ᠵᠠᠩ ᠯᠢ ᠵᠢᠶᠦ᠋ᠨ ᠪᠧᠢ ᠯᠢᠶᠠᠩ ᠤᠨ ᠵᠠᠮ ᠵᠢᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/2/16
     2 ᠳ᠋ᠤᠭᠠᠷ ᠰᠠᠷ᠎ᠠ ᠶᠢᠨ 11 ᠤ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠠᠩ ᠯᠢ ᠵᠢᠶᠦ᠋ᠨ ᠪᠦᠯᠬᠦᠮ ᠳᠠᠭᠠᠭᠤᠯᠤᠨ ᠪᠧᠢ ᠯᠢᠶᠠᠩ ᠵᠠᠮ ᠵᠢᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃
2 ᠰᠠᠷ᠎ᠠ ᠶᠢᠨ 11 ᠤ ᠡᠳᠦᠷ᠂ ᠵᠠᠩ ᠯᠢ ᠵᠢᠶᠦ᠋ᠨ ᠠᠵᠤ ᠦᠢᠯᠡᠳᠪᠦᠷᠢ ᠶᠢᠨ ᠵᠠᠮ ᠳᠤ ᠪᠸᠢᠢᠯᠢᠶᠠᠩ ᠤᠨ ᠵᠠᠮ ᠵᠢᠴᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃      ᠵᠠᠩ ᠯᠢ ᠵᠢᠶᠦ᠋ᠨ ᠤᠷᠢᠳ ᠬᠤᠵᠢᠳ ᠰᠢ ᠨᠣᠣ ᠪᠦᠦ ᠬᠤᠶᠢᠲᠤ ᠵᠡᠭᠡᠯᠢ᠂ ᠳᠤᠮᠳᠠ ᠲᠣᠭᠤᠷᠢᠯ ᠵᠠᠮ᠂ ᠵᠢᠩ ᠫᠢᠩ ᠰᠤᠷᠭᠠᠭᠤᠯᠢ ᠶᠢᠨ ᠲᠦᠷᠦᠯ ᠵᠦᠢᠯ ᠤᠨ ᠭᠠᠵᠠᠷ᠂ ᠵᠢᠩ ᠫᠢᠩ ᠵᠠᠮ᠂ ᠰᠢ ᠰᠠᠨ B ᠲᠣᠭᠤᠷᠢᠭ ᠤᠨ ᠲᠦᠷᠦᠯ ᠵᠦᠢᠯ᠂ ᠵᠢᠩ ᠺᠠᠢ ᠳᠤᠮᠳᠠᠳᠤ ᠰᠤᠷᠭᠠᠭᠤᠯᠢ᠂ ᠪᠧᠢ ᠯᠢᠶᠠᠩ ᠳᠣᠯᠣᠳᠤᠭᠠᠷ ᠵᠠᠮ ᠤᠨ ᠨᠠᠢᠮᠠᠳᠤᠭᠠᠷ ᠵᠠᠮ᠂ ᠠᠵᠤ ᠦᠢᠯᠡᠳᠪᠦᠷᠢ ᠶᠢᠨ ᠵᠠᠮ᠂ ᠤᠷᠢᠳᠴᠢᠯᠠᠨ ᠲᠣᠬᠢᠷᠠᠭᠤᠯᠤᠭᠰᠠᠨ ᠨᠡᠶᠢᠲᠡ ᠶᠢᠨ ᠮᠠᠰᠢᠨ ᠲᠡᠷᠭᠡᠨ ᠤ ᠦᠷᠲᠡᠭᠡ ᠶᠢᠨ ᠭᠠᠵᠠᠷ ᠰᠣᠩᠭᠤᠬᠤ ᠵᠡᠷᠭᠡ ᠲᠤᠬᠠᠢ ᠶᠢᠨ ᠲᠠᠯᠠᠪᠠᠢ ᠳᠤ ᠬᠦᠷᠴᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠬᠢᠨᠠᠮᠠᠭᠠᠢ ᠰᠣᠨᠣᠰᠴᠤ᠂ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ᠂ ᠪᠡᠯᠡ ᠮᠥᠩᠭᠦ ᠣᠯᠬᠤ᠂ ᠭᠠᠵᠠᠷ ᠳᠡᠭᠡᠷᠡᠬᠢ ᠪᠣᠳᠠᠰ ᠢ ᠲᠠᠲᠠᠪᠤᠷᠢᠯᠠᠨ ᠨᠤᠷᠠᠭᠠᠬᠤ ᠵᠡᠷᠭᠡ ᠠᠵᠢᠯ ᠤᠨ ᠠᠬᠢᠴᠠ ᠶᠢ ᠨᠠᠷᠢᠨ ᠣᠶᠢᠯᠠᠭᠠᠵᠤ ᠂ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ᠂ ᠵᠢᠭᠠᠨ ᠰᠤᠷᠭᠠᠯᠲᠠ᠂ ᠬᠠᠮᠢᠶᠠᠷᠤᠯᠲᠠ ᠵᠡᠷᠭᠡ ᠪᠠᠶᠢᠳᠠᠯ ᠢ ᠯᠠᠪᠯᠠᠨ ᠠᠰᠠᠭᠤᠵᠤ᠂ ᠲᠤᠬᠠᠢ ᠶᠢᠨ ᠲᠠᠯᠠᠪᠤᠷ ᠲᠤ ᠠᠯᠪᠠᠯᠠᠵᠤ ᠠᠰᠠᠭᠤᠳᠠᠯ ᠢ ᠰᠢᠢᠳᠪᠦᠷᠢᠯᠡᠪᠡ᠃     ᠵᠠᠩ ᠯᠢ ᠵᠢᠶᠦ᠋ᠨ ᠴᠢᠬᠤᠯᠠᠴᠢᠯᠠᠭᠰᠠᠨ ᠨᠢ᠂ ᠪᠧᠢ ᠯᠢᠶᠠᠩ ᠤᠨ ᠲᠧᠩ ᠺᠦᠩ ᠲᠣᠭᠤᠷᠢᠭ ᠤᠨ ᠵᠠᠮ ᠵᠢᠴᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ  ᠶᠢ ᠲᠦᠷᠭᠡᠳᠬᠡᠨ ᠠᠬᠢᠭᠤᠯᠵᠤ᠂ ᠭᠠᠷᠳᠠᠮ ᠢ ᠭᠦᠢᠴᠡᠳᠬᠡᠬᠦ ᠨᠢ ᠤᠳᠠᠭᠠᠨ᠂ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠦᠭᠡᠢ᠂ ᠲᠥᠯᠦᠪᠵᠢᠭᠦᠯᠭᠡ ᠨᠢ ᠲᠡᠭᠦᠯᠳᠡᠷ ᠪᠤᠰᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠥᠯᠥᠭᠡᠯᠡᠬᠦ ᠵᠠᠩᠭᠢᠯᠠᠭ᠎ᠠ ᠶᠢᠨ ᠴᠢᠨᠠᠷᠲᠠᠢ ᠠᠰᠠᠭᠤᠳᠠᠯ ᠳᠤ ᠴᠢᠭᠯᠡᠭᠦᠯᠦᠨ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠢ ᠪᠠᠷ ᠵᠣᠯᠭᠠᠭᠤᠯᠵᠤ᠂ ᠪᠡᠯᠡ ᠮᠥᠩᠭᠦ ᠶᠢᠨ ᠳᠡᠮᠵᠢᠯᠭᠡ ᠶᠢ ᠴᠢᠷᠮᠠᠶᠢᠨ ᠣᠯᠵᠤ᠂ ᠵᠠᠮ ᠤᠨ ᠲᠣᠣᠷ ᠤᠨ ᠲᠥᠯᠦᠪᠵᠢᠭᠦᠯᠭᠡ ᠶᠢ ᠵᠦᠢ ᠵᠣᠬᠢᠰᠲᠠᠢ ᠲᠣᠬᠢᠷᠠᠭᠤᠯᠤᠨ᠂ ᠰᠣᠷᠣᠭᠴᠢ ᠶᠢᠨ ᠢᠷᠡᠯᠲᠡ ᠶᠢᠨ ᠲᠤᠭ᠎ᠠ ᠬᠡᠮᠵᠢᠶ᠎ᠡ ᠶᠢ ᠣᠨᠣᠪᠴᠢᠲᠠᠶ ᠲᠥᠰᠥᠭᠡᠯᠡᠨ ᠪᠤᠳᠤᠵᠤ᠂ ᠰᠢᠨ᠎ᠡ ᠪᠠᠷ ᠪᠠᠶᠢᠭᠤᠯᠬᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠤᠲᠠ ᠶᠢᠨ ᠢᠷᠡᠭᠡᠳᠦᠢ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ᠬᠥᠮᠥᠨ ᠠᠮᠠ ᠶᠢᠨ ᠲᠠᠷᠬᠠᠯᠲᠠ ᠶᠢᠨ ᠬᠠᠨᠳᠤᠰᠢ ᠶᠢ ᠶᠡᠷᠦᠩᠬᠡᠶᠢᠯᠡᠨ ᠪᠣᠳᠣᠯᠬᠢᠯᠠᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠪᠠ ᠠᠵᠤ ᠦᠢᠯᠡᠰ ᠤᠨ ᠪᠠᠶᠢᠷᠢᠰᠢᠯ ᠤᠨ ᠲᠣᠬᠢᠷᠠᠭᠤᠯᠤᠯᠲᠠ ᠶᠢ ᠵᠦᠢ ᠵᠣᠬᠢᠰᠲᠠᠢ ᠲᠥᠯᠥᠪᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢ ᠤᠷᠢᠳᠴᠢᠯᠠᠨ ᠰᠠᠶᠢᠲᠤᠷ ᠲᠥᠯᠥᠪᠵᠢᠭᠦᠯᠬᠦ ᠬᠡᠷᠡᠭᠲᠡᠢ᠃ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠤ ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠰᠣᠳᠣᠨ ᠪᠦᠲᠦᠭᠡᠯ ᠤᠨ ᠢᠨᠵᠧᠨᠧᠷᠢᠩ ᠢ ᠬᠦᠴᠦᠯᠡᠨ ᠪᠠᠶᠢᠭᠤᠯᠵᠤ᠂ ᠥᠷᠭᠡᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ ᠪᠣᠯᠭᠠᠬᠤ ᠬᠡᠷᠡᠭᠲᠡᠢ᠃      ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᠬᠠᠢ ᠷᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠴᠢᠤᠸᠠᠨ ᠸᠧᠢ᠂ ᠹᠧᠩ ᠳ᠋ᠦᠩ ᠸᠠᠩ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ ᠤᠨ ᠪᠠᠷᠢᠭᠠᠳᠠ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠶᠢᠨ ᠪᠦᠯᠦᠭᠯᠡᠯ᠂ ᠰᠣᠶᠣᠯ ᠤᠨ ᠪᠠᠷᠢᠭᠠᠳᠠ ᠶᠢᠨ ᠪᠦᠯᠦᠭᠯᠡᠯ ᠪᠠ ᠾᠧ ᠳ᠋ᠦᠩ ᠪᠠᠯᠭᠠᠰᠤ᠂ ᠰᠢ ᠨᠣᠣ ᠪᠦᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1