︽ᠬᠤᠶᠠᠷ ᠢ ᠡᠯᠰᠡᠵᠦ ᠬᠤᠶᠠᠷ ᠢ ᠳᠠᠭᠠᠭᠤᠯᠵᠤ ᠨᠢᠭᠡ ᠶᠢ ᠰᠢᠯᠢᠳᠡᠭᠵᠢᠭᠦᠯᠬᠦ︾ᠳᠠᠭᠠᠷᠢᠯᠲᠠ ᠶᠢᠨ ᠪᠦᠷᠢᠶ᠎ᠡ ᠶᠢ ᠬᠠᠩᠭᠢᠨᠠᠭᠤᠯᠵᠤ ᠳ᠋ᠦᠩ ᠾᠧ ᠲᠣᠭᠤᠷᠢᠭ ᠤᠨ︽ᠨᠠᠢᠮᠠᠨ ᠲᠠᠯᠠᠪᠤᠷ ᠬᠠᠲᠠᠭᠤ ᠳᠠᠶᠢᠯᠠᠯᠳᠤᠭᠠᠨ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2023/2/10
      ᠬᠥᠮᠥᠨ‌‍ᠴᠢᠷᠡᠮᠠᠶᠢᠪᠡᠯ ᠬᠠᠪᠤᠷ ᠡᠷᠲᠡ ᠢᠷᠡᠵᠦ᠂ ᠡᠷᠡᠯᠬᠡᠭᠯᠡᠨ ᠤᠷᠤᠭᠰᠢᠯᠠᠬᠤ ᠨᠢ ᠴᠠᠭ ᠲᠠᠭᠠᠨ ᠲᠣᠬᠢᠷᠠᠨ᠎ᠠ᠃ᠣᠳᠣᠬᠠᠨ ᠳᠤ᠂ ᠳ᠋ᠦᠩ ᠾᠧ ᠲᠣᠭᠤᠷᠢᠭ ᠤᠨ ᠬᠢᠨ ᠪᠦᠬᠦ ᠬᠤᠲᠠ ᠶᠢᠨ ︽ᠬᠤᠶᠠᠷ ᠢ ᠡᠯᠰᠡᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠵᠤ᠂ ᠨᠡᠮᠡᠭᠳᠡᠯ ᠤᠨ ᠤᠬᠠᠮᠰᠠᠷ ᠢ ᠴᠢᠩᠭᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠶᠡᠬᠡᠰᠬᠡᠬᠦ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠳᠤ ᠴᠢᠭᠯᠡᠭᠦᠯᠦᠨ᠂ ︽ᠲᠡᠮᠡᠴᠡᠬᠦ︾ ᠵᠣᠷᠢᠭ ᠰᠠᠨᠠᠭ᠎ᠠ᠂ ︽ᠲᠡᠮᠡᠴᠡᠬᠦ︾ ᠡᠷᠴᠢ ᠵᠣᠷᠢᠭ᠂ ︽ᠪᠣᠳᠠᠲᠠᠢ︾ ᠡᠷᠴᠢ ᠵᠣᠷᠢᠭ ᠢ ᠪᠠᠳᠠᠷᠠᠭᠤᠯᠵᠤ᠂ ︽ᠨᠠᠢᠮᠠᠨ ᠲᠠᠯᠠᠪᠤᠷ ᠬᠠᠲᠠᠭᠤ ᠳᠠᠶᠢᠯᠠᠯᠳᠤᠭᠠᠨ︾ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠢᠵᠢᠷᠠᠯ ᠤᠨ ᠬᠦᠴᠦᠨ ᠢᠶᠠᠷ ᠳ᠋ᠦᠩ ᠾᠧ ᠭᠤᠣᠯ᠂ ᠰᠠᠭᠤᠷᠢᠰᠢᠬᠤ ᠳᠤ ᠲᠣᠬᠢᠷᠠᠮᠵᠢᠲᠠᠢ ᠳ᠋ᠦᠩ ᠾᠧ ᠭᠤᠣᠯ᠂ ᠫᠢᠩ ᠠᠨ ᠳ᠋ᠦᠩ ᠾᠧ ᠭᠤᠣᠯ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ᠠᠵᠤ ᠦᠢᠯᠡᠳᠪᠦᠷᠢ ᠪᠠᠷ ᠣᠷᠣᠨ ᠢᠶᠠᠨ ᠬᠦᠴᠦᠷᠬᠡᠭᠵᠢᠭᠦᠯᠬᠦ ᠬᠠᠲᠠᠭᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ      ᠬᠢᠬᠦ ᠳᠤ ᠴᠢᠭᠯᠡᠯ ᠲᠠᠢ᠂ ᠬᠢᠬᠦ ᠳᠤ ᠭᠠᠷᠳᠠᠴᠠ ᠲᠠᠢ᠃2023 ᠣᠨ ᠳᠤ᠂ ᠳ᠋ᠦᠩ ᠡᡁᠸ ᠲᠣᠭᠤᠷᠢᠭ ᠤᠨ ᠬᠢᠨ ᠰᠢᠨ᠎ᠡ ᠨᠡᠮᠡᠭᠳᠡᠯ ᠤᠨ ᠬᠡᠮᠵᠢᠶ᠎ᠡ ᠶᠢ ᠪᠣᠶᠢᠵᠢᠭᠤᠯᠬᠤ ᠶᠢ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠵᠠᠩᠭᠢᠯᠠᠭ᠎ᠠ ᠶᠢᠨ ᠭᠠᠷᠳᠠᠴᠠ ᠪᠣᠯᠭᠠᠵᠤ᠂ ᠴᠢᠬᠤᠯᠠ ᠶᠡᠭᠡ ᠲᠦᠷᠦᠯ ᠵᠦᠢᠯ ᠤᠨ ᠰᠢᠶᠠᠨ ᠤ ᠱᠠᠲᠤᠨ ᠤ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠳᠦᠷᠢᠮ ᠪᠣᠯᠣᠨ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠴᠢᠩᠭᠠᠳᠬᠠᠵᠤ᠂ ᠭᠠᠷ ᠭᠦᠢᠴᠡᠳᠬᠡᠯ ᠭᠦᠢᠴᠡᠳᠬᠡᠬᠦ ᠶᠢ ᠲᠦᠷᠭᠡᠨ ᠠᠬᠢᠭᠤᠯᠵᠤ᠂ ᠬᠥᠩᠭᠡᠨ ᠴᠠᠭᠠᠨ ᠢ ᠨᠠᠷᠢᠯᠢᠭ ᠪᠣᠯᠪᠠᠰᠤᠷᠠᠭᠤᠯᠬᠤ ᠲᠤᠭ ᠳᠠᠯᠪᠠᠭ᠎ᠠ ᠬᠡᠯᠪᠡᠷᠢ ᠶᠢᠨ ᠠᠵᠤ ᠦᠢᠯᠡᠰ ᠤᠨ ᠪᠦᠯᠦᠭᠵᠢᠯ ᠢ ᠴᠢᠷᠮᠠᠶᠢᠨ ᠴᠣᠭᠴᠠᠯᠠᠪᠠ᠃
     ᠬᠤᠸᠠ ᠶᠦᠨ ᠭᠤᠷᠪᠠᠳᠤᠭᠠᠷ ᠬᠤᠭᠤᠴᠠᠭᠠᠨ ᠤ 42 ᠲᠦᠮᠡᠨ ᠲᠣᠨ ᠬᠥᠩᠭᠡᠨ ᠬᠠᠶᠢᠯᠤᠰᠢ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠭᠤᠣᠯᠳᠠᠯᠭ᠎ᠠ ᠲᠠᠢ ᠠᠬᠢᠭᠤᠯᠵᠤ᠂ ᠤᠤᠯ ᠤᠨ ᠬᠥᠩᠭᠡᠨ ᠴᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ 150 ᠲᠦᠮᠡᠨ ᠲᠣᠨ  ᠠᠴᠠ ᠳᠠᠪᠠᠭᠤᠯᠤᠨ᠎ᠠ︔ᠤᠮᠠᠷᠠᠲᠤ ᠶᠢᠨ ᠬᠥᠩᠭᠡᠨ ᠴᠠᠭᠠᠨ ᠤ ᠦᠢᠯᠡᠰ ᠤᠨ ᠵᠢᠯ ᠳᠤ 9.1 ᠲᠦᠮᠡᠨ ᠲᠣᠨ ᠥᠨᠳᠥᠷ ᠴᠢᠨᠰᠠᠭ᠎ᠠ ᠲᠠᠢ ᠬᠥᠩᠭᠡᠨ ᠴᠠᠭᠠᠨ ᠤ ᠬᠠᠶᠢᠯᠤᠰᠢ ᠶᠢᠨ ᠴᠢᠳᠬᠤᠨ ᠬᠡᠪᠰᠢᠭᠦᠯᠬᠦ ᠡᠪᠬᠡᠮᠡᠯ ᠦᠢᠯᠡᠳᠪᠦᠷᠢᠯᠡᠬᠦ᠂ ᠨᠡᠶᠢᠳᠡᠮ ᠪᠠᠷᠢᠮᠵᠢᠶ᠎ᠠ ᠲᠠᠢ ᠬᠥᠩᠭᠡᠨ ᠴᠠᠭᠠᠨ ᠤ ᠦᠢᠯᠡᠰ ᠤᠨ ᠵᠢᠯ ᠳᠤ 1.36 ᠲᠦᠮᠡᠨ ᠲᠣᠨ ᠰᠢᠨ᠎ᠡ ᠬᠡᠯᠪᠡᠷᠢ ᠶᠢᠨ ᠥᠨᠳᠥᠷ ᠬᠦᠴᠦᠷᠬᠡᠭ᠂ ᠥᠨᠳᠥᠷ ᠤᠶᠠᠨ ᠬᠠᠲᠠᠨ᠂ ᠢᠳᠡᠭᠳᠡᠯ ᠳᠤ ᠳᠠᠭᠠᠭᠠᠮᠠᠭᠠᠢ ᠬᠤᠪᠣᠷ ᠰᠢᠷᠣᠢ ᠶᠢᠨ ᠬᠥᠩᠭᠡᠨ ᠴᠠᠭᠠᠨ ᠤ ᠬᠠᠶᠢᠯᠤᠰᠢ ᠶᠢᠨ ᠮᠠᠲ᠋ᠧᠷᠢᠶᠠᠯ ᠦᠢᠯᠡᠳᠪᠦᠷᠢᠯᠡᠬᠦ ᠵᠡᠷᠭᠡ ᠲᠥᠷᠥᠯ ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠠᠬᠢᠭᠤᠯᠤᠨ᠎ᠠ︔ᠯᠢ ᠵᠦᠩ ᠪᠦᠯᠦᠭᠯᠡᠯ ᠤᠨ ᠵᠢᠯ ᠳᠤ 300 ᠲᠦᠮᠡᠨ ᠮᠠᠰᠢᠨ ᠲᠡᠷᠭᠡᠨ ᠤ ᠬᠥᠩᠭᠡᠨ ᠴᠠᠭᠠᠨ ᠤ ᠬᠠᠶᠢᠯᠤᠰᠢ ᠶᠢᠨ ᠤᠭᠰᠠᠷᠠᠭ᠎ᠠ ᠲᠤᠨᠤᠭ ᠦᠢᠯᠡᠳᠪᠦᠷᠢᠯᠡᠬᠦ ᠲᠦᠷᠦᠯ ᠵᠦᠢᠯ ᠢ ᠠᠬᠢᠭᠤᠯᠵᠤ᠂ ᠱᠧᠩ ᠲᠠᠢ ᠶᠢᠨ 60 ᠲᠦᠮᠡᠨ ᠬᠤᠪᠣᠷ ᠰᠢᠷᠣᠢ ᠶᠢᠨ ᠬᠥᠩᠭᠡᠨ ᠴᠠᠭᠠᠨ ᠤ ᠬᠠᠶᠢᠯᠤᠰᠢ ᠶᠢᠨ ᠬᠤᠳᠠᠯᠳᠤᠭᠠᠨ ᠳᠤ ᠬᠡᠷᠡᠭᠯᠡᠬᠦ ᠲᠡᠷᠭᠡᠨ ᠬᠦᠷᠳᠦ ᠶᠢᠨ ᠲᠦᠷᠦᠯ ᠵᠦᠢᠯ ᠢ ᠠᠰᠢᠭᠯᠠᠯᠲᠠ ᠳᠤ ᠣᠷᠣᠭᠤᠯᠵᠤ᠂ 600 ᠲᠦᠮᠡᠨ ᠮᠠᠰᠢᠨ ᠲᠡᠷᠭᠡᠨ ᠤ ᠦᠢᠯᠡᠳᠪᠦᠷᠢᠯᠡᠯ ᠤᠨ ᠴᠢᠳᠠᠪᠤᠷᠢ ᠶᠢ ᠪᠡᠶᠡᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠬᠠᠮᠤᠭ ᠤᠨ ᠲᠣᠮᠣ ᠬᠥᠩᠭᠡᠨ ᠴᠠᠭᠠᠨ ᠤ ᠬᠠᠶᠢᠯᠤᠰᠢ ᠶᠢᠨ ᠲᠡᠷᠭᠡᠨ ᠬᠦᠷᠳᠦ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠭᠠᠪᠠ ᠁ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢᠨ ᠬᠠᠲᠠᠭᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ      ᠰᠢᠨᠵᠢᠯᠡᠬᠦ ᠤᠬᠠᠭᠠᠨ ᠮᠡᠷᠭᠡᠵᠢᠯ ᠢ ᠠᠳᠬᠤᠬᠤ ᠨᠢ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ᠂ ᠰᠢᠨ᠎ᠡ ᠶᠢ ᠡᠭᠦᠳᠬᠦ ᠶᠢ ᠰᠦᠪᠡᠭᠴᠢᠯᠡᠬᠦ ᠨᠢ ᠳᠠᠷᠤᠢ ᠢᠷᠡᠭᠡᠳᠦᠢ ᠶᠢ ᠪᠣᠳᠣᠯᠬᠢᠯᠠᠵᠤ ᠪᠠᠶᠢᠭ᠎ᠠ ᠶᠠᠪᠤᠳᠠᠯ ᠮᠥᠨ᠃ᠳ᠋ᠦᠩ ᠾᠧ ᠲᠣᠭᠤᠷᠢᠭ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ  ᠶᠢ ᠡᠭᠦᠳᠬᠦ  ᠶᠢ ᠬᠥᠭᠵᠢᠯᠲᠡ ᠶᠢᠨ ᠪᠦᠬᠦ ᠲᠠᠯ᠎ᠠ ᠶᠢᠨ ᠭᠤᠣᠯ ᠪᠠᠶᠢᠷᠢᠨ ᠳᠤ ᠲᠠᠯᠪᠢᠬᠤ  ᠶᠢ ᠪᠠᠷᠢᠮᠲᠠᠯᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠷᠠᠭᠤᠯᠤᠨ᠂ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠴᠢᠩᠭᠠᠳᠬᠠᠵᠤ᠂ ᠬᠥᠩᠭᠡᠨ ᠴᠠᠭᠠᠨ ᠤ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠮᠡᠷᠭᠡᠵᠢᠯ ᠤᠨ ᠲᠥᠪ ᠪᠠ ᠴᠤᠯᠤ ᠴᠡᠪᠡᠷ ᠬᠥᠩᠭᠡᠨ ᠴᠠᠭᠠᠨ ᠤ ᠮᠡᠷᠭᠡᠵᠢᠯ ᠤᠨ ᠲᠥᠪ ᠭᠡᠬᠦ ᠬᠤᠶᠠᠷ ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠴᠢᠭᠯᠡᠯ ᠪᠠ ᠴᠤᠯᠤ ᠴᠡᠪᠡᠷ ᠬᠥᠩᠭᠡᠨ ᠴᠠᠭᠠᠨ ᠤ ᠰᠢᠨ᠎ᠡ ᠮᠠᠲ᠋ᠧᠷᠢᠶᠠᠯ ᠤᠨ ᠬᠦᠷᠢᠶ᠎ᠡ ᠴᠠᠷᠠᠭ᠎ᠠ ᠶᠢᠨ ᠵᠠᠬ᠎ᠠ ᠳᠡᠯᠭᠡᠭᠦᠷ᠂ ᠰᠢᠨᠵᠢᠯᠡᠬᠦ ᠤᠬᠠᠭᠠᠨ ᠤ ᠰᠤᠳᠤᠯᠤᠯ᠂ ᠠᠵᠤ ᠦᠢᠯᠡᠳᠪᠦᠷᠢᠵᠢᠭᠦᠯᠦᠯᠲᠡ ᠶᠢᠨ ᠬᠡᠷᠡᠭᠯᠡᠯᠲᠡ ᠶᠢ ᠵᠣᠯᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠮᠡᠷᠭᠡᠵᠢᠯ᠂ ᠰᠢᠨ᠎ᠡ ᠦᠷ᠎ᠡ ᠪᠦᠲᠦᠭᠡᠯ ᠢ ᠥᠷᠭᠡᠨ ᠢᠶᠠᠷ ᠬᠡᠷᠡᠭᠯᠡᠬᠦ ᠶᠢ ᠠᠬᠢᠭᠤᠯᠤᠨ᠎ᠠ᠃
     ᠡᠭᠦᠨ ᠤ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ︽ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ︾ ᠲᠣᠮᠢᠯᠠᠨ ᠰᠠᠭᠤᠯᠭᠠᠬᠤ ᠳᠦᠷᠢᠮ ᠢ ᠰᠦᠪᠡᠭᠴᠢᠯᠡᠨ ᠪᠠᠶᠢᠭᠤᠯᠵᠤ᠂ ᠳᠦᠷᠢᠮ ᠲᠣᠭᠲᠠᠭᠠᠯ ᠳᠡᠭᠡᠷᠡᠬᠢ ᠠᠵᠤ ᠦᠢᠯᠡᠳᠪᠦᠷᠢ ᠳᠤ ᠨᠢᠭᠡᠳ ᠨᠢᠭᠡ ᠪᠠᠷ ︽ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ︾ ᠬᠢᠨ᠎ᠡ︔ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ︽ᠬᠤᠶᠠᠷ ᠲᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠬᠡᠷᠡᠭᠵᠢᠭᠦᠯᠵᠦ᠂ ᠳᠠᠪᠠᠭᠤᠯᠢᠭ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠪᠠ ᠰᠢᠨ᠎ᠡ ᠶᠢ ᠡᠭᠦᠳᠬᠦ ᠦᠢᠯᠡᠴᠢᠯᠡᠭᠡᠨ ᠤ ᠠᠵᠤ ᠠᠬᠤᠶᠢᠯᠠᠯ ᠳᠤ ᠲᠥᠪᠯᠡᠷᠡᠬᠦ ᠶᠢ ᠠᠬᠢᠭᠤᠯᠤᠨ᠎ᠠ;ᠬᠥᠲᠥᠴᠢ ᠠᠵᠤ ᠠᠬᠤᠶᠢᠯᠠᠯ᠂ ᠬᠡᠯᠬᠢᠶᠡᠵᠢᠯ ᠤᠨ ᠭᠤᠣᠯ ᠠᠵᠤ ᠠᠬᠤᠶᠢᠯᠠᠯ ᠤᠨ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠳᠡᠮᠵᠢᠵᠦ᠂ ︽ᠳᠥᠷᠪᠡᠨ ᠨᠢᠭᠡ︾ ᠶᠢᠨ ᠠᠵᠢᠯᠯᠠᠭ᠎ᠠ ᠶᠢ ᠶᠡᠬᠡᠪᠡᠷ ᠥᠷᠨᠢᠭᠦᠯᠦᠨ᠂ ᠠᠵᠤ ᠠᠬᠤᠶᠢᠯᠠᠯ ᠤᠨ ᠦᠷᠭᠦᠯᠵᠢᠯᠡᠨ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠠᠬᠢ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠴᠢᠷᠮᠠᠶᠢᠨ ᠪᠠᠶᠢᠭᠤᠯᠵᠤ᠂ ᠰᠢᠨ᠎ᠡ ᠶᠢ ᠡᠭᠦᠳᠬᠦ ᠲᠠᠪᠴᠠᠩ ᠤᠨ ᠪᠦᠷᠬᠦᠴᠡ ᠶᠢᠨ ᠨᠣᠷᠮ᠎ᠠ ᠶᠢ 35% ᠳᠤ ᠬᠦᠷᠦᠭᠦᠯᠦᠨ᠎ᠡ᠃ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠬᠠᠲᠠᠭᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ      ᠡᠨᠡ ᠵᠢᠯ᠂ ᠳ᠋ᠦᠩ ᠾᠧ ᠲᠣᠭᠤᠷᠢᠭ ᠤᠨ ᠬᠢᠨ ᠠᠷᠭ᠎ᠠ ᠪᠦᠬᠦᠨ ᠢ ᠰᠦᠪᠡᠭᠴᠢᠯᠡᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠠᠳᠬᠤᠵᠤ᠂ ︽ᠳᠤᠮᠳᠠ ᠵᠡᠷᠭᠡ ᠠᠴᠠ ᠰᠢᠨ᠎ᠡ ᠶᠢ ᠪᠣᠶ ᠪᠣᠯᠭᠠᠬᠤ︾ ᠪᠠ ︽ᠳᠤᠮᠳᠠ ᠵᠡᠷᠭᠡ ᠠᠴᠠ ᠰᠢᠨ᠎ᠡ ᠶᠢ ᠪᠣᠶ ᠪᠣᠯᠭᠠᠬᠤ︾ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠨᠠᠷᠢᠯᠢᠭ ᠰᠣᠩᠭᠤᠬᠤ ᠠᠵᠢᠯᠯᠠᠭ᠎ᠠ ᠶᠢ ᠬᠡᠷᠡᠭᠵᠢᠭᠦᠯᠵᠦ᠂ ᠲᠣᠰ ᠭᠠᠵᠠᠷ ᠣᠷᠣᠨ ᠤ ᠠᠵᠤ ᠠᠬᠤᠶᠢᠯᠠᠯ ᠪᠠ ᠭᠠᠳᠠᠨ᠎ᠠ ᠣᠷᠣᠨ ᠤ ᠬᠤᠳᠠᠯᠳᠤᠭᠠᠴᠢᠳ ᠤᠨ ᠡᠪᠯᠡᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠡᠭᠡᠳᠦ ᠲᠠᠰ ᠤᠨ ᠰᠢᠨ᠎ᠡ ᠮᠡᠷᠭᠡᠵᠢᠯ ᠪᠠ ᠲᠣᠭᠤᠷᠢᠭ ᠪᠠᠶᠢᠭᠤᠯᠬᠤ ᠲᠣᠮᠣ ᠲᠥᠷᠥᠯ ᠵᠦᠢᠯ ᠢᠶᠠᠷ ᠭᠤᠣᠯᠳᠠᠯᠭ᠎ᠠ ᠪᠣᠯᠭᠠᠨ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠲᠤᠰᠬᠠᠢ ᠮᠡᠷᠭᠡᠵᠢᠯ ᠢᠶᠠᠷ ᠠᠷᠠᠯᠵᠢᠶᠠᠴᠢᠨ ᠤᠷᠢᠬᠤ ᠶᠢ ᠴᠢᠩᠭᠠᠳᠬᠠᠨ᠎ᠠ᠃ᠬᠤᠳᠠᠯᠳᠤᠭᠠᠴᠢᠳ ᠤᠨ ᠨᠡᠶᠢᠭᠡᠮᠯᠢᠭ᠂ ᠬᠤᠳᠠᠯᠳᠤᠭᠠᠴᠢᠨ ᠤᠷᠢᠬᠤ ᠵᠥᠪᠯᠡᠭᠴᠢ ᠶᠢᠨ ᠦᠢᠯᠡᠳᠦᠯ ᠢ ᠪᠠᠳᠠᠷᠠᠭᠤᠯᠵᠤ᠂ ᠪᠤᠭᠤᠲᠤ ᠬᠤᠲᠠ ᠳᠤ ᠲᠦᠰᠢᠭᠯᠡᠨ ︽ᠳᠡᠯᠡᠬᠡᠢ ᠶᠢᠨ ᠬᠤᠪᠣᠷ ᠰᠢᠷᠣᠢ ᠶᠢᠨ ᠬᠤᠲᠠ︾ ︽ᠳᠡᠯᠡᠬᠡᠢ ᠶᠢᠨ ᠪᠣᠬᠢᠷᠳᠤᠯ ᠦᠭᠡᠢ ᠴᠠᠬᠢᠭᠤᠷ ᠤᠨ ᠬᠤᠲᠠ︾ ᠭᠡᠬᠦ ᠬᠤᠶᠠᠷ ᠲᠣᠮᠣ ᠲᠤᠭ ᠬᠡᠯᠪᠡᠷᠢᠲᠦ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠵᠤ᠂ ᠰᠢᠨ᠎ᠡ ᠬᠦᠷᠢᠶ᠎ᠡ ᠴᠠᠷᠠᠭ᠎ᠠ ᠰᠢᠨ᠎ᠡ ᠤᠷᠤᠯᠳᠤᠭᠠᠨ ᠤ ᠵᠠᠮ ᠢ ᠲᠦᠷᠭᠡᠳᠬᠡᠨ ᠥᠷᠭᠡᠳᠬᠡᠵᠦ᠂ ᠠᠷᠭ᠎ᠠ ᠪᠦᠬᠦᠨ ᠢ ᠰᠦᠪᠡᠭᠴᠢᠯᠡᠨ 120 ᠠᠴᠠ ᠳᠡᠭᠡᠭᠰᠢ ᠲᠥᠷᠥᠯ ᠵᠦᠢᠯ ᠳᠤ ᠭᠠᠷ ᠤᠨ ᠥᠰᠥᠭ ᠵᠢᠷᠤᠵᠤ᠂ ᠨᠠᠩ ᠣᠯᠠᠨ ᠲᠥᠷᠥᠯ ᠵᠦᠢᠯ ᠤᠨ ᠰᠠᠶᠢᠨ ᠲᠥᠷᠥᠯ ᠵᠦᠢᠯ ᠢ ᠳ᠋ᠦᠩ ᠾᠧ ᠲᠣᠭᠤᠷᠢᠭ ᠲᠤ ᠡᠷᠦᠬᠡ ᠠᠮᠠ ᠣᠷᠣᠭᠤᠯᠬᠤ ᠶᠢ ᠠᠬᠢᠭᠤᠯᠤᠨ᠎ᠠ᠃
     ︽ᠵᠥᠭᠡᠯᠡᠨ︾ᠣᠷᠴᠢᠨ ᠲᠣᠭᠤᠷᠢᠨ ᠢ ᠪᠤᠢ ᠪᠣᠯᠭᠠᠬᠤ ᠳᠤ︽ᠬᠠᠲᠠᠭᠤ︾ᠬᠦᠴᠦ ᠣᠷᠣᠭᠤᠯᠬᠤ ᠬᠡᠷᠡᠭᠲᠡᠢ᠃ᠳ᠋ᠦᠩ ᠾᠧ ᠲᠣᠭᠤᠷᠢᠭ ᠤᠨ ᠬᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠵᠦ᠂︽ᠲᠠᠯᠪᠢᠬᠤ ᠬᠠᠮᠢᠶᠠᠷᠬᠤ ᠦᠢᠯᠡᠴᠢᠯᠡᠬᠦ︾ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ︽ᠲᠠᠪᠤ ᠶᠢ ᠣᠷᠣᠭᠤᠯᠬᠤ︾ᠠᠵᠢᠯᠯᠠᠭ᠎ᠠ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠰᠢᠰᠲ᠋ᠥᠮ ᠢ ᠪᠦᠷᠢᠨᠰᠢᠭᠦᠯᠵᠦ᠂︽ᠭᠤᠶᠤᠴᠢᠯᠠᠨ ᠮᠡᠳᠡᠭᠦᠯᠬᠦ ᠠᠴᠠ ᠬᠡᠯᠲᠦᠷᠢᠭᠦᠯᠪᠡᠯ ᠳᠠᠷᠤᠢ ᠡᠳ᠋ᠯᠡᠬᠦ︾ᠪᠦᠷᠬᠦᠴᠡ ᠶᠢ ᠥᠷᠭᠡᠳᠬᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠪᠣᠯᠣᠨ ᠪᠡᠯᠡ ᠮᠥᠩᠭᠦ ᠶᠢ ᠰᠢᠭᠤᠳ ᠬᠦᠷᠲᠡᠵᠦ ᠲᠦᠷᠭᠡᠨ ᠡᠳ᠋ᠯᠡᠨ᠎ᠡ᠃ᠪᠥᠬᠦ ᠵᠢᠯ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ 10%  ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ︽ᠳᠥᠷᠪᠡ ᠶᠢ ᠳᠡᠭᠡᠭᠰᠢᠯᠡᠭᠦᠯᠬᠦ︾ ᠠᠵᠤ ᠠᠬᠤᠶᠢᠯᠠᠯ ᠵᠢᠴᠢ ᠬᠤᠪᠢ ᠬᠥᠮᠥᠨ ᠢ 100 ᠡᠷᠦᠬᠡ ᠶᠢ ᠰᠢᠨ᠎ᠡ ᠪᠠᠷ ᠨᠡᠮᠡᠭᠳᠡᠭᠦᠯᠦᠨ᠎ᠡ᠃ᠬᠡᠷᠡᠭᠯᠡᠭᠡ ᠶᠢᠨ ᠳᠡᠰ ᠳᠡᠪᠰᠢᠬᠦ ᠶᠢ ᠠᠬᠢᠭᠤᠯᠬᠤ ᠬᠠᠲᠠᠭᠤ ᠳᠠᠶᠢᠯᠠᠯᠳᠤᠭᠠᠨ ᠢ ᠰᠠᠶᠢᠲᠤᠷ ᠬᠢᠬᠦ
     ᠬᠡᠷᠡᠭᠯᠡᠭᠡᠨ ᠤ ᠪᠠᠶᠢᠳᠠᠯ ᠢ ᠪᠣᠶᠢᠵᠢᠭᠤᠯᠵᠤ᠂ ᠬᠡᠷᠡᠭᠯᠡᠭᠡᠨ ᠤ ᠣᠶᠢᠯᠠᠭᠠᠯᠲᠠ ᠶᠢ ᠳᠡᠭᠡᠭᠰᠢᠯᠡᠭᠦᠯᠬᠦ ᠨᠢ ᠬᠡᠷᠡᠭᠯᠡᠭᠡᠨ ᠤ ᠨᠡᠮᠡᠭᠳᠡᠯ ᠢ ᠳᠠᠶᠢᠴᠢᠯᠠᠬᠤ ᠴᠢᠬᠤᠯᠠ ᠬᠦᠴᠦᠯᠡᠬᠦ ᠴᠡᠭ ᠪᠣᠯᠪᠠ᠃ᠳ᠋ᠦᠩ ᠾᠧ ᠲᠣᠭᠤᠷᠢᠭ ᠤᠨ ᠬᠢᠨ ᠰᠣᠶᠣᠯ ᠤᠨ ᠵᠤᠭᠠᠴᠠᠯ ᠤᠨ ᠡᠬᠢ ᠪᠠᠶᠠᠯᠢᠭ ᠤᠨ ᠳᠠᠯᠳᠠ ᠬᠦᠴᠦᠨ ᠢ ᠲᠠᠰᠤᠷᠠᠯᠲᠠ ᠦᠭᠡᠢ ᠪᠠᠳᠠᠷᠠᠭᠤᠯᠵᠤ᠂ ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠠᠬᠢᠭᠤᠯᠵᠤ᠂ ᠲᠡᠦᠬᠡ ᠰᠣᠶᠣᠯ᠂ ᠬᠤᠪᠢᠰᠬᠠᠯ ᠤᠨ ᠰᠣᠶᠣᠯ᠂ ᠪᠠᠶᠢᠭᠠᠯᠢ ᠶᠢᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠰᠣᠶᠣᠯ ᠤᠨ ᠠᠵᠤ ᠦᠢᠯᠡᠰ ᠪᠣᠯᠣᠨ ᠵᠤᠭᠠᠴᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠣᠷᠣᠨ ᠢ ᠪᠦᠬᠦ ᠬᠦᠴᠦᠨ ᠢᠶᠠᠷ ᠢᠶᠠᠨ ᠭᠤᠶᠤᠴᠢᠯᠠᠨ ᠮᠡᠳᠡᠭᠦᠯᠵᠦ᠂ ᠰᠣᠶᠣᠯ ᠤᠨ ᠵᠤᠭᠠᠴᠠᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠬᠤ ᠶᠢ ᠲᠦᠷᠭᠡᠳᠬᠡᠨ᠎ᠡ᠃ᠡᠮᠦᠨᠡᠲᠦ ᠲᠠᠩᠭᠢᠰ ᠵᠢᠴᠢ ᠡᠷᠬᠢᠨ ᠲᠣᠭᠤᠷᠢᠨ ᠤ ᠣᠷᠣᠨ ᠪᠦᠰᠡ ᠶᠢᠨ ᠵᠢᠭᠤᠯᠴᠢᠯᠠᠯ ᠤᠨ ᠡᠬᠢ ᠪᠠᠶᠠᠯᠢᠭ ᠢ ᠠᠮᠢᠳᠤᠯᠢᠭᠵᠢᠭᠤᠯᠤᠨ ᠠᠰᠢᠭᠯᠠᠬᠤ ᠶᠢ ᠲᠦᠷᠭᠡᠳᠬᠡᠵᠦ᠂ ᠴᠢᠶᠣᠤ ᠵᠢᠶᠠ ᠶᠢᠨ ᠵᠡᠭᠡᠯᠢ᠂ ᠮᠢᠶᠣᠣ ᠹᠠ ᠴᠠᠨ ᠰᠧ ᠬᠡᠶᠢᠳ ᠵᠡᠷᠭᠡ ᠣᠲᠣ ᠶᠢᠨ ᠪᠠᠶᠢᠭ᠎ᠠ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠲᠠᠢ ᠨᠢᠭᠲᠠ ᠵᠣᠯᠭᠠᠭᠤᠯᠤᠨ᠎ᠠ᠃ᠵᠠᠭᠪᠤᠷ ᠤᠨ ᠰᠢᠨ᠎ᠡ ᠶᠢ ᠡᠭᠦᠳᠬᠦ ᠪᠠ ᠵᠠᠬ᠎ᠠ ᠳᠡᠯᠭᠡᠭᠦᠷ ᠤᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠤᠨ ᠬᠥᠭᠵᠢᠯᠲᠡ ᠶᠢ ᠲᠦᠷᠭᠡᠳᠬᠡᠵᠦ᠂ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠤᠨ᠎ᠠ᠃ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠠᠭᠤᠳᠠᠯᠬᠤ ᠶᠢᠨ ᠲᠥᠯᠥᠭᠡ᠂ ᠶᠡᠷᠦᠩᠬᠡᠶᠢᠯᠡᠭᠰᠡᠨ ᠴᠢᠨᠠᠷᠲᠠᠢ ᠭᠦᠨᠵᠡᠭᠡᠢ ᠪᠡᠶᠡᠴᠢᠯᠡᠨ ᠣᠶᠢᠯᠠᠭᠠᠬᠤ ᠠᠮᠠᠷᠠᠯᠲᠠ ᠶᠢᠨ ᠣᠷᠣᠨ ᠢ ᠪᠠᠶᠢᠭᠤᠯᠵᠤ᠂ ᠱᠢ ᠳ᠋ᠡ ᠰᠲ᠋ᠣᠺ ᠤᠨ ᠲᠣᠰᠬᠤᠨ ᠬᠢᠭᠡᠳ ᠲᠢᠶᠠᠨ ᠾᠧ ᠨᠦᠩ ᠵᠢᠭᠤᠯᠴᠢᠯᠠᠯ ᠤᠨ ᠰᠤᠳᠤᠯᠭᠠᠨ ᠤ ᠤᠬᠠᠭᠠᠨ ᠤ ᠶᠡᠷᠦᠩᠬᠡᠶᠢᠯᠡᠭᠰᠡᠨ ᠴᠣᠭᠴᠠ ᠶᠢᠨ ᠨᠢᠭᠡ ᠴᠣᠭᠴᠠᠵᠢᠨ ᠬᠥᠭᠵᠢᠬᠦ ᠶᠢ ᠲᠦᠯᠬᠢᠨ ᠠᠬᠢᠭᠤᠯᠤᠨ᠎ᠠ᠃ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠴᠢᠨᠠᠭᠰᠢᠳᠠ ᠴᠢᠩᠭᠠᠳᠬᠠᠵᠤ᠂ ᠬᠡᠷᠡᠭᠯᠡᠭᠡ ᠶᠢ ᠠᠬᠢᠭᠤᠯᠬᠤ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠦᠢᠯᠡᠴᠢᠯᠡᠭᠡ ᠪᠠᠷ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠬᠡᠷᠡᠭᠲᠡᠢ᠃ᠬᠤᠳᠠ ᠶᠢᠨ ᠣᠷᠭᠠᠨᠢᠭ ᠰᠢᠨᠡᠴᠢᠯᠡᠯᠲᠡ ᠶᠢ ᠬᠡᠷᠡᠭᠵᠢᠭᠦᠯᠬᠦ ᠬᠠᠲᠠᠭᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ      ᠳ᠋ᠦᠩ ᠾᠧ ᠲᠣᠭᠤᠷᠢᠭ ᠤᠨ ᠬᠢᠨ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠶᠢᠨ ᠣᠷᠭᠠᠨᠢᠭ ᠰᠢᠨᠡᠴᠢᠯᠡᠯᠲᠡ ᠶᠢ ᠭᠦᠨᠵᠡᠭᠡᠢ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠴᠢᠨᠠᠷ ᠪᠣᠯᠣᠨ ᠬᠥᠭᠵᠢᠶᠡᠨ ᠨᠠᠷᠭᠢᠶᠠᠨ ᠲᠠᠢ ᠬᠡᠮᠵᠢᠶ᠎ᠡ ᠶᠢ ᠳᠡᠭᠡᠭᠰᠢᠯᠡᠭᠦᠯᠬᠦ ᠳᠤ ᠰᠠᠭᠤᠷᠢᠯᠠᠵᠤ᠂ ︽ᠤᠷᠠᠨ ᠳᠠᠷᠬᠠᠨ ᠤ ᠵᠣᠷᠢᠭ ᠰᠠᠨᠠᠭ᠎ᠠ︾ ᠪᠠᠷ ᠭᠤᠣᠯᠳᠠᠯᠭ᠎ᠠ ᠲᠠᠢ ᠬᠡᠰᠡᠭ ᠲᠣᠭᠤᠷᠢᠭ ᠤᠨ ᠬᠤᠳᠠ ᠶᠢᠨ ᠣᠷᠭᠠᠨᠢᠭ ᠰᠢᠨᠡᠴᠢᠯᠡᠯᠲᠡ ᠶᠢ ᠬᠡᠷᠡᠭᠵᠢᠭᠦᠯᠵᠦ᠂ ᠬᠤᠳᠠ ᠶᠢᠨ ᠶᠠᠪᠤᠳᠠᠯ ᠤᠨ ᠰᠠᠭᠤᠷᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠵᠦ᠂︽ᠬᠠᠭᠤᠴᠢᠨ ᠢ ᠤᠷᠬᠢᠵᠤ ᠰᠢᠨ᠎ᠡ ᠶᠢ ᠡᠭᠦᠳᠬᠦ︾ ᠶᠢ ᠰᠢᠨ᠎ᠡ ᠪᠠᠷ ᠮᠠᠨᠳᠤᠭᠰᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠪᠣᠯᠣᠨ ᠰᠣᠶᠣᠯ ᠤᠨ ᠠᠭᠤᠯᠤᠭᠳᠠᠬᠤᠨ ᠳᠤ ᠣᠷᠣᠭᠤᠯᠵᠤ᠂ ︽ᠦᠢᠯᠡᠳᠪᠦᠷᠢᠯᠡᠯ᠂ ᠬᠤᠳᠠ᠂ ᠬᠥᠮᠥᠨ︾ ᠤ ᠭᠦᠨᠵᠡᠭᠡᠢ ᠠᠭᠤᠰᠤᠯᠴᠠᠨ ᠬᠥᠭᠵᠢᠬᠦ ᠰᠢᠨ᠎ᠡ ᠵᠠᠭᠪᠤᠷ ᠢ ᠪᠤᠢ ᠪᠣᠯᠭᠠᠨ᠎ᠠ᠃ᠵᠠᠮ ᠬᠠᠷᠢᠯᠴᠠᠭᠠᠨ ᠤ ᠲᠣᠣᠷ ᠢ ᠰᠢᠯᠢᠳᠡᠭᠵᠢᠭᠦᠯᠦᠨ᠂ ︽ᠭᠤᠣᠯ ᠰᠤᠳᠠᠰᠤ︾ ᠶᠢ ᠤᠯᠠᠮ ᠨᠢᠭᠡ ᠠᠯᠬᠤᠮ ᠨᠠᠪᠲᠠᠷᠡᠭᠦᠯᠵᠦ᠂ ︽ᠪᠢᠴᠢᠯ ᠡᠷᠭᠢᠯᠲᠡ︾ ᠶᠢ ᠰᠠᠭᠠᠳ ᠦᠭᠡᠢ ᠨᠠᠪᠲᠠᠷᠡᠭᠦᠯᠵᠦ᠂ ᠬᠤᠳᠠ ᠶᠢᠨ ᠵᠠᠮ ᠤᠨ ᠨᠡᠪᠲᠡᠷᠡᠬᠦ ᠴᠢᠨᠠᠷ ᠢ ᠳᠡᠭᠡᠭᠰᠢᠯᠡᠭᠦᠯᠦᠨ᠎ᠡ᠃ᠦᠵᠡᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠬᠡᠷᠡᠭᠵᠢᠭᠦᠯᠵᠦ᠂ ︽ᠬᠠᠷᠮᠠᠨ ᠴᠡᠴᠡᠷᠯᠢᠭ︾ ᠢ ᠰᠢᠨ᠎ᠡ ᠪᠠᠷ ᠪᠠᠶᠢᠭᠤᠯᠵᠤ᠂ ᠵᠢᠵᠢᠭ ᠪᠢᠴᠢᠯ ᠦᠵᠡᠮᠵᠢ ᠶᠢᠨ ᠵᠠᠩᠭᠢᠯᠠᠭ᠎ᠠ ᠶᠢᠨ ᠴᠡᠭ ᠢ ᠨᠡᠮᠡᠨ ᠪᠠᠶᠢᠭᠤᠯᠵᠤ᠂ ᠣᠯᠠᠨ ᠲᠦᠮᠡᠨ ᠤ ᠰᠢᠨ᠎ᠡ ᠰᠡᠯᠡᠭᠦᠴᠡᠯ᠂ ᠤᠳᠠᠭᠠᠨ ᠠᠮᠢᠳᠤᠷᠠᠯ᠂ ᠪᠢᠴᠢᠯ ᠠᠮᠠᠷᠠᠯᠲᠠ ᠶᠢᠨ ᠬᠠᠮᠲᠤ ᠪᠠᠷ ᠡᠳ᠋ᠯᠡᠬᠦ ᠣᠷᠣᠨ ᠵᠠᠢ ᠶᠢ ᠪᠣᠶ ᠪᠣᠯᠭᠠᠨ᠎ᠠ᠃
     ᠠᠵᠤ ᠦᠢᠯᠡᠰ ᠪᠠ ᠬᠤᠲᠠ  ᠶᠢ ᠠᠭᠤᠰᠤᠯᠴᠠᠭᠤᠯᠬᠤ ᠪᠣᠯ ᠬᠤᠲᠠ ᠶᠢᠨ ︽ᠬᠤᠭᠤᠰᠤᠷᠠᠭᠤᠯᠬᠤ︾ ᠠᠴᠠ ᠵᠠᠶᠢᠯᠠᠰᠬᠢᠬᠦ ᠶᠢᠨ ᠴᠢᠬᠤᠯᠠ ᠭᠠᠷᠳᠠᠴᠠ ᠮᠥᠨ᠂ ᠳ᠋ᠦᠩ ᠾᠧ ᠲᠣᠭᠤᠷᠢᠭ ᠤᠨ ᠬᠢᠨ ᠬᠤᠲᠠ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠪᠧᠢ ᠯᠢᠶᠠᠩ ᠲᠣᠭᠤᠷᠢᠭ ᠤᠨ ᠪᠦᠲᠦᠭᠡᠨ ᠪᠠᠶᠢᠭᠤᠯᠤᠯᠲᠠ  ᠶᠢ ᠪᠦᠬᠦ ᠬᠤᠲᠠ ᠶᠢᠨ ᠭᠤᠣᠯᠳᠠᠯᠭ᠎ᠠ  ᠲᠠᠢ ᠠᠵᠢᠯ ᠳᠤ ᠣᠷᠣᠭᠤᠯᠬᠤ ᠴᠢᠬᠤᠯᠠ ᠶᠡᠭᠡ ᠠᠵᠠ ᠲᠣᠬᠢᠶᠠᠯ ᠢ ᠠᠮᠵᠢᠵᠤ᠂ ︽ᠠᠮᠢᠳᠤᠷᠠᠯ + ᠠᠵᠤ ᠦᠢᠯᠡᠰ︾ ᠤᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠪᠧᠢ ᠯᠢᠶᠠᠩ ᠵᠠᠯᠭᠠᠯᠳᠤᠭᠰᠠᠨ ᠣᠷᠣᠨ ᠤ 13 ᠲᠡᠭᠰᠢ ᠳᠥᠷᠪᠡᠯᠵᠢᠨ ᠺᠢᠯᠣᠮᠧᠲᠷ ᠤᠨ ᠪᠦᠲᠦᠭᠡᠨ ᠪᠠᠶᠢᠭᠤᠯᠤᠯᠲᠠ ᠶᠢᠨ ᠨᠡᠭᠡᠭᠡᠨ ᠬᠥᠭᠵᠢᠭᠦᠯᠬᠦ ᠠᠯᠬᠤᠴᠠ ᠶᠢ ᠲᠦᠷᠭᠡᠳᠬᠡᠵᠦ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠷᠬᠢᠨ ᠲᠣᠭᠤᠷᠢᠨ᠂ ᠵᠢᠩᠺᠠᠢ ᠳᠤᠮᠳᠠᠳᠤ ᠰᠤᠷᠭᠠᠭᠤᠯᠢ ᠶᠢᠨ ᠡᠷᠬᠢᠨ ᠲᠣᠭᠤᠷᠢᠨ᠂ ᠴᠢᠶᠣᠤ ᠵᠢᠶᠠ ᠶᠢᠨ ᠵᠡᠭᠡᠯᠢ ᠶᠢᠨ ᠭᠤᠣᠯᠳᠠᠯᠭ᠎ᠠ ᠲᠠᠢ ᠵᠠᠯᠭᠠᠯᠳᠤᠭᠰᠠᠨ ᠣᠷᠣᠨ ᠤ ᠪᠦᠲᠦᠭᠡᠨ ᠪᠠᠶᠢᠭᠤᠯᠤᠯᠲᠠ ᠶᠢ ᠪᠣᠳᠠᠲᠠᠢ ᠠᠳᠬᠤᠵᠤ᠂ ᠵᠠᠯᠭᠠᠯᠳᠤᠭᠰᠠᠨ ᠣᠷᠣᠨ ᠤ ᠴᠢᠳᠠᠮᠵᠢ ᠴᠢᠨᠠᠷ ᠴᠢᠨᠰᠠᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ ᠲᠠᠰ ᠢ ᠳᠡᠭᠡᠭᠰᠢᠯᠡᠭᠦᠯᠦᠨ᠂ ᠨᠠᠩ ᠣᠯᠠᠨ ᠵᠠᠯᠠᠭᠤ ᠬᠠᠮᠲᠤᠯᠢᠭ ᠤᠨ ᠨᠤᠲᠤᠭᠰᠢᠨ ᠰᠠᠭᠤᠬᠤ ᠶᠢ ᠲᠠᠲᠠᠬᠤ ᠬᠡᠷᠡᠭᠲᠡᠢ᠃ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠠᠲᠠᠭᠤ ᠳᠠᠶᠢᠯᠠᠯᠳᠤᠭᠠᠨ  ᠢ ᠰᠠᠶᠢᠲᠤᠷ ᠬᠢᠬᠦ ᠬᠡᠷᠡᠭᠲᠡᠢ      ᠬᠥᠳᠡᠭᠡ ᠠᠵᠤ ᠠᠬᠤᠢ ᠬᠦᠴᠦᠷᠬᠡᠭ ᠪᠠᠶᠢᠬᠤ ᠡᠰᠡᠬᠦ᠂ ᠬᠥᠳᠡᠭᠡ ᠲᠣᠰᠬᠤᠨ ᠦᠵᠡᠰᠬᠦᠯᠡᠩᠲᠦ ᠰᠠᠶᠢᠬᠠᠨ ᠪᠠᠶᠢᠬᠤ ᠡᠰᠡᠬᠦ᠂ ᠲᠠᠷᠢᠶᠠᠴᠢᠳ ᠪᠠᠶᠠᠨ ᠴᠢᠨᠡᠭᠡᠯᠢᠭ ᠪᠠᠶᠢᠬᠤ ᠡᠰᠡᠬᠦ ᠨᠢ ᠲᠠᠷᠢᠶᠠᠴᠢᠳ ᠤᠨ ᠬᠦᠷᠲᠡᠮᠵᠢ ᠶᠢᠨ ᠲᠥᠷᠥᠭᠳᠡᠯ ᠪᠣᠯᠣᠨ ᠵᠣᠯ ᠵᠢᠷᠭᠠᠯᠲᠤ ᠲᠥᠷᠥᠭᠳᠡᠯ ᠢ ᠲᠣᠭᠲᠠᠭᠠᠵᠤ ᠪᠠᠶᠢᠳᠠᠭ᠃ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠡᠨᠡᠬᠦ ︽ᠬᠠᠲᠠᠭᠤ ᠳᠠᠶᠢᠯᠠᠯᠳᠤᠭᠠᠨ︾ ᠢ ᠰᠠᠶᠢᠲᠤᠷ ᠬᠢᠬᠦ ᠳᠤ᠂ ᠳ᠋ᠦᠩ ᠾᠧ ᠲᠣᠭᠤᠷᠢᠭ ᠤᠨ ᠬᠢᠨ᠄ ᠠᠵᠤ ᠦᠢᠯᠡᠰ ᠬᠥᠭᠵᠢᠨ ᠮᠠᠨᠳᠤᠬᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ ᠪᠠᠶᠢᠬᠤ ᠪᠠ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠲᠠᠯ᠎ᠠ ᠪᠠᠷ ᠬᠦᠴᠦᠯᠡᠬᠦ ᠶᠢ ᠪᠠᠷᠢᠮᠲᠠᠯᠠᠨ᠎ᠠ ᠭᠡᠵᠦ ᠬᠠᠷᠢᠭᠤᠯᠵᠠᠢ᠃
     ᠳ᠋ᠦᠩ ᠾᠧ ᠲᠣᠭᠤᠷᠢᠭ ᠤᠨ ᠬᠢᠨ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ ᠲᠤ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠥᠭᠬᠦ᠂ ᠲᠠᠷᠢᠶᠠᠨ ᠭᠠᠵᠠᠷ ᠤᠨ ᠬᠦᠴᠦᠨ ᠤ ᠨᠥᠬᠦᠪᠦᠷᠢ ᠥᠭᠬᠦ ᠵᠡᠷᠭᠡ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ᠣᠷᠣᠨ ᠨᠤᠲᠤᠭ ᠤᠨ ᠣᠨᠴᠠᠯᠢᠭᠲᠤ ᠡᠬᠢ ᠪᠠᠶᠠᠯᠢᠭ ᠲᠠᠭᠠᠨ ᠲᠦᠰᠢᠭᠯᠡᠨ᠂ ᠬᠤᠷᠠᠮᠠᠯ ᠮᠡᠷᠭᠡᠵᠢᠯ ᠤᠨ ᠲᠣᠥᠷᠵᠢᠭᠤᠯᠤᠨ ᠳᠡᠯᠭᠡᠷᠡᠭᠦᠯᠬᠦ ᠵᠢᠭᠠᠨ ᠵᠢᠯᠣᠭᠤᠳᠤᠭᠴᠢ ᠶᠢᠨ ᠰᠢᠰᠲ᠋ᠧᠮᠵᠢ ᠶᠢ ᠪᠠᠶᠢᠭᠤᠯᠵᠤ᠂ ᠥᠨᠳᠥᠷ ᠦᠷ᠎ᠡ ᠠᠰᠢᠭᠲᠤ ᠪᠡᠯᠡᠳᠬᠡᠮᠵᠢᠲᠦ ᠲᠠᠷᠢᠶᠠᠯᠠᠩ ᠢ ᠲᠦᠷᠭᠡᠳᠬᠡᠨ ᠬᠥᠭᠵᠢᠭᠦᠯᠵᠦ᠂ ᠪᠡᠯᠡᠳᠬᠡᠮᠵᠢᠲᠦ ᠲᠠᠷᠢᠶᠠᠯᠠᠩ ᠤᠨ ᠲᠠᠯᠠᠪᠠᠶ ᠶᠢ 1000 ᠮᠦ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠪᠡᠯᠡᠳᠬᠡᠮᠵᠢᠲᠦ ᠢᠳᠡᠰᠢᠨ ᠨᠣᠭᠤᠭ᠎ᠠ ᠶᠢᠨ ᠴᠢᠨᠠᠷ ᠰᠠᠶᠢᠲᠠᠢ ᠵᠢᠱᠢᠶ᠎ᠡ ᠦᠵᠡᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠂ ︽ᠠᠷᠪᠠᠨ ᠮᠢᠩᠭᠠᠨ ᠮᠦ︾ ᠶᠢᠨ ᠣᠨᠴᠠᠯᠢᠭᠲᠤ ᠵᠢᠱᠢᠶ᠎ᠡ ᠦᠵᠡᠭᠦᠯᠬᠦ ᠲᠠᠷᠢᠮᠠᠯ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠱᠢ ᠳ᠋ᠡ ᠬᠥ᠋ ᠬᠠᠷ᠎ᠠ ᠳᠤᠯᠠᠨ ᠲᠠᠷᠪᠤᠰ︾ ᠤᠨ ᠨᠠᠷᠠᠲᠤ ᠲᠥᠷᠥᠯ ᠲᠡᠮᠳᠡᠭᠲᠦ ᠶᠢ ᠨᠡᠭᠡᠭᠡᠨ ᠬᠥᠭᠵᠢᠭᠦᠯᠵᠦ᠂ ᠨᠠᠷᠠᠲᠤ ᠰᠢᠯᠢᠳᠡᠭ ᠣᠨᠴᠠ ᠰᠢᠨ᠎ᠡ ᠢᠳᠡᠰᠢᠨ ᠨᠣᠭᠤᠭ᠎ᠠ ᠭᠤᠸᠠ ᠵᠢᠮᠢᠰ ᠤᠨ ᠲᠥᠷᠥᠯ ᠵᠦᠢᠯ ᠢ ᠨᠡᠮᠡᠭᠳᠡᠭᠦᠯᠦᠨ᠎ᠡ᠃ᠲᠣᠭᠠᠵᠢᠭᠤᠯᠤᠭᠰᠠᠨ ᠲᠠᠷᠢᠶᠠᠯᠠᠩ ᠤᠨ ᠠᠮᠢᠳᠤᠷᠠᠯ ᠤᠨ ᠣᠷᠳᠣᠨ ᠢ ᠠᠰᠢᠭᠯᠠᠨ᠂ ᠠᠵᠤ ᠠᠬᠤᠶᠢᠯᠠᠯ᠂ ᠬᠤᠷᠰᠢᠶ᠎ᠠ ᠶᠢ ᠵᠣᠬᠢᠶᠠᠨ ᠪᠠᠶᠢᠭᠤᠯᠤᠨ ᠲᠠᠷᠢᠶᠠᠯᠠᠩ ᠤᠨ ᠪᠦᠲᠦᠭᠡᠭᠳᠡᠬᠦᠨ ᠢ ᠰᠢᠭᠤᠳ ᠨᠠᠪᠲᠠᠷᠡᠭᠦᠯᠵᠦ ᠪᠠᠷᠠᠭ᠎ᠠ ᠠᠪᠴᠤ ᠶᠠᠪᠤᠬᠤ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠵᠦ᠂ ᠵᠠᠬ᠎ᠠ ᠳᠡᠯᠭᠡᠭᠦᠷ ᠢ ᠡᠵᠡᠯᠡᠬᠦ ᠨᠤᠷᠮ᠎ᠠ ᠶᠢ ᠳᠡᠭᠡᠭᠰᠢᠯᠡᠭᠦᠯᠦᠨ᠎ᠡ᠃ᠠᠵᠤ ᠦᠢᠯᠡᠰ ᠬᠥᠭᠵᠢᠨ ᠴᠡᠴᠡᠭᠯᠡᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠠᠮᠢᠳᠤᠷᠠᠯ ᠪᠠᠶᠠᠨ ᠴᠢᠨᠡᠭᠡᠯᠢᠭ ᠰᠠᠶᠢᠨ ᠰᠠᠶᠢᠬᠠᠨ ᠵᠢᠷᠤᠭ ᠤᠳ ᠳ᠋ᠦᠩ ᠡᡁᠸ ᠭᠤᠣᠯ ᠤᠨ ᠡᠬᠡ ᠭᠠᠵᠠᠷ ᠲᠤ ᠠᠯᠭᠤᠷᠬᠠᠨ ᠳᠡᠯᠭᠡᠭᠳᠡᠬᠦ ᠪᠣᠯᠣᠨ᠎ᠠ᠃ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠲᠠᠭᠤ ᠳᠠᠶᠢᠯᠠᠯᠳᠤᠭᠠᠨ ᠢ ᠰᠠᠶᠢᠨ ᠴᠣᠬᠢᠬᠤ      ᠳ᠋ᠦᠩ ᠾᠧ ᠲᠣᠭᠤᠷᠢᠭ ᠤᠨ ᠬᠢᠨ ᠠᠵᠤ ᠦᠢᠯᠡᠳᠪᠦᠷᠢ ᠶᠢᠨ ᠪᠣᠬᠢᠷᠳᠤᠯ ᠤᠨ ᠡᠬᠢ ᠶᠢ ᠭᠦᠨᠵᠡᠭᠡᠢ ᠵᠠᠰᠠᠬᠤ᠂ ᠭᠤᠣᠯ ᠨᠠᠭᠤᠷ ᠴᠥᠭᠦᠷᠥᠮ ᠢ ᠴᠡᠪᠡᠷᠯᠡᠬᠦ︽ᠳᠥᠷᠪᠡ ᠶᠢ ᠰᠠᠮᠠᠭᠤᠷᠠᠭᠤᠯᠬᠤ︾᠂ ᠬᠥᠷᠥᠰᠥ ᠰᠢᠷᠣᠢ ᠶᠢᠨ ᠪᠣᠬᠢᠷᠳᠤᠯ ᠤᠨ ᠡᠬᠢ ᠶᠢ ᠰᠡᠷᠭᠡᠶᠢᠯᠡᠨ ᠡᠵᠡᠮᠳᠡᠬᠦ ᠵᠡᠷᠭᠡ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠲᠡᠮᠦᠷ ᠮᠡᠲᠦ ᠬᠠᠲᠠᠭᠤ ᠠᠷᠭ᠎ᠠ ᠪᠠᠷᠢᠯ ᠢᠶᠠᠷ ᠬᠦᠴᠦᠲᠡᠢ ᠴᠣᠬᠢᠯᠲᠠ ᠥᠭᠴᠦ᠂ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ᠡᠭᠦᠨ ᠠᠴᠠ ᠭᠠᠳᠠᠨ᠎ᠠ᠂ ᠡᠮᠦᠨᠡᠲᠦ ᠲᠠᠩᠭᠢᠰ ᠤᠨ ᠴᠢᠭᠢᠭᠯᠢᠭ ᠭᠠᠵᠠᠷ ᠢ ᠬᠠᠮᠠᠭᠠᠯᠠᠨ ᠰᠡᠷᠭᠦᠭᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢ ᠾᠧ ᠭᠤᠣᠯ ᠤᠨ ᠠᠮᠢ ᠠᠬᠤᠢ ᠶᠢᠨ ᠵᠠᠰᠠᠯᠲᠠ ᠶᠢᠨ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠳᠠᠯᠠᠨ ᠬᠠᠷ᠎ᠠ ᠠᠭᠤᠯᠠ ᠶᠢᠨ ᠡᠮᠦᠨ᠎ᠡ ᠬᠥᠲᠥᠯ ᠤᠨ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ 1.1 ᠲᠦᠮᠡᠨ ᠮᠦ ᠠᠷᠠᠴᠢᠯᠠᠨ ᠪᠣᠶᠢᠵᠢᠭᠤᠯᠵᠤ ᠬᠠᠮᠢᠶᠠᠷᠤᠨ ᠲᠡᠵᠢᠭᠡᠬᠦ ᠶᠢ ᠬᠡᠷᠡᠭᠵᠢᠭᠦᠯᠦᠨ᠂ 1100 ᠮᠦ ᠮᠣᠳᠣ ᠳᠠᠷᠢᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠭᠠᠷ ᠤᠨ ᠶᠠᠰᠤ ᠴᠢᠨᠠᠷ ᠢ ᠰᠠᠶᠢᠵᠢᠷᠠᠭᠤᠯᠵᠤ᠂ ᠠᠭᠠᠷ ᠮᠠᠨᠳᠠᠯ ᠤᠨ ᠣᠷᠴᠢᠨ ᠠᠬᠤᠢ ᠶᠢᠨ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃
     ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠵᠤ᠂ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠬᠤᠣᠰ ᠡᠵᠡᠮᠳᠡᠯ ᠤᠨ ᠬᠡᠮᠵᠢᠶ᠎ᠡ ᠶᠢ ᠨᠠᠶᠢᠳᠠᠪᠤᠷᠢᠵᠢᠭᠤᠯᠤᠨ᠂ ︽ᠬᠤᠶᠠᠷ ᠥᠨᠳᠥᠷ︾ ᠤ ᠲᠥᠷᠥᠯ ᠵᠦᠢᠯ ᠢ ᠡᠷᠡᠰ ᠬᠤᠷᠢᠭᠯᠠᠵᠤ᠂ ᠠᠵᠤ ᠠᠬᠤᠶᠢᠯᠠᠯ ᠤᠨ ᠪᠣᠬᠢᠷᠳᠤᠯ ᠦᠭᠡᠢ ᠴᠠᠬᠢᠯᠭᠠᠨ ᠦᠢᠯᠡᠳᠪᠦᠷᠢᠯᠡᠬᠦ ᠨᠣᠷᠮ᠎ᠠ ᠶᠢ 21% ᠳᠤ ᠬᠦᠷᠦᠭᠦᠯᠵᠦ᠂ ᠪᠤᠭᠤᠲᠤ ᠶᠢᠨ ᠬᠥᠩᠭᠡᠨ ᠴᠠᠭᠠᠨ ᠤ ᠴᠠᠬᠢᠯᠭᠠᠨ ᠤ ᠦᠢᠯᠡᠳᠪᠦᠷᠢ ᠶᠢᠨ 1202 ᠮᠠᠰᠢᠨ ᠴᠣᠭᠴᠠᠯᠠᠪᠤᠷᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠨᠡᠭᠦᠷᠡᠰᠦᠲᠥ᠋ᠷᠥᠭᠴᠢ ᠡᠳ᠋ ᠤᠨ ᠬᠤᠪᠢᠶᠠᠷᠢ ᠦᠢᠯᠡᠳᠪᠦᠷᠢ ᠶᠢᠨ ᠲᠠᠰ ᠳᠡᠪᠰᠢᠭᠦᠯᠬᠦ ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠵᠦ᠂ ︽ᠬᠤᠲᠠ ᠶᠢᠨ ᠠᠭᠤᠷᠬᠠᠢ ᠶᠢᠨ ᠭᠠᠷᠤᠯᠲᠠ︾ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠤᠨ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠲᠤᠬᠠᠢ ᠶᠢᠨ ᠭᠠᠵᠠᠷ ᠲᠤᠨᠢ ᠤᠯᠠᠷᠢᠭᠤᠯᠤᠨ ᠠᠰᠢᠭᠯᠠᠬᠤ ᠨᠣᠷᠮ᠎ᠠ ᠶᠢ 85%  ᠠᠴᠠ ᠳᠡᠭᠡᠭᠰᠢ ᠳᠤ ᠬᠦᠷᠦᠭᠦᠯᠦᠨ᠎ᠡ᠃ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠬᠠᠲᠠᠭᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ
     ᠤᠯᠠᠨ ᠲᠦᠮᠡᠨ ᠤ ᠵᠣᠪᠠᠭᠤᠷᠢ ᠵᠦᠳᠡᠭᠦᠷᠢ ᠶᠢ ᠴᠢᠩᠭ᠎ᠠ ᠠᠩᠬᠠᠷᠴᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠬᠦᠴᠦᠯᠡᠨ ᠨᠡᠮᠡᠭᠳᠡᠭᠦᠯᠬᠦ ᠪᠣᠯ ᠳ᠋ᠦᠩ ᠾᠧ ᠲᠣᠭᠤᠷᠢᠭ ᠤᠨ ᠤᠷᠳᠤ ᠬᠤᠭᠤᠴᠠᠭ᠎ᠠ ᠪᠠᠷ ᠪᠠᠷᠢᠮᠲᠠᠯᠠᠭᠰᠠᠭᠠᠷ ᠢᠷᠡᠭᠰᠡᠨ ᠭᠤᠣᠯᠳᠠᠯᠭ᠎ᠠ ᠲᠠᠢ ᠠᠵᠢᠯ ᠪᠣᠯᠣᠨ᠎ᠠ᠃ᠡᠨᠡ ᠵᠢᠯ᠂ ᠳ᠋ᠦᠩ ᠾᠧ ᠲᠣᠭᠤᠷᠢᠭ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠬᠥᠯᠥᠰᠦᠨ ᠠᠵᠢᠯᠴᠢᠨ ᠵᠡᠷᠭᠡ ᠭᠤᠣᠯᠳᠠᠯᠭ᠎ᠠ  ᠲᠠᠢ ᠬᠥᠮᠥᠰ ᠤᠨ ᠠᠵᠢᠯ ᠣᠯᠬᠤ  ᠶᠢ ᠳᠡᠮᠵᠢᠬᠦ ᠰᠢᠰᠲ᠋ᠧᠮ ᠢ ᠢᠳᠡᠪᠬᠢᠲᠡᠢ ᠲᠡᠭᠦᠯᠳᠡᠷᠵᠢᠭᠦᠯᠵᠦ ᠂ ︽ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠠᠪᠤᠷᠠᠬᠤ ᠶᠣᠰᠣᠲᠠᠢ ᠶᠢ ᠨᠢ ᠪᠦᠬᠦᠨ ᠢ ᠠᠪᠤᠷᠠᠬᠤ︾ ᠶᠢ ᠪᠠᠷᠢᠮᠲᠠᠯᠠᠵᠤ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠥᠳᠡᠭᠡ ᠲᠣᠰᠬᠤᠨ ᠳᠤ ᠪᠦᠷᠬᠦᠭᠦᠯᠬᠦ ᠶᠢ ᠠᠬᠢᠭᠤᠯᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠨᠡᠩ ᠠᠮᠤᠷ ᠲᠦᠪᠰᠢᠨ ᠲᠥᠷᠥᠭᠳᠡᠯ ᠲᠠᠢ ᠫᠢᠩ ᠠᠨ ᠳ᠋ᠦᠩ ᠾᠧ ᠭᠤᠣᠯ ᠢ ᠪᠦᠲᠦᠭᠡᠨ ᠪᠠᠶᠢᠭᠤᠯᠵᠤ᠂ ᠠᠵᠢᠯ ᠣᠯᠭᠤᠯᠲᠠ ᠶᠢ ᠪᠠᠲᠤᠯᠠᠵᠤ ᠠᠷᠠᠳ ᠤᠨ ᠠᠮᠢᠳᠤᠷᠠᠯ ᠢ ᠪᠠᠲᠤᠯᠠᠬᠤ ᠡᠨᠡᠬᠦ︽ᠬᠠᠲᠠᠭᠤ ᠳᠠᠶᠢᠯᠠᠯᠳᠤᠭᠠᠨ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃      ᠳ᠋ᠦᠩ ᠾᠧ ᠲᠣᠭᠤᠷᠢᠭ ᠤᠨ ᠬᠢᠨ ᠥᠷᠯᠥᠭᠡ ᠦᠳᠡᠰᠢ ᠶᠢ ᠲᠡᠮᠡᠴᠡᠵᠦ᠂ ᠴᠢᠷᠮᠠᠶᠢᠨ ᠲᠡᠮᠡᠴᠡᠬᠦ ᠣᠪᠣᠷ ᠪᠠᠶᠢᠳᠠᠯ ᠢᠶᠠᠷ᠂ ᠵᠣᠷᠢᠭᠲᠠᠢ ᠪᠠᠷ ᠬᠢᠵᠦ ᠵᠣᠷᠢᠭᠲᠠᠢ ᠪᠠᠷ ᠬᠢᠵᠦ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ ᠦᠢᠯᠡᠳᠦᠯᠭᠡ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠪᠠᠷ ᠴᠢᠷᠮᠠᠶᠢᠵᠤ᠂ ᠭᠠᠷ ᠲᠠᠬᠢ ︽ᠪᠠᠷᠢᠯᠭ᠎ᠠ ᠶᠢᠨ ᠵᠢᠷᠤᠭ︾ ᠢ ᠡᠬᠡ ᠭᠠᠵᠠᠷ ᠤᠨ ︽ᠪᠣᠳᠠᠲᠤ ᠦᠵᠡᠮᠵᠢ ᠶᠢᠨ ᠵᠢᠷᠤᠭ︾ ᠪᠣᠯᠭᠠᠨ ᠬᠤᠪᠢᠷᠠᠭᠤᠯᠵᠤ᠂ ᠬᠠᠪᠤᠷ ᠤᠨ ᠳᠠᠷᠢᠭᠰᠠᠨ ᠦᠷ᠎ᠡ ᠶᠢ ᠬᠥᠭᠵᠢᠯᠲᠡ ᠶᠢᠨ ᠡᠯᠪᠡᠭ ᠪᠠᠶᠠᠯᠢᠭ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1