷ ᠣᠷᠣᠨ ᠤ ᠠᠵᠤ ᠠᠬᠤᠶᠢᠯᠠᠯ ᠪᠣᠯᠣᠨ ᠭᠠᠳᠠᠨ᠎ᠠ ᠣᠷᠣᠨ ᠤ ᠬᠤᠳᠠᠯᠳᠤᠭᠠᠴᠢᠳ ᠤᠨ ᠡᠪᠯᠡᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠡᠭᠡᠳᠦ ᠲᠡᠰ ᠤᠨ ᠰᠢᠨ᠎ᠡ ᠮᠡᠷᠭᠡᠵᠢᠯ ᠪᠣᠯᠣᠨ ᠲᠣᠭᠤᠷᠢᠭ ᠪᠠᠶᠢᠭᠤᠯᠬᠤ ᠲᠣᠮᠣ ᠲᠦᠷᠦᠯ ᠵᠦᠢᠯ ᠢᠶᠠᠷ ᠭᠤᠣᠯᠳᠠᠯᠭ᠎ᠠ ᠪᠣᠯᠭᠠᠵᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠲᠤᠰᠬᠠᠢ ᠮᠡᠷᠭᠡᠵᠢᠯ ᠢᠶᠠᠷ ᠠᠷᠠᠯᠵᠢᠶᠠᠴᠢᠨ ᠤᠷᠢᠬᠤ ᠶᠢ ᠴᠢᠩᠭᠠᠳᠬᠠᠨ᠎ᠠ᠃ᠬᠤᠳᠠᠯᠳᠤᠭᠠᠴᠢᠳ ᠤᠨ ᠨᠡᠶᠢᠭᠡᠮᠯᠢᠭ᠂ ᠬᠤᠳᠠᠯᠳᠤᠭᠠᠴᠢᠨ ᠤᠷᠢᠬᠤ ᠵᠥᠪᠯᠡᠭᠴᠢ ᠶᠢᠨ ᠦᠢᠯᠡᠳᠦᠯ ᠢ ᠪᠠᠳᠠᠷᠠᠭᠤᠯᠵᠤ᠂ ᠪᠤᠭᠤᠲᠤ ᠬᠤᠲᠠ ᠳᠤ ᠲᠦᠰᠢᠭᠯᠡᠨ ︽ᠳᠡᠯᠡᠬᠡᠢ ᠶᠢᠨ ᠬᠤᠪᠣᠷ ᠰᠢᠷᠣᠢ ᠶᠢᠨ ᠬᠤᠲᠠ︾ ︽ᠳᠡᠯᠡᠬᠡᠢ ᠶᠢᠨ ᠪᠣᠬᠢᠷᠳᠤᠯ ᠦᠭᠡᠢ ᠴᠠᠬᠢᠭᠤᠷ ᠤᠨ ᠬᠤᠲᠠ︾ ᠭᠡᠬᠦ ᠬᠤᠶᠠᠷ ᠲᠣᠮᠣ ᠲᠤᠭᠴᠢ ᠬᠡᠯᠪᠡᠷᠢ ᠶᠢᠨ ᠠᠵᠤ ᠦᠢᠯᠡᠰ ᠤᠨ ᠰᠦᠷᠦᠭᠵᠢᠯ ᠢ ᠪᠠᠶᠢᠭᠤᠯᠵᠤ᠂ ᠰᠢᠨ᠎ᠡ ᠬᠦᠷᠢᠶ᠎ᠡ ᠴᠠᠷᠠᠭ᠎ᠠ ᠰᠢᠨ᠎ᠡ ᠤᠷᠤᠯᠳᠤᠭᠠᠨ ᠤ ᠵᠠᠮ ᠢ ᠲᠦᠷᠭᠡᠳᠬᠡᠨ ᠥᠷᠭᠡᠳᠬᠡᠵᠦ᠂ ᠠᠷᠭ᠎ᠠ ᠪᠦᠬᠦᠨ ᠢ ᠰᠦᠪᠡᠭᠴᠢᠯᠡᠨ 120 ᠠᠴᠠ ᠳᠡᠭᠡᠭᠰᠢ ᠲᠥᠷᠥᠯ ᠵᠦᠢᠯ ᠳᠤ ᠭᠠᠷ ᠤᠨ ᠥᠰᠥᠭ ᠵᠢᠷᠤᠵᠤ᠂ ᠵᠥᠪᠳᠡᠯᠴᠡᠭᠡᠷ ᠤᠨ ᠪᠥᠬᠦ ᠵᠣᠭᠤᠰ ᠤᠨ ᠲᠤᠭ᠎ᠠ ᠶᠢ 800 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ ᠤᠯᠤᠰ ᠤᠨ ᠳᠣᠲᠣᠭᠠᠳᠤ ᠶᠢᠨ ︵ᠣᠷᠣᠨ ᠤ ᠭᠠᠳᠠᠨᠠᠬᠢ︶ ᠶᠢᠨ ᠪᠡᠯᠡ ᠮᠥᠩᠭᠦ ᠶᠢᠨ ᠨᠡᠮᠡᠭᠳᠡᠯ ᠤᠨ ᠬᠤᠷᠳᠤᠴᠠ ᠶᠢ 15%  ᠠᠴᠠ ᠳᠡᠭᠡᠭᠰᠢ ᠣᠷᠣᠭᠤᠯᠵᠤ᠂ ᠨᠠᠩ ᠣᠯᠠᠨ ᠲᠥᠷᠥᠯ ᠵᠦᠢᠯ ᠤᠨ ᠰᠠᠶᠢᠨ ᠲᠥᠷᠥᠯ ᠵᠦᠢᠯ ᠢ ᠳ᠋ᠦᠩ ᠾᠧ ᠲᠣᠭᠤᠷᠢᠭ ᠲᠤ ᠡᠷᠦᠬᠡ ᠠᠮᠠ ᠣᠷᠣᠭᠤᠯᠬᠤ ᠶᠢ ᠠᠬᠢᠭᠤᠯᠤᠨ᠎ᠠ᠃
     ᠴᠢᠳᠠᠪᠤᠷᠢᠲᠠᠨ ᠡᠯᠰᠡᠵᠦ ᠤᠶᠤᠨ ᠮᠡᠳᠡᠯᠭᠡ ᠶᠢ ᠣᠷᠣᠭᠤᠯᠬᠤ ᠶᠢ ᠴᠢᠩᠭᠠᠳᠬᠠᠵᠤ᠂ ᠨᠡᠩ ᠤᠯᠠᠨ ᠴᠢᠳᠠᠪᠤᠷᠢᠲᠠᠨ ᠢ ᠳ᠋ᠦᠩ ᠾᠧ ᠲᠣᠭᠤᠷᠢᠭ ᠲᠤ ᠨᠤᠲᠤᠭᠰᠢᠭᠤᠯᠬᠤ ᠪᠠᠷ ᠲᠠᠲᠠᠨ᠎ᠠ᠃ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠪᠠᠲᠤᠯᠠᠬᠤ᠂ ᠦᠷ᠎ᠡ ᠬᠡᠦᠬᠡᠳ ᠢ ᠰᠤᠷᠭᠠᠭᠤᠯᠢ ᠳᠤ ᠣᠷᠣᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠮᠠᠰᠲ᠋ᠧᠷ ᠠᠴᠠ ᠳᠡᠭᠡᠭᠰᠢᠬᠢ ᠴᠢᠳᠠᠪᠤᠷᠢᠲᠠᠨ ᠢ 20 ᠬᠥᠮᠥᠨ ᠠᠴᠠ ᠳᠡᠭᠡᠭᠰᠢ ᠣᠷᠣᠭᠤᠯᠤᠨ ᠠᠪᠴᠢᠷᠠᠨ᠎ᠠ᠃ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ  ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠵᠠᠬᠢᠶᠠᠯᠠᠭ᠎ᠠ ᠶᠢᠨ ᠮᠠᠶ᠋ᠢᠭ︾ ᠢᠶᠠᠷ ᠠᠵᠤ ᠠᠬᠤᠶᠢᠯᠠᠯ ᠤᠨ ᠪᠠᠴᠢᠮ ᠬᠡᠷᠡᠭᠰᠡᠬᠦ ᠥᠨᠳᠥᠷ ᠬᠡᠪ ᠪᠣᠯᠪᠠᠰᠤᠷᠠᠯ ᠲᠠᠢ ᠬᠡᠷᠡᠭᠯᠡᠭᠡᠨ ᠤ ᠮᠡᠷᠭᠡᠵᠢᠯ ᠤᠨ ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠦᠨ᠎ᠡ᠃
     ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠵᠦ᠂ ︽ᠲᠠᠨ ᠤ ᠰᠡᠳᠬᠢᠯ ᠬᠠᠨᠤᠮᠵᠢᠲᠠᠶ ᠪᠠᠶᠢᠬᠤ ᠶᠢ ᠳᠠᠭᠠᠭᠠᠬᠤ︾ ︽ᠲᠠᠨ ᠤ ᠰᠡᠳᠬᠢᠯ ᠬᠠᠨᠤᠮᠵᠢᠲᠠᠶ ᠪᠠᠶᠢᠬᠤ ᠶᠢ ᠳᠠᠭᠠᠭᠠᠬᠤ ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠲᠠᠯ᠎ᠠ ᠪᠠᠷ ᠪᠣᠶ ᠪᠣᠯᠭᠠᠨ᠎ᠠ᠃︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ︽ᠰᠦᠯᠵᠢᠶᠡᠨ ᠳᠡᠭᠡᠷ᠎ᠡ ᠡᠷᠭᠢᠯᠡᠬᠦ︾ ︽ᠠᠯᠠᠭᠠᠨ ᠳᠡᠭᠡᠷ᠎ᠡ ᠠᠴᠠ ᠡᠷᠭᠢᠯᠡᠬᠦ︾ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ︽ᠨᠢᠭᠡ ᠰᠦᠯᠵᠢᠶ᠎ᠡ ᠪᠠᠷ ᠨᠡᠶᠢᠳᠡᠮ ᠡᠷᠭᠢᠯᠡᠬᠦ︾ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠲᠠᠪᠤ ᠶᠢ ᠣᠷᠣᠭᠤᠯᠬᠤ︾ ᠠᠵᠢᠯᠯᠠᠭ᠎ᠠ ᠶᠢ ᠲᠦᠯᠬᠢᠨ ᠠᠬᠢᠭᠤᠯᠵᠤ᠂ ᠣᠷᠣᠨ ᠪᠦᠰᠡ ᠠᠯᠤᠰᠯᠠᠭᠰᠠᠨ᠂ ᠱᠠᠲᠤ ᠳᠠᠪᠬᠤᠷᠭ᠎ᠠ ᠠᠯᠤᠰᠯᠠᠨ ᠨᠡᠶᠢᠳᠡᠮ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠲᠤ ᠲᠦᠬᠦᠮ ᠦᠵᠡᠭᠦᠯᠬᠦ ᠥᠨᠳᠥᠷ ᠳᠠᠪᠲᠠᠮᠵᠢ ᠪᠠᠷ ᠬᠡᠷᠡᠭ ᠶᠠᠪᠤᠳᠠᠯ ᠢ ᠣᠶᠢᠷ᠎ᠠ ᠬᠠᠪᠢ ᠳᠤᠨᠢ ᠰᠢᠢᠳᠪᠦᠷᠢᠯᠡᠬᠦ ᠦᠢᠯᠡᠴᠢᠯᠡᠭᠡ ᠶᠢ ᠥᠷᠭᠡᠳᠬᠡᠨ᠎ᠡ᠃︽ᠳᠠᠷᠤᠶᠢᠬᠠᠨ ᠭᠦᠢᠴᠡᠳᠬᠡᠬᠦ᠂ ᠭᠦᠢᠴᠡᠳᠬᠡᠪᠡᠯ ᠰᠠᠶᠢᠲᠤᠷ ᠭᠦᠢᠴᠡᠳᠬᠡᠬᠦ︾ ᠶᠢ ᠪᠠᠷᠢᠮᠲᠠᠯᠠᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢ ᠨᠠᠰᠤᠨ ᠤ ᠪᠥᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ︽ᠭᠤᠶᠤᠴᠢᠯᠠᠬᠤ  ᠠᠴᠠ ᠬᠡᠯᠲᠦᠷᠢᠭᠦᠯᠪᠡᠯ ᠳᠠᠷᠤᠢ ᠡᠳ᠋ᠯᠡᠬᠦ︾ ᠬᠠᠮᠤᠷᠬᠤ ᠬᠡᠪᠴᠢᠶ᠎ᠡ ᠶᠢ ᠥᠷᠭᠡᠳᠬᠡᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢ ᠰᠢᠭᠤᠳ ᠬᠦᠷᠭᠡᠵᠦ ᠲᠦᠷᠭᠡᠨ ᠡᠳ᠋ᠯᠡᠨ᠎ᠡ᠃︽ᠬᠤᠶᠠᠷ ᠥᠴᠥᠬᠡᠨ ᠴᠦ ᠭᠤᠶᠢᠪᠢᠰᠢ ᠦᠭᠡᠢ︾ ᠶᠢ ᠡᠷᠡᠰ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠢᠭᠡ ᠯᠡ ᠠᠳᠠᠯᠢ ᠪᠠᠷ ᠬᠠᠨᠳᠤᠵᠤ᠂ ᠠᠵᠤ ᠠᠬᠤᠶᠢᠯᠠᠯ ᠢ ᠶᠡᠬᠡᠪᠡᠷ ᠬᠠᠪᠰᠤᠷᠤᠨ ᠪᠡᠯᠡ ᠲᠣᠬᠢᠷᠠᠭᠤᠯᠭ᠎ᠠ ᠶᠢᠨ ᠢᠲᠡᠭᠡᠮᠵᠢᠲᠦ ᠵᠢᠭᠡᠯᠡᠯᠭᠡ᠂ ᠦᠢᠯᠡᠳᠬᠦᠨ ᠤ ᠡᠵᠡᠩᠨᠡᠯᠲᠡ ᠪᠣᠷᠣᠯᠠᠭᠤᠯᠤᠯᠲᠠ᠂ ᠬᠦᠴᠦᠨ ᠵᠦᠢᠯ ᠤᠨ ᠪᠠᠲᠤᠯᠠᠭ᠎ᠠ ᠵᠡᠷᠭᠡ ᠠᠰᠠᠭᠤᠳᠠᠯ ᠢ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠣᠯᠭᠠᠨ᠎ᠠ᠃ᠪᠥᠬᠦ ᠵᠢᠯ ᠳᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ 10%  ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ︽ᠳᠥᠷᠪᠡ ᠶᠢ ᠳᠡᠭᠡᠭᠰᠢᠯᠡᠭᠦᠯᠬᠦ︾ ᠠᠵᠤ ᠠᠬᠤᠶᠢᠯᠠᠯ ᠵᠢᠴᠢ ᠬᠤᠪᠢ ᠶᠢᠨ ᠡᠵᠡᠩᠨᠡᠯᠲᠡ ᠶᠢ 100 ᠡᠷᠦᠬᠡ ᠰᠢᠨ᠎ᠡ ᠪᠠᠷ ᠨᠡᠮᠡᠭᠳᠡᠭᠦᠯᠦᠨ᠎ᠡ᠃
     ᠡᠬᠢᠯᠡᠯᠲᠡ ᠨᠢ ᠪᠦᠬᠦ ᠲᠠᠯ᠎ᠠ ᠲᠠᠢ ᠬᠤᠯᠪᠣᠭᠳᠠᠵᠤ᠂ ᠡᠬᠢᠯᠡᠯᠲᠡ ᠨᠢ ᠬᠤᠶᠢᠰᠢᠳᠠ ᠶᠢᠨ ᠪᠠᠶᠢᠳᠠᠯ ᠢ ᠲᠣᠭᠲᠠᠭᠠᠳᠠᠭ᠃ᠳᠠᠪᠠᠵᠤ ᠭᠠᠷᠬᠤ ᠶᠢ ᠬᠥᠭᠡᠭᠡᠵᠦ ᠭᠦᠢᠴᠡᠬᠦ ᠲᠡᠮᠡᠴᠡᠯ ᠤᠨ ᠬᠠᠷᠠᠯᠲᠠ ᠶᠢᠨ ᠡᠮᠦᠨ᠎ᠡ᠂ ᠤᠷᠤᠭᠰᠢᠯᠠᠯᠲᠠ ᠶᠢᠨ ᠵᠠᠮ ᠳᠠᠬᠢ ᠬᠦᠴᠢᠷᠳᠡᠯ ᠥᠷᠢᠰᠦᠯᠳᠦᠭᠡᠨ ᠤ ᠡᠮᠦᠨ᠎ᠡ᠂ ᠳ᠋ᠦᠩ ᠡᡁᠸ ᠲᠣᠭᠤᠷᠢᠭ ᠤᠨ ᠪᠦᠬᠦ ᠨᠠᠮ ᠤᠨ ᠭᠡᠰᠢᠭᠦᠨ ᠺᠠᠳ᠋ᠷ ᠡᠬᠢᠯᠡᠯᠲᠡ ᠶᠢᠨ ᠵᠢᠯ ᠳᠤ ᠳᠠᠷᠤᠢ ᠲᠦᠷᠭᠡᠨ ᠳᠠᠪᠬᠢᠵᠤ᠂ ᠡᠬᠢᠯᠡᠯᠲᠡ ᠶᠢᠨ ᠵᠢᠯ ᠳᠤ ᠳᠠᠷᠤᠢ ᠰᠢᠪᠲᠤᠯᠤᠯᠲᠠ ᠬᠢᠬᠦ ᠡᠷᠴᠢᠮᠲᠡᠢ ᠬᠠᠨᠳᠤᠰᠢ ᠪᠠᠷ ᠪᠦᠬᠦ ᠵᠢᠯ ᠤᠨ ᠬᠠᠷᠠᠯᠲᠠ ᠲᠡᠰᠢ ᠤᠷᠤᠭᠰᠢᠯᠠᠵᠤ᠂ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ᠠᠮᠢᠳᠤᠯᠢᠭ ᠦᠢᠯᠡᠳᠦᠯᠭᠡ ᠶᠢᠨ ᠳᠤᠮᠳᠠ ᠨᠡᠩ ᠶᠡᠭᠡ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠬᠤ ᠪᠣᠯᠣᠨ᠎ᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1