ᠭᠡᠷ ᠬᠤᠲᠠᠯᠠᠭᠠᠷ ᠢᠶᠠᠷ ᠢᠶᠠᠨ ᠬᠠᠭᠤᠴᠢᠨ ᠵᠢᠯ ᠢᠶᠠᠨ ᠦᠳᠡᠵᠦ᠂ ᠭᠡᠷ ᠬᠤᠲᠠᠯᠠᠭᠠᠷ ᠢᠶᠠᠷ ᠢᠶᠠᠨ ᠴᠠᠭᠠᠨ | ᠰᠠᠷ᠎ᠠ ᠪᠠᠨ ᠤᠭᠲᠤᠬᠤ ᠳᠤ᠂︽ᠳᠣᠲᠣᠭᠠᠳᠤ ᠶᠢ ᠬᠠᠮᠠᠭᠠᠯᠠᠬᠤ ᠬᠥᠬᠡ ᠥᠩᠭᠡ︾᠂︽ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠨᠣᠭᠤᠭᠠᠨ ᠥᠩᠭᠡ︾᠂︽ᠬᠠᠤᠯᠢ ᠬᠡᠷᠡᠭᠵᠢᠭᠦᠯᠬᠦ ᠬᠥᠬᠡ ᠥᠩᠭᠡ︾ ᠨᠢ ᠥᠪᠡᠷ ᠥᠪᠡᠷ ᠤᠨ ᠠᠵᠢᠯ ᠤᠨ | ᠪᠠᠶᠢᠷᠢ ᠳᠡᠭᠡᠷ᠎ᠡ ᠪᠠᠨ ᠬᠦᠴᠦ ᠪᠠᠨ ᠡᠷᠭᠦᠵᠦ᠂ ᠪᠠᠭ᠎ᠠ ᠭᠡᠷ ᠢᠶᠠᠨ ᠬᠠᠶᠠᠵᠤ ᠤᠯᠠᠨ ᠤ ᠲᠥᠯᠥᠭᠡ ᠵᠢᠳᠬᠦᠵᠦ᠂ | ᠬᠤᠳᠠ ᠶᠢᠨ ᠡᠮᠬᠢ ᠳᠢᠭᠯᠢᠮ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠪᠠᠶᠠᠷ ᠤᠨ ᠡᠳᠦᠷ ᠤᠨ | ᠦᠢᠯᠡᠴᠢᠯᠡᠭᠡ ᠶᠢᠨ︽ᠡᠭᠦᠳᠡ ᠪᠠᠨ ᠬᠠᠭᠠᠬᠤ ᠦᠭᠡᠢ︾ᠪᠠᠶᠢᠬᠤ ᠶᠢ ᠪᠠᠲᠤᠯᠠᠵᠤ᠂ ᠪᠠᠲᠤ ᠰᠠᠬᠢᠬᠤ᠂ ᠬᠠᠷᠢᠭᠤᠴᠠᠯᠭ᠎ᠠ | ᠡᠭᠦᠷᠭᠡᠯᠡᠬᠦ᠂ ᠬᠠᠷᠢᠭᠤᠴᠠᠯᠭ᠎ᠠ ᠡᠭᠦᠷᠭᠡᠯᠡᠬᠦ ᠪᠠ︽ᠪᠢ ᠠᠵᠢᠯ ᠤᠨ ᠪᠠᠶᠢᠷᠢ ᠳᠠᠭᠠᠨ ᠪᠠᠶᠢᠬᠤ︾ᠪᠣᠳᠠᠲᠤ | ᠠᠵᠢᠯᠯᠠᠭ᠎ᠠ ᠪᠠᠷ ᠢᠶᠠᠨ ᠲᠦᠭ ᠲᠦᠮᠡᠨ ᠠᠶᠢᠯ ᠡᠷᠦᠭᠡ ᠶᠢᠨ ᠠᠮᠤᠷ ᠠᠮᠤᠭᠤᠯᠠᠩ ᠢ ᠰᠠᠬᠢᠨ ᠬᠠᠮᠠᠭᠠᠯᠠᠵᠤ ᠪᠠᠶᠢᠯ᠎ᠠ᠃ | ︽ᠳᠣᠲᠣᠭᠠᠳᠤ ᠶᠢ ᠬᠠᠮᠠᠭᠠᠯᠠᠬᠤ ᠬᠦ᠋ᠬᠡ︾ | ᠴᠠᠭᠠᠨ ᠰᠠᠷ᠎ᠠ ᠶᠢ ᠨᠡᠩ ᠰᠠᠨᠠᠭ᠎ᠠ ᠠᠮᠤᠷ ᠪᠠᠶᠢᠯᠭᠠᠶ᠎ᠠ | ᠴᠠᠭᠠᠨ ᠰᠠᠷ᠎ᠠ ᠨᠢ ᠣᠯᠠᠩᠬᠢ ᠬᠥᠮᠥᠰ ᠲᠤ ᠠᠪᠴᠤ ᠬᠡᠯᠡᠪᠡᠯ᠂ ᠭᠡᠷ ᠬᠤᠲᠠᠯᠠᠭᠠᠷ ᠢᠶᠠᠷ ᠢᠶᠠᠨ ᠪᠠᠶᠠᠷ ᠬᠥᠷ ᠲᠠᠢ | ᠴᠤᠭᠯᠠᠬᠤ ᠴᠠᠭ ᠮᠥᠴᠡ ᠶᠢ ᠬᠠᠮᠲᠤ ᠪᠠᠷ ᠡᠳ᠋ᠯᠡᠬᠦ ᠶᠢ ᠬᠠᠷᠠᠭᠤᠯᠵᠤ ᠪᠠᠶᠢᠳᠠᠭ᠃ᠳ᠋ᠦᠩ ᠾᠧ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠪᠦᠬᠦ ᠠᠷᠠᠳ ᠤᠨ ᠲᠤᠰᠠᠯᠠᠬᠤ ᠴᠠᠭᠳᠠᠭ᠎ᠠ ᠶᠢᠨ ᠬᠢᠨ | ᠡᠳᠦᠷ ᠰᠥᠨᠢ ᠦᠭᠡᠢ ᠠᠵᠢᠯ ᠤᠨ ᠪᠠᠶᠢᠷᠢ ᠪᠠᠨ ᠪᠠᠲᠤ ᠰᠠᠬᠢᠵᠤ᠂ ᠠᠷᠠᠳ ᠤᠯᠠᠨ ᠤ ᠠᠮᠤᠷ ᠠᠮᠤᠭᠤᠯᠠᠩ ᠵᠣᠯ | ᠵᠢᠷᠭᠠᠯ ᠢ ᠰᠠᠬᠢᠨ ᠬᠠᠮᠠᠭᠠᠯᠠᠵᠤ ᠪᠠᠶᠢᠯ᠎ᠠ᠃ | | | ︽ᠪᠠᠶᠠᠷ ᠤᠨ ᠡᠳᠦᠷ ᠤᠨ ᠬᠤᠭᠤᠴᠠᠭᠠᠨ ᠳᠤ ᠪᠢᠳᠡᠨ ᠤ ᠰᠡᠳᠬᠢᠯ ᠤᠨ ᠬᠥᠪᠴᠢ ᠶᠢ ᠤᠯᠠᠮ ᠴᠢᠩᠭᠠᠯᠠᠵᠤ᠂ | ᠭᠡᠨᠡᠳᠲᠡ ᠶᠢᠨ ᠴᠠᠭᠳᠠᠭᠠᠨ ᠤ ᠪᠠᠶᠢᠳᠠᠯ ᠢ ᠲᠡᠷᠡ ᠳᠠᠷᠤᠢ ᠳᠤᠨᠢ ᠰᠢᠢᠳᠪᠦᠷᠢᠯᠡᠬᠦ ᠪᠠᠷ ᠪᠠᠷᠠᠬᠤ ᠦᠭᠡᠢ ᠪᠠᠰᠠ | ᠰᠡᠷᠡᠮᠵᠢ ᠶᠢᠨ ᠳᠣᠬᠢᠶ᠎ᠠ ᠶᠢ ᠨᠡᠮᠡᠭᠳᠡᠭᠦᠯᠬᠦ ᠬᠡᠷᠡᠭᠲᠡᠢ᠂ ᠢᠩᠭᠢᠪᠡᠯ ᠰᠠᠶ᠋ᠢ ᠣᠯᠠᠨ ᠲᠦᠮᠡᠨ ᠤ ᠰᠡᠳᠬᠢᠯ ᠢ ᠨᠡᠩ | ᠯᠠᠪᠳᠠᠭᠤᠨ ᠲᠣᠭᠲᠠᠭᠤᠨ ᠪᠣᠯᠭᠠᠵᠤ ᠴᠢᠳᠠᠨ᠎ᠠ᠃ ᠪᠢ ᠬᠠᠮᠲᠤ ᠠᠵᠢᠯᠯᠠᠭᠰᠠᠳ ᠲᠠᠢ ᠪᠠᠨ ᠡᠶᠢᠮᠦ ᠠᠵᠢᠯ ᠤᠨ | ᠠᠶᠢᠵᠠᠮ ᠳᠤ ᠠᠯᠢ ᠡᠷᠲᠡ ᠳᠠᠳᠤᠭᠰᠠᠨ ᠶᠤᠮ᠂ ᠣᠯᠠᠨ ᠲᠦᠮᠡᠨ ᠤ ᠠᠮᠤᠷ ᠲᠠᠶᠢᠪᠤᠩ ᠢᠶᠠᠷ ᠰᠢᠨᠡᠯᠡᠬᠦ ᠶᠢ ᠰᠠᠬᠢᠨ | ᠬᠠᠮᠠᠭᠠᠯᠠᠵᠤ ᠴᠢᠳᠠᠳᠠᠭ ᠯᠠ ᠶᠤᠮ ᠪᠣᠯ ᠠᠯᠢᠪᠠ ᠪᠦᠬᠦᠨ ᠴᠥᠮ ᠪᠡᠨ᠎ᠡ ᠲᠠᠢ ᠶᠤᠮ︾᠃ ᠭᠡᠵᠦ ᠸᠢᠺᠲ᠋ᠤᠷᠢ | ᠲᠠᠯᠠᠪᠠᠢ ᠳᠤ ᠲᠣᠭᠤᠷᠢᠨ ᠴᠠᠭᠳᠠᠵᠤ ᠪᠠᠶᠢᠭ᠎ᠠ ᠣᠨᠴᠠ ᠴᠠᠭᠳᠠᠭ᠎ᠠ ᠶᠢᠨ ᠠᠩᠭᠢ ᠶᠢᠨ ᠬᠢᠨ ᠬᠡᠯᠡᠪᠡ᠃ | | | | | ᠣᠶᠢᠯᠠᠭᠠᠭᠰᠠᠨ ᠢᠶᠠᠷ᠂ ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ ᠶᠢᠨ ᠬᠢᠨ ᠬᠥᠭᠵᠢᠶᠡᠨ ᠨᠠᠷᠭᠢᠶᠠᠨ ᠲᠠᠢ ᠵᠠᠮ ᠤᠨ ᠬᠡᠰᠡᠭ᠂ ᠬᠤᠳᠠᠯᠳᠤᠭᠠᠨ ᠤ ᠲᠠᠯᠠᠪᠤᠷ᠂ ᠬᠥᠮᠥᠨ ᠬᠠᠷ᠎ᠠ | ᠨᠢᠭᠲᠠᠷᠠᠨ ᠴᠤᠭᠯᠠᠷᠠᠭᠰᠠᠨ ᠣᠷᠣᠨ ᠪᠦᠰᠡ ᠵᠡᠷᠭᠡ ᠭᠤᠣᠯᠳᠠᠯᠭ᠎ᠠ ᠲᠠᠢ ᠭᠠᠵᠠᠷ ᠲᠤ ᠲᠣᠭᠤᠷᠢᠨ ᠴᠠᠭᠳᠠᠵᠤ ᠰᠡᠷᠭᠡᠶᠢᠯᠡᠨ | ᠡᠵᠡᠮᠳᠡᠬᠦ ᠠᠵᠢᠯ ᠢ ᠴᠢᠩᠭᠠᠳᠬᠠᠵᠤ᠂ ︽ᠡᠳᠦᠷ ᠪᠣᠯᠭᠠᠨ ᠳᠤ ᠴᠠᠭᠳᠠᠭ᠎ᠠ ᠲᠠᠢ ᠠᠭᠤᠯᠵᠠᠵᠤ᠂ ᠰᠥᠨᠢ ᠪᠣᠯᠭᠠᠨ ᠳᠤ | ᠴᠠᠭᠳᠠᠭ᠎ᠠ ᠶᠢᠨ ᠳ᠋ᠧᠩ ᠲᠠᠢ ᠠᠭᠤᠯᠵᠠᠬᠤ︾ ᠶᠢ ᠪᠡᠶᠡᠯᠡᠭᠦᠯᠵᠦ᠂ ᠵᠡᠭᠡᠯᠢ ᠳᠡᠭᠡᠷ᠎ᠡ ᠴᠠᠭᠳᠠᠭ᠎ᠠ ᠶᠢᠨ ᠳᠣᠬᠢᠶ᠎ᠠ ᠶᠢᠨ | ᠨᠣᠷᠮ᠎ᠠ᠂ ᠬᠡᠷᠡᠭ ᠶᠠᠪᠤᠳᠠᠯ ᠢ ᠬᠠᠮᠢᠶᠠᠷᠬᠤ ᠨᠣᠷᠮ᠎ᠠ ᠶᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠬᠠᠤᠯᠢ ᠶᠢ | ᠵᠥᠷᠢᠴᠡᠭᠰᠡᠨ ᠶᠠᠯᠠᠲᠤ ᠬᠡᠷᠡᠭ ᠡᠭᠦᠰᠬᠦ ᠶᠢ ᠪᠥᠬᠦ ᠲᠠᠯ᠎ᠠ ᠪᠠᠷ ᠰᠡᠷᠭᠡᠶᠢᠯᠡᠨ ᠬᠤᠷᠢᠭᠯᠠᠨ᠎ᠠ᠃ᠡᠭᠦᠨ ᠤ ᠵᠡᠷᠭᠡ ᠳᠤ ᠳ᠋ᠦᠩ | ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠪᠠᠰᠠ ᠰᠦᠷᠳᠡᠭᠦᠯᠦᠯ ᠢ ᠡᠰᠡᠷᠭᠦᠴᠡᠬᠦ | ᠪᠠ ᠣᠨᠴᠠᠭᠠᠶ ᠲᠣᠭᠤᠷᠢᠨ ᠴᠠᠭᠳᠠᠬᠤ ᠴᠠᠭᠳᠠᠭ᠎ᠠ ᠶᠢᠨ ᠶᠡᠭᠡ ᠠᠩᠭᠢ ᠶᠢᠨ ︽ᠬᠤᠶᠠᠷ ᠥᠷᠲᠡᠭᠡ ᠨᠢᠭᠡ ᠲᠠᠯᠠᠪᠤᠷ︾ | ᠤᠨ ᠲᠣᠭᠤᠷᠢᠨ ᠴᠠᠭᠳᠠᠬᠤ ᠦᠢᠯᠡᠴᠢᠯᠡᠭᠡ ᠶᠢ ᠴᠢᠩᠭᠠᠳᠬᠠᠵᠤ᠂ ᠲᠡᠷᠭᠡ ᠪᠠᠷ ᠲᠣᠭᠤᠷᠢᠨ ᠴᠠᠭᠳᠠᠬᠤ᠂ ᠶᠠᠪᠠᠭᠠᠨ | ᠴᠠᠭ ᠢᠶᠠᠷ ᠲᠣᠭᠤᠷᠢᠨ ᠪᠠᠶᠢᠴᠠᠭᠠᠬᠤ ᠶᠢ ᠤᠶᠠᠯᠳᠤᠭᠤᠯᠬᠤ ᠬᠡᠯᠪᠡᠷᠢ ᠪᠠᠷ ᠵᠡᠪᠰᠡᠭᠲᠦ ᠴᠠᠭᠳᠠᠯᠲᠠ ᠶᠢ ᠥᠷᠨᠢᠭᠦᠯᠵᠦ᠂ | ᠲᠡᠷᠡ ᠳᠠᠷᠤᠢ ᠳᠤᠨᠢ ᠲᠤᠰᠬᠠᠯ ᠭᠠᠷᠭᠠᠵᠤ᠂ ᠲᠡᠷᠡ ᠳᠠᠷᠤᠢ ᠳᠤᠨᠢ ᠬᠦᠷᠴᠦ᠂ ᠲᠡᠷᠡ ᠳᠠᠷᠤᠢ ᠳᠤᠨᠢ ᠰᠢᠢᠳᠪᠦᠷᠢᠯᠡᠬᠦ | ᠶᠢ ᠪᠠᠲᠤᠯᠠᠭᠰᠠᠨ ᠪᠠᠶᠢᠨ᠎ᠠ᠃ᠴᠠᠭᠠᠨ ᠰᠠᠷ᠎ᠠ ᠶᠢᠨ ᠬᠤᠭᠤᠴᠠᠭᠠᠨ ᠳᠤ᠂ ᠳ᠋ᠦᠩ ᠾᠧ ᠲᠣᠭᠤᠷᠢᠭ ᠤᠨ ᠳᠣᠲᠣᠭᠠᠳᠤ ᠶᠢ | ᠬᠠᠮᠠᠭᠠᠯᠠᠬᠤ ᠬᠤᠪᠢᠶᠠᠷᠢ ᠲᠣᠪᠴᠢᠶ᠎ᠠ ᠨᠡᠶᠢᠳᠡ 154 ᠬᠥᠮᠥᠨ ᠤᠳᠠᠭ᠎ᠠ᠂ ᠴᠠᠭᠳᠠᠭᠠᠨ ᠤ ᠲᠡᠷᠭᠡ 84 ᠤᠳᠠᠭ᠎ᠠ᠂ | ᠠᠪᠤᠷᠠᠨ ᠲᠤᠰᠠᠯᠠᠬᠤ ᠲᠦᠷᠦᠯ᠂ ᠤᠯᠠᠨ ᠲᠦᠮᠡᠨ ᠳᠤ ᠦᠢᠯᠡᠴᠢᠯᠡᠬᠦ ᠲᠦᠷᠦᠯ ᠢ 29 ᠬᠥᠳᠡᠯᠭᠡᠵᠦ᠂ ᠴᠠᠬᠢᠯᠭᠠᠨ | ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠵᠢᠴᠢ ᠰᠦᠷᠳᠡᠭᠦᠯᠦᠯ ᠢ ᠡᠰᠡᠷᠭᠦᠴᠡᠬᠦ ᠮᠡᠳᠡᠯᠭᠡ ᠶᠢ 257 ᠬᠥᠮᠥᠨ ᠤᠳᠠᠭ᠎ᠠ | ᠤᠬᠠᠭᠤᠯᠪᠠ᠃ᠭᠡᠷ ᠬᠤᠲᠠᠯᠠᠭᠠᠷ ᠢᠶᠠᠷ ᠢᠶᠠᠨ ᠬᠤᠷᠠᠨ ᠴᠤᠭᠯᠠᠷᠠᠵᠤ᠂ ᠳᠠᠶᠠᠩ ᠳᠡᠯᠡᠬᠡᠢ ᠪᠠᠷ ᠢᠶᠠᠨ ᠪᠠᠶᠠᠷᠯᠠᠨ ᠪᠡᠯᠭᠡᠯᠡᠵᠦ | ᠪᠠᠶᠢᠭ᠎ᠠ ᠴᠠᠭᠠᠨ ᠰᠠᠷ᠎ᠠ ᠶᠢᠨ ᠪᠠᠶᠠᠷ ᠤᠨ ᠡᠳᠦᠷ ᠲᠤ᠂ ᠦᠨᠡᠨᠴᠢ ᠰᠢᠳᠤᠷᠭᠤ ᠪᠠᠷ ᠠᠵᠢᠯ ᠤᠨ ᠪᠠᠶᠢᠷᠢ ᠳᠠᠭᠠᠨ ᠵᠢᠳᠬᠦᠵᠦ᠂ | ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠯᠠᠨ ᠳᠤ ᠠᠮᠤᠷ ᠠᠮᠤᠭᠤᠯᠠᠩ ᠠᠮᠤᠷ ᠠᠮᠤᠭᠤᠯᠠᠩ ᠣᠷᠴᠢᠨ ᠲᠣᠭᠤᠷᠢᠨ ᠢ | ᠪᠤᠢ ᠪᠣᠯᠭᠠᠵᠤ᠂ ᠠᠷᠠᠳ ᠤᠯᠠᠨ ᠳᠤ ᠬᠠᠮᠤᠭ ᠤᠨ ᠰᠠᠶᠢᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃ | ︽ᠣᠷᠴᠢᠨ ᠲᠣᠭᠤᠷᠢᠨ ᠤ ᠠᠷᠢᠭᠤᠨ ᠴᠡᠪᠡᠷ ᠤᠨ ᠨᠣᠭᠤᠭᠠᠨ ᠥᠩᠭᠡ︾ | ᠴᠠᠭᠠᠨ ᠰᠠᠷ᠎ᠠ ᠶᠢ ᠨᠡᠩ ᠠᠷᠢᠭᠤᠨ ᠴᠡᠪᠡᠷ ᠪᠣᠯᠭᠠᠶ᠎ᠠ | ᠪᠠᠶᠠᠷ ᠳᠤᠷᠠᠰᠬᠠᠯ ᠤᠨ ᠡᠳᠦᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠤᠯᠠᠮ ᠴᠡᠪᠡᠷ ᠲᠡᠭᠰᠢ | ᠪᠣᠯᠭᠠᠬᠤ ᠶᠢᠨ ᠲᠥᠯᠥᠭᠡ᠂ ᠲᠡᠳᠡ ᠬᠠᠬᠢᠷ ᠬᠦᠢᠲᠡᠨ ᠢ ᠬᠠᠶᠢᠬᠤᠷᠤᠯ ᠦᠭᠡᠢ ᠪᠠᠷ ᠵᠡᠭᠡᠯᠢ ᠭᠤᠳᠤᠮᠵᠢ ᠪᠠᠷ | ᠰᠦᠯᠵᠢᠯᠳᠦᠨ᠂ ᠰᠢᠷᠭᠠᠭᠤ ᠬᠥᠳᠡᠯᠮᠦᠷᠢ ᠪᠠ ᠬᠦᠴᠦ ᠬᠥᠯᠥᠰᠦ ᠪᠠᠷ ᠢᠶᠠᠨ ᠦᠵᠡᠰᠬᠦᠯᠡᠩᠲᠦ ᠰᠠᠶᠢᠬᠠᠨ ᠭᠡᠷ | ᠣᠷᠣᠨ ᠢᠶᠠᠨ ︽ᠰᠠᠬᠢᠨ ᠬᠠᠮᠠᠭᠠᠯᠠᠵᠤ︾ ᠪᠠᠶᠢᠳᠠᠭ᠂ ᠲᠡᠳᠡ ᠪᠣᠯ ᠳᠠᠷᠤᠢ ︽ᠬᠤᠲᠠ ᠶᠢᠨ ᠵᠢᠰᠦ ᠭᠤᠶᠣᠯᠠᠭᠴᠢ︾ | ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠶᠤᠮ᠃ | ︽ᠴᠠᠭᠠᠨ ᠰᠠᠷ᠎ᠠ ᠶᠢᠨ ᠬᠤᠭᠤᠴᠠᠭᠠᠨ ᠳᠤ ᠲᠡᠷᠭᠡ ᠬᠥᠰᠬᠡ᠂ ᠬᠥᠮᠥᠨ ᠤ ᠲᠤᠭ᠎ᠠ ᠣᠯᠠᠰᠢᠷᠠᠵᠤ᠂ ᠬᠤᠭ | ᠨᠣᠪᠰᠢ ᠴᠤ ᠨᠡᠯᠢᠶᠡᠳ ᠠᠷᠪᠢᠨ ᠭᠠᠷᠳᠠᠭ ᠪᠣᠯᠬᠤᠷ ᠪᠢᠳᠡ ᠠᠷᠢᠭᠤᠨ ᠴᠡᠪᠡᠷ ᠢ ᠬᠠᠮᠠᠭᠠᠯᠠᠬᠤ ᠬᠦᠴᠦᠨ ᠢᠶᠠᠨ | ᠴᠢᠩᠭᠠᠳᠬᠠᠬᠤ ᠬᠡᠷᠡᠭᠲᠡᠢ︾᠃ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠤ ᠥᠷᠯᠥᠭᠡ᠂ ᠣᠯᠠᠩᠬᠢ ᠬᠥᠮᠥᠰ | ᠵᠡᠭᠦᠳᠦᠨ ᠳᠡᠭᠡᠨ ᠰᠣᠭᠲᠣᠭᠤᠷᠠᠵᠤ ᠪᠠᠶᠢᠭᠰᠠᠨ ᠦᠶ᠎ᠡ ᠳᠤ᠂ ᠸᠠᠩ ᠵᠢᠶᠦ᠋ᠨ ᠱᠧᠩ ᠥᠪᠡᠷ ᠤᠨ ᠬᠠᠷᠢᠭᠤᠴᠠᠵᠤ | ᠪᠠᠶᠢᠭᠰᠠᠨ ᠭᠠᠵᠠᠷ ᠣᠷᠣᠨ ᠳᠠᠭᠠᠨ ᠴᠡᠪᠡᠷᠯᠡᠬᠦ ᠠᠵᠢᠯ ᠢᠶᠠᠨ ᠡᠬᠢᠯᠡᠭᠦᠯᠵᠡᠢ᠃ᠣᠶᠢᠯᠠᠭᠠᠭᠰᠠᠨ ᠢᠶᠠᠷ᠂ ᠡᠨᠡ ᠵᠢᠯ ᠪᠣᠯ | ᠲᠡᠭᠦᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠬᠢᠭᠰᠡᠨ ᠲᠠᠪᠤᠳᠠᠭᠢ ᠵᠢᠯ ᠪᠣᠯᠣᠨ᠎ᠠ᠂ ᠡᠲᠡᠭᠡᠷ | ᠵᠢᠯ ᠤᠳ ᠲᠤ ᠲᠡᠷᠡ ᠡᠳᠦᠷ ᠪᠦᠷᠢ ᠡᠷᠲᠡ ᠭᠠᠷᠴᠤ ᠣᠷᠣᠢ ᠬᠠᠷᠢᠵᠤ᠂ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠠᠵᠢᠯ ᠤᠨ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠨ᠎ᠠ᠃ | | | ︽ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠢ ᠰᠣᠩᠭᠤᠭᠰᠠᠨ ᠪᠣᠯᠬᠤᠷ ᠣᠯᠠᠨ ᠳᠤ ᠴᠡᠪᠡᠷ | ᠲᠡᠭᠰᠢ᠂ ᠭᠤᠶᠣ ᠰᠠᠶᠢᠬᠠᠨ ᠲᠠᠭᠠᠯᠠᠮᠵᠢᠲᠠᠢ ᠣᠷᠴᠢᠨ ᠲᠣᠭᠤᠷᠢᠨ ᠢ ᠴᠢᠷᠮᠠᠶᠢᠨ ᠪᠤᠶ ᠪᠣᠯᠭᠠᠵᠤ ᠥᠭᠬᠦ ᠬᠡᠷᠡᠭᠲᠡᠢ᠂ | ᠬᠤᠲᠠ ᠶᠢᠨ ᠠᠷᠠᠳ ᠤᠳ ᠴᠡᠪᠡᠷ ᠲᠡᠭᠰᠢ ᠵᠠᠮ ᠢᠶᠠᠷ ᠶᠠᠪᠤᠵᠤ ᠪᠠᠶᠢᠬᠤ ᠶᠢ ᠬᠠᠷᠠᠪᠠᠯ ᠮᠢᠨᠤ ᠰᠡᠳᠬᠢᠯ ᠰᠠᠨᠠᠭ᠎ᠠ ᠮᠠᠰᠢ | ᠰᠠᠶᠢᠨ ᠪᠣᠯᠣᠨ᠎ᠠ︾᠃ ᠦᠭᠡ ᠶᠠᠷᠢᠶᠠᠨ ᠤ ᠳᠤᠮᠳᠠ ᠪᠠᠨ ᠸᠠᠩ ᠵᠢᠶᠦ᠋ᠨ ᠱᠧᠩ ᠤᠨ ᠴᠢᠷᠠᠢ ᠳᠤ ᠠᠮᠵᠢᠯᠲᠠ ᠶᠢᠨ | ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢᠶᠠᠷ ᠳᠦᠭᠦᠷᠴᠡᠢ᠃ | ︽ᠬᠠᠤᠯᠢ ᠬᠡᠷᠡᠭᠵᠢᠭᠦᠯᠦᠯᠲᠡ ᠶᠢᠨ ᠬᠦ᠋ᠬᠡ︾ | ᠴᠠᠭᠠᠨ ᠰᠠᠷ᠎ᠠ ᠶᠢ ᠨᠡᠩ ᠡᠮᠬᠢ ᠳᠢᠭᠯᠢᠮ ᠲᠠᠢ ᠪᠣᠯᠭᠠᠶ᠎ᠠ | ᠡᠶᠢᠮᠦ ᠨᠢᠭᠡ ᠪᠦᠯᠦᠭ ᠬᠥᠮᠥᠰ ᠢᠮᠠᠭᠲᠠ ᠠᠵᠢᠯ ᠤᠨ ᠪᠠᠶᠢᠷᠢ ᠳᠡᠭᠡᠷ᠎ᠡ ᠪᠠᠨ ᠪᠠᠲᠤ ᠰᠠᠬᠢᠵᠤ᠂ ︽ᠬᠠᠤᠯᠢ | ᠬᠡᠷᠡᠭᠵᠢᠭᠦᠯᠬᠦ ᠬᠥᠬᠡ ᠥᠩᠭᠡ︾ ᠪᠠᠷ ᠬᠤᠳᠠ ᠶᠢᠨ ᠡᠯ᠎ᠡ ᠥᠨᠴᠥᠭ ᠪᠤᠯᠤᠩ ᠢᠶᠠᠷ ᠰᠦᠯᠵᠢᠯᠳᠦᠵᠦ᠂ ᠳᠡᠳᠡᠨ ᠤ ᠠᠵᠢᠯ | ᠳᠠᠰᠤᠷᠠᠯᠳᠠ ᠦᠭᠡᠢ ᠦᠷᠭᠦᠯᠵᠢᠯᠡᠵᠦ᠂ ᠬᠠᠮᠢᠶᠠᠷᠤᠯᠲᠠ ᠨᠢ ᠵᠣᠭᠰᠣᠰᠢ ᠦᠭᠡᠢ ᠪᠠᠶᠢᠵᠤ᠂ ᠥᠷᠭᠡᠨ ᠤᠯᠠᠨ ᠬᠤᠳᠠ ᠶᠢᠨ | ᠠᠷᠠᠳ ᠲᠦᠮᠡᠨ ᠳᠤ ᠦᠨᠡᠨ ᠰᠡᠳᠬᠢᠯᠭᠡ ᠪᠠᠷ ᠦᠢᠯᠡᠴᠢᠯᠡᠵᠦ᠂ ᠦᠢᠯᠡ ᠠᠵᠢᠯᠯᠠᠭ᠎ᠠ ᠪᠠᠷ ᠢᠶᠠᠨ ︽ᠨᠢᠭᠡ ᠭᠡᠷ ᠨᠢ | ᠲᠥᠭᠦᠷᠢᠭ ᠦᠭᠡᠢ ᠪᠣᠯ ᠲᠦᠮᠡᠨ ᠭᠡᠷ ᠨᠢ ᠲᠥᠭᠦᠷᠢᠭ︾ ᠢ ᠲᠠᠶᠢᠯᠪᠤᠷᠢᠯᠠᠵᠤ᠂ ᠬᠤᠳᠠ ᠶᠢᠨ ᠠᠷᠠᠳ ᠤᠨ ᠰᠡᠳᠬᠢᠯ | ᠳᠤᠯᠠᠭᠠᠴᠠᠩᠭᠤᠢ᠂ ᠠᠮᠤᠷ ᠲᠦᠪᠰᠢᠨ ᠵᠣᠯ ᠵᠢᠷᠭᠠᠯᠲᠤ ᠵᠢᠯ ᠢ ᠪᠦᠬᠦ ᠬᠦᠴᠦᠨ ᠢᠶᠠᠷ ᠢᠶᠠᠨ ᠪᠠᠲᠤᠯᠠᠭᠰᠠᠨ ᠪᠠᠶᠢᠨ᠎ᠠ᠃ | | | | | ︽ᠴᠠᠭᠠᠨ ᠰᠠᠷ᠎ᠠ ᠶᠢᠨ ᠬᠤᠭᠤᠴᠠᠭᠠᠨ ᠳᠤ ᠬᠥᠮᠥᠨ ᠤ ᠲᠤᠭ᠎ᠠ ᠶᠡᠭᠡ ᠪᠣᠯᠬᠤᠷ ᠶᠡᠭᠡ ᠬᠡᠮᠵᠢᠶᠡᠨ ᠤ ᠲᠠᠸᠠᠷ ᠢ | ᠵᠠᠰᠠᠮᠠᠯ ᠵᠠᠮ ᠤᠨ ᠬᠠᠵᠠᠭᠤ ᠳᠤ ᠲᠠᠯᠪᠢᠪᠠᠯ ᠠᠳᠡᠯ ᠠᠮᠠᠷᠬᠠᠨ ᠭᠠᠷᠳᠠᠭ᠂ ᠶᠠᠪᠠᠭᠠᠨ ᠬᠥᠮᠥᠨ ᠪᠣᠯᠣᠨ ᠲᠡᠷᠭᠡ ᠬᠥᠰᠬᠡ | ᠶᠢᠨ ᠬᠡᠪ ᠤᠨ ᠶᠣᠰᠣᠭᠠᠷ ᠨᠡᠪᠲᠡᠷᠡᠬᠦ ᠶᠢ ᠨᠥᠯᠥᠭᠡᠯᠡᠬᠦ ᠠᠴᠠ ᠵᠠᠶᠢᠯᠠᠰᠬᠢᠬᠦ ᠶᠢᠨ ᠲᠤᠰᠠᠳᠠ ᠲᠠᠸᠠᠷ ᠢ ᠳᠡᠯᠭᠡᠭᠦᠷ ᠲᠤ | ᠠᠪᠠᠴᠢᠵᠤ ᠬᠤᠳᠠᠯᠳᠤᠭᠠᠷᠠᠢ︾᠃ ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠨ ᠲᠣᠭᠤᠷᠢᠨ ᠴᠠᠭᠳᠠᠬᠤ ᠳᠤᠮᠳᠠ ᠪᠠᠨ | ᠨᠢᠭᠡᠨ ᠵᠠᠮ ᠡᠵᠡᠯᠡᠨ ᠡᠵᠡᠩᠨᠡᠵᠦ ᠪᠠᠶᠢᠭ᠎ᠠ ᠬᠤᠳᠠᠯᠳᠤᠭᠠᠨ ᠤ ᠳᠡᠯᠭᠡᠭᠦᠷ ᠤᠨ ᠡᠵᠡᠨ ᠳᠤ ᠬᠡᠯᠡᠪᠡ᠃ᠬᠠᠤᠯᠢ | ᠬᠡᠷᠡᠭᠵᠢᠭᠦᠯᠬᠦ ᠠᠩᠭᠢ ᠶᠢᠨ ᠭᠡᠰᠢᠭᠦᠳ ᠤᠨ ᠢᠳᠬᠠᠯᠭ᠎ᠠ ᠪᠠᠷ᠂ ᠬᠤᠳᠠᠯᠳᠤᠭᠠᠨ ᠤ ᠳᠡᠯᠭᠡᠭᠦᠷ ᠤᠨ ᠡᠵᠡᠨ ᠡᠭᠦᠨ ᠢ ᠮᠠᠰᠢ | ᠣᠶᠢᠯᠠᠭᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠢᠳᠡᠪᠬᠢᠲᠡᠢ ᠪᠠᠷ ᠬᠠᠮᠵᠢᠯᠴᠠᠨ ᠴᠡᠭᠴᠡᠯᠡᠨ ᠵᠠᠰᠠᠪᠠ᠃ᠬᠤᠳᠠ ᠶᠢᠨ | ᠳᠦᠷᠰᠦ ᠪᠠᠶᠢᠳᠠᠯ ᠴᠡᠪᠡᠷ ᠲᠡᠭᠰᠢ ᠡᠮᠬᠢ ᠳᠢᠭᠯᠢᠮ ᠲᠠᠢ ᠪᠠᠶᠢᠬᠤ ᠶᠢ ᠬᠠᠮᠠᠭᠠᠯᠠᠬᠤ ᠪᠣᠯ ᠲᠡᠳᠡᠨ ᠤ ᠭᠤᠣᠯ ᠠᠵᠢᠯ | ᠪᠣᠯᠣᠨ᠎ᠠ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠣᠯᠬᠤ ᠲᠤᠳᠤᠮ ᠲᠡᠳᠡ ᠤᠯᠠᠨ ᠨᠡᠶᠢᠲᠡ ᠶᠢᠨ ᠲᠠᠯᠠᠪᠤᠷ ᠲᠤ | ᠵᠠᠮ ᠡᠵᠡᠯᠡᠨ ᠡᠵᠡᠩᠨᠡᠬᠦ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ᠂ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠵᠡᠷᠭᠡ ᠠᠰᠠᠭᠤᠳᠠᠯ ᠢ ᠤᠯᠠᠮ ᠨᠠᠷᠢᠨ ᠨᠢᠮᠪᠠᠢ ᠬᠢᠨᠠᠨ ᠬᠠᠮᠢᠶᠠᠷᠳᠠᠭ᠃ | ᠣᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠬᠠᠷᠢᠶ᠎ᠠ ᠣᠷᠣᠨ ᠤ ᠠᠮᠤᠷ ᠲᠦᠪᠰᠢᠨ ᠪᠣᠯᠣᠨ ᠬᠤᠲᠠ ᠶᠢᠨ | ᠣᠷᠴᠢᠨ ᠲᠣᠭᠤᠷᠢᠨ ᠤ ᠡᠮᠬᠢ ᠳᠢᠭᠯᠢᠮ ᠢ ᠪᠠᠲᠤᠯᠠᠬᠤ ᠶᠢᠨ ᠲᠥᠯᠥᠭᠡ᠂ ᠥᠷᠭᠡᠨ ᠤᠯᠠᠨ ᠬᠤᠳᠠ ᠶᠢᠨ ᠠᠷᠠᠳ ᠢ | ᠠᠮᠤᠷ ᠲᠦᠪᠰᠢᠨ ᠥᠯᠵᠡᠢ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠵᠦ᠂ ᠳ᠋ᠦᠩ ᠾᠧ ᠲᠣᠭᠤᠷᠢᠭ ᠤᠨ | ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠡᠶᠢᠳᠡ 50 ᠰᠠᠤᠷᠢ ᠮᠠᠰᠢᠨ | ᠲᠡᠷᠭᠡ᠂ 200 ᠭᠠᠷᠤᠢ ᠬᠠᠤᠯᠢ ᠬᠡᠷᠡᠭᠵᠢᠭᠦᠯᠬᠦ ᠠᠵᠢᠯᠲᠠᠨ ᠢ ᠬᠥᠳᠡᠯᠭᠡᠵᠦ᠂ ᠬᠤᠳᠠ ᠶᠢᠨ ᠲᠣᠭᠤᠷᠢᠭ ᠤᠨ ᠠᠷᠠᠳ ᠲᠤ | ᠲᠦᠬᠦᠮ ᠦᠵᠡᠭᠦᠯᠬᠦ ᠵᠠᠬ᠎ᠠ ᠳᠡᠯᠭᠡᠭᠦᠷ᠂ ᠶᠢᠨ ᠵᠢᠶᠸ ᠰᠦᠮ᠎ᠡ ᠶᠢᠨ ᠴᠤᠭᠯᠠᠭᠠᠨ᠂ ᠬᠤᠳᠠᠯᠳᠤᠭᠠᠨ ᠤ ᠲᠣᠭᠤᠷᠢᠭ ᠤᠨ | ᠠᠭᠤᠳᠠᠮ ᠲᠠᠯᠠᠪᠠᠢ ᠶᠢ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠵᠤ᠂ ᠨᠡᠶᠢᠳᠡ 126 ᠳᠡᠯᠭᠡᠭᠦᠷ ᠤᠨ ᠭᠠᠳᠠᠨᠠᠬᠢ | ᠡᠵᠡᠩᠨᠡᠯᠲᠡ ᠶᠢ ᠴᠡᠪᠡᠷᠯᠡᠵᠦ᠂ 148 ᠳᠡᠯᠭᠡᠭᠦᠷ ᠤᠨ ᠭᠠᠳᠠᠨ᠎ᠠ ᠣᠪᠣᠭᠠᠯᠠᠵᠤ᠂ 10 ᠭᠠᠵᠠᠷ ᠤᠨ ᠵᠠᠷ ᠮᠡᠳᠡᠭᠡ | ᠨᠡᠶᠢᠲᠡᠯᠡᠵᠦ᠂ 58 ᠨᠡᠭᠦᠳᠡᠯ ᠳᠡᠯᠭᠡᠭᠦᠷᠴᠢᠨ ᠵᠠᠮ ᠡᠵᠡᠯᠡᠨ ᠡᠵᠡᠩᠨᠡᠵᠦ ᠪᠤᠢ᠃ | | | | |