2 ᠳ᠋ᠤᠭᠠᠷ ᠰᠠᠷ᠎ᠠ ᠶᠢᠨ 10 ᠤ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠵᠠᠩ ᠯᠢ ᠵᠢᠶᠦ᠋ᠨ ᠪᠥᠬᠦ ᠣᠷᠣᠨ ᠤ ᠬᠤᠲᠠ ᠶᠢᠨ ᠰᠢᠨᠡᠴᠢᠯᠡᠯᠲᠡ ᠶᠢᠨ ᠠᠵᠢᠯ ᠳᠤ ᠪᠠᠶᠢᠴᠠᠭᠠᠨ | ᠰᠤᠳᠤᠯᠤᠯᠲᠠ ᠬᠢᠪᠡ᠃ | | | | 2 ᠰᠠᠷ᠎ᠠ ᠶᠢᠨ 10 ᠤ ᠡᠳᠦᠷ᠂ ᠵᠠᠩ ᠯᠢ ᠵᠢᠶᠦ᠋ᠨ ᠸᠠᠩ ᠷᠦᠸ᠋ᠸ ᠹᠧᠢ ᠶᠢᠨ ᠵᠠᠯᠭᠠᠯᠳᠤᠭᠰᠠᠨ ᠲᠣᠭᠤᠷᠢᠭ ᠲᠤ | ᠬᠤᠳᠠ ᠶᠢᠨ ᠰᠢᠨᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠵᠠᠢ᠃ | ᠵᠠᠩ ᠯᠢ ᠵᠢᠶᠦ᠋ᠨ ᠤᠷᠢᠳ ᠬᠤᠵᠢᠳ ᠨᠠᠶᠢᠬᠦᠥ ᠴᠠᠩ ᠵᠠᠮ᠂ ᠳ᠋ᠦᠩ ᠾᠧ ᠼᠤᠤ᠂ ᠨᠠᠨ ᠭᠧ ᠳ᠋ᠦᠩ ᠤᠨ | ᠵᠠᠯᠭᠠᠯᠳᠤᠭᠰᠠᠨ ᠲᠣᠭᠤᠷᠢᠭ᠂ ᠸᠠᠩ ᠷᠦᠥᠸ᠋ ᠹᠧᠢ ᠶᠢᠨ ᠵᠠᠯᠭᠠᠯᠳᠤᠭᠰᠠᠨ ᠲᠣᠭᠤᠷᠢᠭ ᠲᠤ ᠬᠦᠷᠴᠦ᠂ ᠮᠠᠨ ᠤ | ᠣᠷᠣᠨ ᠤ ᠬᠤᠲᠠ ᠶᠢᠨ ᠰᠢᠨᠡᠴᠢᠯᠡᠯᠲᠡ ᠶᠢᠨ ᠠᠵᠢᠯ ᠵᠢᠴᠢ ᠡᠯ᠎ᠡ ᠴᠡᠭ ᠤᠨ ᠰᠢᠨᠡᠴᠢᠯᠡᠯᠲᠡ ᠶᠢᠨ ᠥᠭᠡᠷᠡᠴᠢᠯᠡᠯᠲᠡ ᠶᠢᠨ | ᠠᠬᠢᠴᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠣᠷᠣᠰᠢᠵᠤ ᠪᠠᠶᠢᠭ᠎ᠠ | ᠠᠰᠠᠭᠤᠳᠠᠯ ᠢ ᠵᠠᠳᠠᠯᠤᠨ ᠰᠤᠳᠤᠯᠵᠤ᠂ ᠬᠤᠲᠠ ᠶᠢᠨ ᠰᠢᠨᠡᠴᠢᠯᠡᠯᠲᠡ ᠶᠢᠨ ᠭᠤᠣᠯᠳᠠᠯᠭ᠎ᠠ ᠲᠠᠢ ᠠᠵᠢᠯ ᠳᠤ ᠱᠠᠭᠠᠷᠳᠠᠯᠭ᠎ᠠ | ᠳᠤᠷᠠᠳᠪᠠ᠃ | ᠵᠠᠩ ᠯᠢ ᠵᠢᠶᠦ᠋ᠨ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠪᠦᠬᠦ ᠲᠠᠯ᠎ᠠ ᠪᠠᠷ ᠨᠢᠭᠡᠳᠦᠯᠲᠡᠢ | ᠲᠥᠯᠥᠪᠵᠢᠭᠦᠯᠵᠦ᠂ ᠬᠤᠳᠠ ᠶᠢ ᠣᠷᠭᠠᠨᠢᠭ ᠢᠶᠠᠷ ᠰᠢᠨᠡᠳᠬᠡᠬᠦ ᠶᠢ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠬᠦ ᠲᠠᠢ | ᠣᠷᠭᠠᠨᠢᠭ ᠢᠶᠠᠷ ᠤᠶᠠᠯᠳᠤᠭᠤᠯᠵᠤ᠂ ᠬᠤᠳᠠ ᠶᠢᠨ ᠲᠣᠭᠤᠷᠢᠭ ᠤᠨ ᠰᠠᠭᠤᠷᠢ ᠪᠣᠯᠣᠨ ᠤᠯᠠᠨ ᠨᠡᠶᠢᠲᠡ ᠶᠢᠨ | ᠦᠢᠯᠡᠴᠢᠯᠡᠭᠡᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃︽ᠬᠤᠳᠠ ᠶᠢ ᠡᠵᠡᠩᠨᠡᠬᠦ︾ | ᠣᠶᠢᠯᠠᠭᠠᠭᠳᠠᠬᠤᠨ ᠢ ᠪᠤᠢ ᠪᠣᠯᠭᠠᠵᠤ᠂ ᠡᠵᠡᠩᠨᠡᠯᠲᠡ ᠶᠢᠨ ᠤᠷᠢᠳᠠᠴᠢ ᠪᠠᠶᠢᠷᠢᠰᠢᠯ ᠢ ᠪᠠᠷᠢᠮᠲᠠᠯᠠᠵᠤ᠂ ᠲᠡᠦᠬᠡ ᠶᠢᠨ | ᠪᠠᠷᠢᠯᠭ᠎ᠠ᠂ ᠠᠵᠤ ᠦᠢᠯᠡᠳᠪᠦᠷᠢ ᠶᠢᠨ ᠦᠯᠡᠳᠡᠭᠳᠡᠯ ᠵᠡᠷᠭᠡ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠲᠡᠦᠬᠡ ᠶᠢᠨ ᠤᠭ | ᠳᠦᠷᠰᠦ ᠶᠢ ᠰᠠᠶᠢᠲᠤᠷ ᠬᠠᠮᠠᠭᠠᠯᠠᠭᠰᠠᠨ ᠰᠠᠭᠤᠷᠢᠨ ᠳᠡᠭᠡᠷ᠎ᠡ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠣᠷᠣᠭᠤᠯᠵᠤ᠂ | ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠬᠤᠳᠠ ᠶᠢᠨ ᠠᠵᠤ ᠠᠬᠤᠢ ᠶᠢ ᠲᠠᠰᠤᠷᠠᠯᠳᠠ ᠦᠭᠡᠢ | ᠴᠡᠴᠡᠭᠯᠡᠭᠦᠯᠦᠨ ᠬᠥᠭᠵᠢᠭᠦᠯᠬᠦ ᠬᠡᠷᠡᠭᠲᠡᠢ᠃ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠨ | ᠯᠢ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠹᠥ᠋ᠩ ᠳ᠋ᠦᠩ ᠸᠠᠩ᠂ ᠶᠠᠩ ᠵᠢᠶᠠᠨ ᠵᠢᠶᠦ᠋ᠨ᠂ | ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠰᠣᠶᠣᠯ ᠵᠤᠭᠠᠴᠠᠯ ᠤᠨ ᠲᠣᠪᠴᠢᠶ᠎ᠠ᠂ ᠾᠧ ᠫᠢᠩ | ᠵᠠᠮ ᠤᠨ ᠵᠡᠭᠡᠯᠢ ᠭᠤᠳᠤᠮᠵᠢ᠂ ᠨᠠᠨ ᠭᠧ ᠳ᠋ᠦᠩ ᠵᠡᠭᠡᠯᠢ ᠭᠤᠳᠤᠮᠵᠢ᠂ ᠾᠧ ᠳ᠋ᠦᠩ ᠵᠡᠭᠡᠯᠢ ᠭᠤᠳᠤᠮᠵᠢ ᠶᠢᠨ ᠭᠤᠣᠯ | ᠬᠠᠷᠢᠭᠤᠴᠠᠯᠭᠠᠲᠠᠨ ᠵᠢᠴᠢ ᠬᠤᠲᠠ ᠶᠢᠨ ᠰᠢᠨᠡᠴᠢᠯᠡᠯᠲᠡ ᠶᠢᠨ ᠺᠣᠮᠫᠠᠨᠢ ᠶᠢᠨ ᠬᠠᠷᠢᠭᠤᠴᠠᠯᠭᠠᠲᠠᠨ ᠪᠠᠷ᠎ᠠ ᠪᠣᠯᠵᠤ | ᠪᠠᠶᠢᠴᠠᠭᠠᠨ ᠰᠤᠳᠤᠯᠵᠠᠢ᠃ | |