ᠤᠷᠢᠬᠠᠨ ᠬᠠᠪᠤᠷ ᠨᠢᠭᠡᠨ ᠬᠤᠳᠠ ᠶᠢᠨ ᠠᠮᠢᠵᠢᠷᠠᠯ ᠤᠨ ᠬᠦᠴᠦᠨ ᠢ ᠬᠠᠮᠤᠭ ᠠᠴᠠ ᠢᠯᠡᠭᠦᠦ ᠮᠡᠳᠡᠷᠡᠨ᠎ᠡ᠃ᠡᠨᠡ | ᠪᠣᠯ ᠳ᠋ᠦᠩ ᠾᠧ ᠲᠣᠭᠤᠷᠢᠭ ᠤᠨ ᠣᠶᠢᠷ᠎ᠠ ᠶᠢᠨ ᠵᠢᠯ ᠳᠤ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠶᠡᠬᠡᠪᠡᠷ | ᠠᠬᠢᠭᠤᠯᠤᠭᠰᠠᠨ ᠤ ᠦᠷ᠎ᠡ ᠪᠦᠲᠦᠮᠵᠢ ᠪᠣᠯᠣᠨ᠎ᠠ᠃ ᠡᠨᠡ ᠪᠣᠯ ᠳ᠋ᠦᠩ ᠾᠧ ᠲᠣᠭᠤᠷᠢᠭ ᠤᠨ ᠣᠶᠢᠷ᠎ᠠ ᠶᠢᠨ ᠵᠢᠯ ᠤᠨ | ᠲᠤᠷᠰᠢ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠶᠡᠬᠡᠪᠡᠷ ᠠᠬᠢᠭᠤᠯᠤᠭᠰᠠᠨ ᠤ ᠦᠷ᠎ᠡ ᠪᠦᠲᠦᠮᠵᠢ ᠪᠣᠯᠣᠨ᠎ᠠ | ᠭᠡᠵᠦ ᠵᠢᠭᠠᠵᠤ ᠭᠠᠷᠭᠠᠪᠠ᠃ ᠡᠭᠦᠨ ᠳᠤ ᠵᠠᠮ ᠨᠢ ᠲᠡᠭᠰᠢ ᠳᠠᠷᠳᠠᠩ ᠪᠥᠭᠡᠳ ᠠᠭᠤᠳᠠᠮ᠂ ᠪᠠᠷᠢᠯᠭ᠎ᠠ ᠶᠢᠨ ᠬᠠᠶᠢᠷᠰᠤ | ᠵᠡᠷᠭᠡ ᠪᠠᠷ ᠵᠢᠭᠳᠡᠷᠡᠵᠦ᠂ ᠵᠡᠭᠡᠯᠢ ᠭᠤᠳᠤᠮᠵᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠪᠠᠶᠢᠳᠠᠯ ᠤᠯᠠᠨ᠂ | ᠴᠡᠴᠡᠷᠯᠢᠭ ᠤᠨ ᠨᠣᠭᠤᠭᠠᠷᠠᠭᠤᠯᠤᠯᠲᠠ ᠶᠢᠨ ᠭᠠᠵᠠᠷ ᠪᠣᠯᠭᠠᠨ ᠳᠤ ᠬᠠᠷᠠᠭᠳᠠᠨ᠎ᠠ᠃ | ᠡᠨᠡ ᠵᠢᠯ᠂ ᠳ᠋ᠦᠩ ᠡᡁᠸ ᠲᠣᠭᠤᠷᠢᠭ ᠤᠨ ᠬᠢᠨ ᠬᠤᠳᠠ ᠶᠢᠨ ᠰᠢᠨᠡᠴᠢᠯᠡᠯᠲᠡ ᠶᠢᠨ ᠠᠯᠬᠤᠴᠠ ᠪᠠᠨ | ᠲᠦᠷᠭᠡᠳᠬᠡᠵᠦ᠂ ︽ᠬᠠᠲᠠᠭᠤ ᠲᠤᠨᠤᠭ︾ ᠢ ᠲᠡᠰ ᠳᠡᠪᠰᠢᠭᠦᠯᠵᠦ᠂ ︽ᠵᠥᠭᠡᠯᠡᠨ ᠲᠤᠨᠤᠭ︾ ᠢ ᠰᠢᠨᠡᠴᠢᠯᠡᠵᠦ᠂ | ᠭᠠᠳᠠᠨ᠎ᠠ ᠠᠴᠠ ᠪᠠᠨ︽ᠥᠩᠭᠡ ᠵᠢᠰᠦ︾ ᠶᠢ ᠵᠠᠰᠠᠵᠤ᠂ ᠳᠣᠲᠣᠷ᠎ᠠ ᠪᠠᠨ ︽ᠰᠦᠷ ᠵᠢᠪᠬᠤᠭ᠎ᠠ︾ ᠶᠢ ᠱᠤᠭᠤᠵᠤ᠂ ᠬᠤᠳᠠ ᠶᠢᠨ | ᠪᠦᠲᠦᠭᠡᠨ ᠪᠠᠶᠢᠭᠤᠯᠤᠯᠲᠠ ᠳᠤ ᠳᠠᠰᠤᠷᠠᠯᠳᠠ ᠦᠭᠡᠢ ᠰᠢᠨ᠎ᠡ ᠳᠠᠪᠠᠯᠲᠠ ᠶᠢ ᠪᠡᠶᠡᠯᠡᠭᠦᠯᠵᠦ᠂ ᠡᠨᠡᠬᠦ ᠬᠠᠭᠤᠴᠢᠨ | ᠬᠤᠳᠠ ᠶᠢᠨ ᠲᠣᠭᠤᠷᠢᠭ ᠲᠤ ᠠᠮᠢᠳᠤᠷᠠᠵᠤ ᠪᠠᠶᠢᠭ᠎ᠠ ᠬᠥᠮᠥᠨ ᠪᠦᠬᠦᠨ ᠳᠤ ᠬᠤᠳᠠ ᠶᠢᠨ ᠰᠢᠨ᠎ᠡ ᠠᠮᠢᠵᠢᠷᠠᠯ ᠤᠨ | ᠬᠦᠴᠦᠨ ᠢ ᠮᠡᠳᠡᠷᠡᠭᠦᠯᠵᠦ᠂ ᠵᠣᠯ ᠵᠢᠷᠭᠠᠯ ᠪᠠ ᠪᠠᠶᠠᠷ ᠪᠠᠭ᠋ᠠᠳᠤᠯ ᠢ ᠡᠳ᠋ᠯᠡᠭᠦᠯᠦᠨ᠎ᠡ᠃ | | | | ᠠᠮᠢᠵᠢᠷᠠᠯ ᠤᠨ ᠬᠦᠴᠦᠨ ᠲᠠᠢ ᠪᠧᠢ ᠯᠢᠶᠠᠩ ᠣᠷᠣᠨ ᠳᠤ ᠣᠷᠣᠰᠢᠨ ᠰᠠᠭᠤᠬᠤ ᠳᠤ ᠨᠠᠩ ᠲᠣᠬᠢᠷᠠᠮᠵᠢᠲᠠᠢ ᠪᠣᠯᠪᠠ | ᠶᠠᠩ ᠭᠧ ᠯᠢᠶᠠᠩ ᠤᠨ ᠵᠡᠭᠡᠯᠢ ᠭᠤᠳᠤᠮᠵᠢ ᠶᠢᠨ ᠠᠨ ᠵᠢᠦᠢ ᠨᠡᠶᠢᠭᠡᠮ ᠲᠣᠭᠤᠷᠢᠭ ᠲᠤ ᠰᠠᠭᠤᠵᠤ ᠪᠠᠶᠢᠭ᠎ᠠ ᠸᠠᠩ | ᠨᠠᠰᠤᠲᠠᠨ ᠡᠨᠡ ᠵᠢᠯ 72 ᠨᠠᠰᠤᠲᠠᠢ᠂ ᠡᠳᠡᠭᠡᠷ ᠵᠢᠯ ᠤᠳ ᠲᠤ ᠲᠡᠷᠡ ᠳ᠋ᠦᠩ ᠾᠧ ᠲᠣᠭᠤᠷᠢᠭ ᠤᠨ ᠵᠡᠭᠡᠯᠢ | ᠭᠤᠳᠤᠮᠵᠢ ᠪᠠᠷ ᠲᠣᠭᠤᠷᠢᠵᠤ᠂ ︽ᠣᠶᠢᠷ᠎ᠠ ᠶᠢᠨ ᠬᠡᠳᠦᠨ ᠵᠢᠯ ᠤᠨ ᠳ᠋ᠦᠩ ᠾᠧ ᠲᠣᠭᠤᠷᠢᠭ ᠤᠨ ᠬᠤᠪᠢᠷᠠᠯᠲᠠ ᠶᠢ | ᠥᠩᠭᠡᠷᠡᠭᠰᠡᠨ ᠳᠤ ᠬᠦᠷᠲᠡᠯ᠎ᠡ ᠪᠢ ᠪᠤᠳᠤᠬᠤ ᠠᠴᠠ ᠪᠠᠨ ᠠᠶᠤᠪᠠ᠃ ᠥᠩᠭᠡᠷᠡᠭᠰᠡᠨ ᠤ ᠳ᠋ᠡ ᠱᠦᠢ ᠪᠦ᠋ ᠳ᠋ᠦᠩ ᠨᠢ | ᠰᠢᠷᠣᠢ ᠶᠢᠨ ᠬᠤᠩᠭᠢᠯ ᠤᠨ ᠤᠰᠤᠨ ᠰᠤᠪᠠᠭ ᠠᠴᠠ ᠪᠠᠨ ᠭᠤᠶᠤ ᠰᠠᠶᠢᠬᠠᠨ ᠴᠡᠴᠡᠷᠯᠢᠭ ᠪᠣᠯᠣᠨ ᠬᠤᠪᠢᠷᠠᠵᠤ᠂ | ᠥᠩᠭᠡᠷᠡᠭᠰᠡᠨ ᠳᠤ ᠪᠢᠳᠡ ᠬᠠᠭᠤᠴᠢᠨ ᠬᠤᠶᠢᠲᠤ ᠬᠢᠷ᠎ᠠ ᠶᠢᠨ ᠨᠠᠪᠲᠠᠭᠠᠷ ᠨᠠᠪᠲᠠᠭᠠᠷ ᠬᠠᠭᠤᠴᠢᠨ ᠪᠠᠶᠢᠰᠢᠩ ᠳᠤ | ᠰᠢᠬᠠᠯᠳᠤᠨ ᠰᠠᠭᠤᠵᠤ᠂ ᠤᠳᠤ ᠲᠥᠪᠬᠢᠨᠡᠭᠦᠯᠬᠦ ᠲᠣᠭᠤᠷᠢᠭ ᠲᠤ ᠠᠭᠤᠵᠢᠮ ᠰᠠᠷᠠᠭᠤᠯ ᠠᠰᠠᠷ ᠲᠤ ᠰᠠᠭᠤᠵᠤ᠂ | ᠠᠰᠠᠷ ᠤᠨ ᠳᠣᠣᠷᠠᠬᠢ ᠴᠡᠴᠡᠷᠯᠢᠭ᠂ ᠨᠡᠶᠢᠭᠡᠮ ᠲᠣᠭᠤᠷᠢᠭ ᠤᠨ ᠬᠥᠳᠡᠯᠭᠡᠭᠡᠨ ᠤ ᠦᠷᠦᠭᠡ ᠵᠡᠷᠭᠡ ᠨᠢ ᠪᠦᠷ ᠬᠤᠳᠠ ᠶᠢᠨ | ᠳᠦᠷᠰᠦ ᠪᠠᠶᠢᠳᠠᠯ ᠳᠤ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠠᠢ᠃ ᠢᠯᠠᠩᠭᠤᠶ᠎ᠠ ᠪᠢ ᠤᠳᠠᠭᠠᠨ ᠵᠢᠯ | ᠠᠮᠢᠳᠤᠷᠠᠭᠰᠠᠨ ᠪᠧᠢ ᠯᠢᠶᠠᠩ ᠤᠨ ᠨᠤᠷᠠᠭᠠᠵᠤ ᠨᠡᠭᠦᠯᠭᠡᠬᠦ ᠲᠣᠭᠤᠷᠢᠭ ᠲᠤ ᠪᠦᠦ ᠢ ᠵᠦᠩ ᠪᠣᠯᠣᠨ ᠭᠦᠩ ᠶᠤᠸᠠᠨ | ᠵᠠᠮ ᠤᠨ ᠪᠠᠭ᠎ᠠ ᠰᠤᠷᠭᠠᠭᠤᠯᠢ ᠶᠢᠨ ᠹᠦ᠋ ᠯᠢ ᠰᠤᠷᠭᠠᠭᠤᠯᠢ ᠶᠢᠨ ᠲᠣᠭᠤᠷᠢᠭ ᠪᠠᠶᠢᠭᠤᠯᠤᠭᠰᠠᠨ ᠢ ᠣᠯᠵᠤ ᠦᠵᠡᠭᠡᠳ᠂ | ᠣᠶᠢᠷᠠᠯᠴᠠᠭ᠎ᠠ ᠪᠠᠰᠠ ᠦ᠋ ᠶᠤᠸᠠᠢ ᠲᠠᠯᠠᠪᠠᠢ ᠲᠠᠢ᠂ ᠪᠠᠰᠠ ᠰᠢᠨ᠎ᠡ ᠬᠤᠳᠠᠯᠳᠤᠭᠠᠨ ᠤ ᠲᠠᠯᠠᠪᠤᠷ᠂ ᠡᠮᠨᠡᠯᠭᠡ ᠶᠢᠨ ᠬᠤᠷᠢᠶ᠎ᠠ | ᠪᠠᠶᠢᠭᠤᠯᠬᠤ ᠭᠡᠵᠦ ᠪᠠᠶᠢᠬᠤ ᠶᠢ ᠣᠯᠵᠤ ᠰᠣᠨᠣᠰᠤᠭᠠᠳ᠂ ᠬᠦᠦ ᠳᠡᠭᠡᠨ ᠠᠰᠠᠷ ᠬᠤᠳᠠᠯᠳᠤᠨ ᠠᠪᠤᠭᠤᠯᠪᠠ᠃ ᠣᠷᠴᠢᠨ | ᠲᠣᠭᠤᠷᠢᠨ ᠤᠯᠠᠮ ᠠᠴᠠ ᠤᠯᠠᠮ ᠰᠠᠶᠢᠵᠢᠷᠠᠵᠤ᠂ ᠠᠮᠢᠳᠤᠷᠠᠯ ᠴᠤ ᠤᠯᠠᠮ ᠠᠴᠠ ᠤᠯᠠᠮ ᠰᠠᠶᠢᠵᠢᠷᠠᠵᠠᠢ︾ᠭᠡᠵᠦ ᠸᠠᠩ | ᠡᠪᠦᠭᠡ ᠬᠤᠳᠠ ᠶᠢᠨ ᠬᠤᠪᠢᠷᠠᠯᠲᠠ ᠳᠤ ᠡᠷᠡᠬᠡᠢ ᠬᠤᠷᠤᠭᠤ ᠭᠤᠵᠣᠶᠢᠯᠭᠠᠪᠠ᠃ | | | | | ᠡᠨᠡ ᠵᠢᠯ᠂ ᠳ᠋ᠦᠩ ᠡᡁᠸ ᠲᠣᠭᠤᠷᠢᠭ ᠤᠨ ᠬᠢᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠪᠧᠢ ᠯᠢᠶᠠᠩ ᠤᠨ ᠵᠠᠯᠭᠠᠯᠳᠤᠭᠰᠠᠨ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠬᠤᠳᠠ ᠶᠢᠨ ᠭᠤᠣᠯᠳᠠᠯᠭ᠎ᠠ ᠲᠠᠢ | ᠠᠵᠢᠯ ᠳᠤ ᠣᠷᠣᠭᠤᠯᠬᠤ ᠴᠢᠬᠤᠯᠠ ᠶᠡᠭᠡ ᠠᠵᠠ ᠲᠣᠬᠢᠶᠠᠯ ᠢ ᠠᠮᠵᠢᠵᠤ᠂ ︽ᠠᠮᠢᠳᠤᠷᠠᠯ + ᠠᠵᠤ ᠦᠢᠯᠡᠰ︾ ᠤᠨ | ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠪᠧᠢ ᠯᠢᠶᠠᠩ ᠤᠨ ᠵᠠᠯᠭᠠᠯᠳᠤᠭᠰᠠᠨ ᠣᠷᠣᠨ ᠤ 13 ᠲᠡᠭᠰᠢ ᠳᠥᠷᠪᠡᠯᠵᠢᠨ | ᠺᠢᠯᠤᠮᠥᠲᠷ ᠨᠡᠭᠡᠭᠡᠨ ᠬᠥᠭᠵᠢᠭᠦᠯᠬᠦ ᠠᠯᠬᠤᠴᠠ ᠶᠢ ᠲᠦᠷᠭᠡᠳᠬᠡᠵᠦ᠂ ᠭᠠᠵᠠᠷ ᠰᠢᠷᠣᠢ ᠶᠢ ᠰᠢᠯᠵᠢᠭᠦᠯᠦᠨ ᠥᠭᠬᠦ | ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠴᠢᠷᠮᠠᠶᠢᠨ ᠬᠡᠷᠡᠭᠵᠢᠭᠦᠯᠵᠦ᠂ ᠬᠤᠳᠠ ᠶᠢᠨ ᠬᠡᠯᠪᠡᠷᠢ ᠪᠠᠶᠢᠳᠠᠯ᠂ | ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠣᠶᠣᠯ ᠤᠨ ᠬᠡᠯᠪᠡᠷᠢ ᠪᠠᠶᠢᠳᠠᠯ᠂ ᠠᠮᠢ ᠠᠬᠤᠢ ᠶᠢᠨ ︽ᠲᠦᠷᠪᠡᠨ ᠬᠡᠯᠪᠡᠷᠢ | ᠪᠠᠶᠢᠳᠠᠯ ᠢ ᠨᠢᠭᠡᠳᠬᠡᠬᠦ︾ ᠶᠢ ᠪᠦᠲᠦᠮᠵᠢᠲᠡᠢ ᠪᠠᠲᠤᠯᠠᠨ᠎ᠠ᠃ᠡᠭᠦᠨ ᠤ ᠬᠠᠮᠲᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ | ᠡᠷᠬᠢᠨ ᠲᠣᠭᠤᠷᠢᠨ᠂ ᠵᠢᠩᠺᠠᠢ ᠳᠤᠮᠳᠠᠳᠤ ᠰᠤᠷᠭᠠᠭᠤᠯᠢ ᠶᠢᠨ ᠡᠷᠬᠢᠨ ᠲᠣᠭᠤᠷᠢᠨ᠂ ᠴᠢᠶᠣᠤ ᠵᠢᠶᠠ ᠶᠢᠨ ᠵᠡᠭᠡᠯᠢ ᠵᠡᠷᠭᠡ 3 | ᠭᠤᠣᠯᠳᠠᠯᠭ᠎ᠠ ᠲᠠᠢ ᠬᠡᠰᠡᠭ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠣᠳᠠᠲᠠᠢ ᠠᠳᠬᠤᠬᠤ ᠪᠠᠷ ᠳᠠᠮᠵᠢᠭᠤᠯᠤᠨ᠂ | ᠰᠤᠷᠭᠠᠨ ᠬᠥᠮᠦᠵᠢᠯ᠂ ᠡᠮ ᠡᠮᠨᠡᠯᠭᠡ᠂ ᠠᠷᠠᠯᠵᠢᠶ᠎ᠠ ᠬᠤᠳᠠᠯᠳᠤᠭ᠎ᠠ ᠵᠡᠷᠭᠡ ᠰᠠᠭᠤᠷᠢ ᠲᠥᠬᠦᠭᠡᠷᠦᠮᠵᠢ ᠶᠢ | ᠲᠡᠭᠦᠯᠳᠡᠷᠵᠢᠭᠦᠯᠵᠦ᠂ ᠬᠡᠰᠡᠭ ᠲᠣᠭᠤᠷᠢᠭ ᠤᠨ ᠴᠢᠳᠠᠪᠬᠢ ᠴᠢᠨᠠᠷ ᠴᠢᠨᠰᠠᠭ᠎ᠠ ᠪᠣᠯᠣᠨ ᠦᠢᠯᠡᠴᠢᠯᠡᠭᠡᠨ ᠤ ᠴᠢᠳᠠᠪᠤᠷᠢ ᠶᠢᠨ | ᠲᠡᠰ ᠢ ᠳᠡᠭᠡᠭᠰᠢᠯᠡᠭᠦᠯᠵᠦ᠂ ᠨᠡᠩ ᠤᠯᠠᠨ ᠵᠠᠯᠠᠭᠤ ᠬᠥᠮᠥᠰ ᠤᠨ ᠨᠤᠲᠤᠭᠰᠢᠬᠤ ᠶᠢ ᠲᠠᠲᠠᠪᠠ᠃ᠡᠭᠦᠨ ᠤ ᠬᠠᠮᠲᠤ᠂ | ᠦᠢᠯᠡᠳᠪᠦᠷᠢᠯᠡᠯ ᠤᠨ ᠬᠤᠲᠠ᠂ ᠦᠵᠡᠮᠵᠢ ᠶᠢᠨ ᠬᠤᠲᠠ᠂ ᠬᠥᠮᠥᠨ ᠤ ᠬᠦᠴᠦᠨ ᠤ ᠬᠤᠲᠠ ᠶᠢ ᠠᠭᠤᠰᠤᠯᠴᠠᠭᠤᠯᠤᠨ | ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠯᠤᠭᠠᠨ ᠭᠤᠤ ᠨᠠᠢᠮᠠᠨ ᠨᠢᠷᠤᠭᠤ ᠶᠢᠨ ᠭᠠᠵᠠᠷ ᠤᠨ ᠪᠠᠶᠢᠴᠠ | ᠪᠠ ᠭᠠᠵᠠᠷ ᠤᠨ ᠭᠠᠳᠠᠷᠭᠤ᠂ ᠠᠮᠢ ᠠᠬᠤᠢ ᠶᠢᠨ ᠤᠰᠤᠨ ᠰᠢᠰᠲ᠋ᠧᠮ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ | ᠬᠤᠳᠠ ᠶᠢᠨ ᠳᠦᠷᠰᠦ ᠪᠠᠶᠢᠳᠠᠯ ᠪᠠ ᠪᠠᠷᠢᠯᠭ᠎ᠠ ᠶᠢᠨ ᠦᠵᠡᠮᠵᠢ ᠶᠢᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ | ᠲᠡᠦᠬᠡ᠂ ᠰᠣᠶᠣᠯ ᠵᠡᠷᠭᠡ ᠡᠯᠧᠮᠧᠨ᠋ᠲ ᠢ ᠨᠡᠶᠢᠳᠬᠡᠵᠦ᠂ ᠰᠣᠶᠣᠯ ᠵᠤᠭᠠᠴᠠᠯ᠂ ᠡᠷᠡᠭᠦᠯ ᠮᠡᠨᠳᠤ ᠶᠢ ᠬᠠᠮᠠᠭᠠᠯᠠᠬᠤ᠂ ᠰᠡᠯᠡᠭᠦᠴᠡᠨ | ᠠᠮᠠᠷᠠᠬᠤ ᠵᠡᠷᠭᠡ ᠲᠦᠷᠦᠯ ᠵᠦᠢᠯ ᠢ ᠲᠦᠷᠭᠡᠨ ᠣᠷᠣᠭᠤᠯᠵᠤ᠂ ᠤᠯᠠᠨ ᠤ ᠬᠦᠷᠢᠶᠡᠯᠡᠯ ᠢ ᠨᠢᠭᠲᠠᠷᠠᠭᠤᠯᠵᠤ᠂ | ᠬᠤᠳᠠᠯᠳᠤᠭᠠᠨ ᠤ ᠬᠦᠷᠢᠶᠡᠯᠡᠯ ᠢ ᠬᠤᠷᠠᠮᠳᠤᠭᠤᠯᠵᠤ᠂ ᠡᠳ᠋ ᠤᠨ ᠶᠠᠪᠤᠳᠠᠯ ᠢ ᠬᠥᠭᠵᠢᠭᠦᠯᠵᠦ᠂ ᠪᠧᠢ ᠯᠢᠶᠠᠩ ᠤᠨ ᠰᠢᠨ᠎ᠡ | ᠷᠢᠳᠢ ᠰᠢᠳᠢ ᠶᠢ ᠪᠠᠳᠠᠷᠠᠭᠤᠯᠵᠤ᠂ ᠥᠪᠡᠷᠮᠢᠴᠡ ᠣᠨᠴᠠᠯᠢᠭ ᠲᠠᠢ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ | ᠲᠣᠬᠢᠷᠠᠮᠵᠢᠲᠠᠢ ᠣᠳᠣᠬᠢᠴᠢᠯᠠᠭᠰᠠᠨ ᠰᠢᠨ᠎ᠡ ᠬᠤᠳᠠ ᠶᠢᠨ ᠵᠢᠷᠤᠭ ᠲᠥᠰᠥᠪ ᠢ ᠠᠯᠬᠤᠮ ᠠᠯᠬᠤᠮ ᠢᠶᠠᠷ ᠵᠢᠷᠤᠭᠯᠠᠨ᠎ᠠ᠃ | ᠬᠤᠲᠠ ᠶᠢᠨ ᠰᠢᠨᠡᠴᠢᠯᠡᠯᠲᠡ ᠶᠢᠨ ᠠᠯᠬᠤᠴᠠ ᠲᠦᠷᠭᠡᠰᠪᠡ | ︽ᠪᠦᠲᠦᠭᠡᠨ ᠪᠠᠶᠢᠭᠤᠯᠤᠭᠰᠠᠨ ᠣᠨ ᠵᠢᠯ ᠤᠨ ᠤᠳᠠᠭ᠎ᠠ ᠠᠴᠠ ᠪᠣᠯᠵᠤ᠂ ᠮᠠᠨ ᠤ ᠰᠠᠭᠤᠭᠠᠯᠢ ᠠᠷᠠᠳ ᠤᠨ | ᠲᠣᠭᠤᠷᠢᠭ ᠤᠨ ᠭᠠᠵᠠᠷ ᠳᠣᠣᠷᠠᠬᠢ ᠬᠤᠭᠤᠯᠠᠢ ᠶᠢᠨ ᠲᠣᠣᠷ ᠪᠣᠯᠣᠨ ᠵᠠᠮ ᠬᠦᠨᠳᠦ ᠨᠣᠴᠢᠲᠠᠢ ᠡᠪᠳᠡᠭᠳᠡᠵᠦ᠂ | ᠥᠩᠭᠡᠷᠡᠭᠰᠡᠨ ᠳᠤ ᠦᠷᠭᠦᠯᠵᠢ ᠡᠳᠡᠭᠡᠷ ᠠᠰᠠᠭᠤᠳᠠᠯ ᠤᠨ ᠲᠥᠯᠥᠭᠡ ᠵᠣᠪᠠᠨᠢᠵᠤ᠂ ᠠᠶᠢᠯ ᠰᠠᠭᠠᠬᠠᠯᠲᠠ ᠶᠢᠨ ᠬᠢᠨ ᠲᠠᠬᠢᠨ | ᠳᠠᠪᠲᠠᠨ ᠬᠥᠮᠥᠨ ᠡᠷᠢᠵᠦ ᠵᠠᠰᠠᠨ ᠰᠡᠯᠪᠢᠵᠦ ᠪᠠᠶᠢᠪᠠ᠃ ᠣᠳᠣᠬᠠᠨ ᠳᠤ᠂ ᠰᠠᠭᠤᠭᠠᠯᠢ ᠠᠷᠠᠳ ᠤᠨ ᠲᠣᠭᠤᠷᠢᠭ ᠤᠨ | ᠵᠠᠮ ᠲᠡᠭᠰᠢ ᠪᠥᠭᠡᠳ ᠥᠷᠭᠡᠨ ᠠᠭᠤᠳᠠᠮ ᠪᠠᠶᠢᠵᠤ᠂ ᠳᠤᠷ᠎ᠠ ᠪᠠᠷ ᠢᠶᠠᠨ ᠪᠠᠷᠢᠭᠰᠠᠨ ᠳᠦᠷᠢᠮ ᠠᠴᠠ ᠵᠥᠷᠢᠴᠡᠭᠰᠡᠨ | ᠪᠠᠷᠢᠯᠭ᠎ᠠ ᠶᠢ ᠨᠤᠷᠠᠭᠠᠵᠤ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠲᠣᠬᠢᠷᠠᠭᠤᠯᠤᠭᠰᠠᠨ ᠠᠴᠠ ᠪᠦᠬᠦᠶᠢᠯᠡ | ᠣᠷᠴᠢᠨ ᠲᠣᠭᠤᠷᠢᠨ ᠳᠤ ᠮᠠᠰᠢ ᠶᠡᠭᠡ ᠬᠤᠪᠢᠷᠠᠯᠲᠠ ᠭᠠᠷᠴᠠᠢ᠂ ᠡᠭᠦᠨ ᠤ ᠵᠠᠩᠭᠢᠯᠠᠭ᠎ᠠ ᠨᠢ ᠤᠰᠤ ᠲᠠᠲᠠᠬᠤ | ᠬᠤᠭᠤᠯᠠᠢ ᠶᠢ ᠴᠤ ᠰᠣᠯᠢᠵᠤ᠂ ᠮᠠᠨ ᠢ ᠣᠯᠠᠨ ᠵᠢᠯ ᠭᠠᠴᠢᠭᠳᠠᠭᠤᠯᠵᠤ ᠪᠠᠶᠢᠭᠰᠠᠨ ᠤᠰᠤ ᠭᠤᠭᠤᠵᠢᠬᠤ ᠠᠰᠠᠭᠤᠳᠠᠯ ᠢ | ᠦᠨᠳᠦᠰᠦᠨ ᠠᠴᠠ ᠨᠢ ᠵᠠᠰᠠᠵᠤ᠂ ᠡᠲᠡᠭᠡᠷ ᠠᠰᠠᠭᠤᠳᠠᠯ ᠤᠨ ᠲᠥᠯᠥᠭᠡ ᠰᠠᠨᠠᠭ᠎ᠠ ᠵᠣᠪᠠᠭ᠋ᠤ ᠬᠡᠷᠡᠭ ᠦᠭᠡᠢ ᠪᠣᠯᠵᠠᠢ︾ | ᠭᠡᠵᠡᠢ᠃ ᠲᠢᠶᠧ ᠰᠢ ᠵᠡᠭᠡᠯᠢ ᠶᠢᠨ ᠹᠠᠩ ᠼᠤᠤ ᠨᠡᠶᠢᠭᠡᠮ ᠲᠣᠭᠤᠷᠢᠭ ᠤᠨ ᠭᠤᠷᠪᠠᠳᠤᠭᠠᠷ ᠵᠡᠭᠡᠯᠢ ᠶᠢᠨ ᠬᠤᠶᠠᠳᠤᠭᠠᠷ | ᠲᠣᠭᠤᠷᠢᠭ ᠲᠤ ᠰᠠᠭᠤᠵᠤ ᠪᠠᠶᠢᠭ᠎ᠠ ᠯᠢᠦ ᠡᠵᠢ ᠰᠤᠷᠪᠤᠯᠵᠢᠯᠠᠭᠴᠢ ᠳᠤ ᠬᠠᠭᠤᠴᠢᠨ ᠲᠣᠭᠤᠷᠢᠭ ᠤᠨ | ᠥᠭᠡᠷᠡᠴᠢᠯᠡᠯᠲᠡ ᠶᠢᠨ ᠰᠠᠶᠢᠨ ᠲᠠᠯ᠎ᠠ ᠶᠢ ᠲᠠᠨᠢᠯᠴᠠᠭᠤᠯᠪᠠ᠃ | | | | | | | | ᠨᠢᠳᠤᠨᠤᠨ᠂ ᠳ᠋ᠦᠩ ᠾᠧ ᠲᠣᠭᠤᠷᠢᠭ ᠤᠨ ᠬᠢᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ | ᠲᠣᠭᠤᠷᠢᠭ ᠲᠤ ᠬᠠᠮᠤᠭ ᠤᠨ ᠲᠦᠷᠦᠭᠦᠨ ᠳᠤ ᠬᠤᠲᠠ ᠶᠢᠨ ᠰᠢᠨᠡᠴᠢᠯᠡᠯᠲᠡ ᠶᠢ ᠡᠬᠢᠯᠡᠭᠦᠯᠵᠦ᠂ ᠲᠢᠶᠧ ᠰᠢ᠂ ᠨᠠᠨ ᠭᠧ | ᠳ᠋ᠦᠩ᠂ ᠳ᠋ᠦᠩ ᠵᠠᠨ᠂ ᠾᠧ ᠫᠢᠩ ᠵᠠᠮ ᠤᠨ ᠵᠡᠭᠡᠯᠢ ᠭᠤᠳᠤᠮᠵᠢ ᠶᠢᠨ 45 ᠵᠢᠵᠢᠭ ᠲᠣᠭᠤᠷᠢᠭ ᠤᠨ ᠰᠠᠭᠤᠷᠢ | ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠵᠦ᠂ 208᠂ 350 ᠲᠦᠮᠡᠨ ᠲᠡᠭᠰᠢ ᠳᠥᠷᠪᠡᠯᠵᠢᠨ ᠮᠧᠲᠷ ᠤᠨ | ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠵᠤ᠂ 13700 ᠭᠠᠷᠤᠢ ᠰᠡᠷᠢᠭᠦᠨ ᠭᠡᠷ ᠪᠠᠶᠢᠰᠢᠩ᠂ 8 | ᠲᠦᠮᠡ ᠭᠠᠷᠤᠢ ᠲᠡᠭᠰᠢ ᠳᠥᠷᠪᠡᠯᠵᠢᠨ ᠮᠧᠲᠷ ᠤᠨ ᠰᠡᠷᠢᠭᠦᠨ ᠭᠡᠷ ᠪᠠᠶᠢᠰᠢᠩ ᠢ ᠨᠤᠷᠠᠭᠠᠵᠤ᠂ ᠢᠯᠴᠢ ᠬᠠᠩᠭᠠᠬᠤ᠂ ᠬᠡᠢ | ᠬᠠᠩᠭᠠᠬᠤ᠂ ᠪᠣᠷᠣᠭᠠᠨ ᠤ ᠪᠣᠬᠢᠷᠳᠤᠯ ᠤᠨ ᠬᠤᠭᠤᠯᠠᠢ ᠶᠢᠨ ᠲᠣᠣᠷ ᠢ 150 ᠺᠢᠯᠣᠮᠧᠲᠷ ᠥᠭᠡᠷᠡᠴᠢᠯᠡᠨ ᠵᠠᠰᠠᠵᠤ᠂ 4. | 3 ᠲᠦᠮᠡᠨ ᠡᠷᠦᠬᠡ ᠰᠠᠭᠤᠭᠠᠯᠢ ᠠᠷᠠᠳ ᠤᠨ ᠣᠷᠣᠨ ᠰᠠᠭᠤᠴᠠ ᠶᠢ ᠰᠢᠨ᠎ᠡ ᠳᠦᠷᠰᠦ ᠪᠠᠶᠢᠳᠠᠯ ᠲᠠᠢ ᠪᠣᠯᠭᠠᠵᠤ᠂ ᠵᠣᠯ | ᠵᠢᠷᠭᠠᠯᠲᠤ ᠠᠮᠢᠳᠤᠷᠠᠯ ᠢ ᠨᠢ ᠳᠠᠬᠢᠨ ᠨᠡᠮᠡᠭᠳᠡᠭᠦᠯᠪᠡ᠃ᠡᠨᠡ ᠵᠢᠯ᠂ ᠳ᠋ᠦᠩ ᠾᠧ ᠲᠣᠭᠤᠷᠢᠭ ᠤᠨ ᠬᠢᠨ ᠦᠷᠭᠦᠯᠵᠢᠯᠡᠨ | ︽ᠬᠤᠲᠠ ᠶᠢ ᠣᠷᠭᠠᠨᠢᠭ ᠢᠶᠠᠷ ᠰᠢᠨᠡᠳᠬᠡᠬᠦ︾ ᠪᠦᠷᠢᠶ᠎ᠡ ᠶᠢ ᠬᠠᠩᠭᠢᠨᠠᠭᠤᠯᠵᠤ᠂ ᠣᠷᠣᠰᠢᠨ ᠰᠠᠭᠤᠬᠤ ᠳᠤ | ᠲᠣᠬᠢᠷᠠᠮᠵᠢᠲᠠᠢ ᠴᠢᠨᠠᠷ ᠪᠠ ᠬᠥᠭᠵᠢᠶᠡᠨ ᠨᠠᠷᠭᠢᠶᠠᠨ ᠲᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ ᠳᠤ ᠰᠠᠭᠤᠷᠢᠯᠠᠵᠤ᠂ | ᠬᠤᠲᠠ ᠶᠢᠨ ᠠᠷᠠᠳ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ︽ᠤᠷᠠᠨ ᠳᠠᠷᠬᠠᠨ ᠤ ᠵᠣᠷᠢᠭ ᠰᠠᠨᠠᠭ᠎ᠠ︾ ᠪᠠᠷ | ᠡᠩᠬᠡ ᠲᠠᠶᠢᠪᠤᠩ ᠤᠨ ᠵᠠᠮ᠂ ᠨᠠᠨ ᠭᠧ ᠳ᠋ᠦᠩ᠂ ᠲᠢᠶᠧ ᠰᠢ ᠵᠡᠷᠭᠡ ᠭᠤᠣᠯᠳᠠᠯᠭ᠎ᠠ ᠲᠠᠢ ᠣᠷᠣᠨ ᠤ ᠬᠤᠲᠠ ᠶᠢᠨ | ᠣᠷᠭᠠᠨᠢᠭ ᠤᠨ ᠰᠢᠨᠡᠴᠢᠯᠡᠯᠲᠡ ᠶᠢ ᠬᠡᠷᠡᠭᠵᠢᠭᠦᠯᠵᠦ᠂ ︽ᠰᠢᠨᠡᠳᠬᠡᠬᠦ ᠶᠢ ᠬᠥᠩᠭᠡᠪᠴᠢᠯᠡᠬᠦ᠂ ᠪᠢᠴᠢᠯ ᠥᠭᠡᠷᠡᠴᠢᠯᠡᠯᠲᠡ | ᠬᠢᠬᠦ︾ ᠶᠢ ᠪᠠᠷᠢᠮᠲᠠᠯᠠᠨ᠂ ᠠᠮᠢᠳᠤᠷᠠᠯ᠂ ᠦᠢᠯᠡᠳᠪᠦᠷᠢᠯᠡᠯ᠂ ᠠᠮᠢ ᠠᠬᠤᠢ ᠶᠢᠨ ᠣᠷᠣᠨ ᠵᠠᠢ ᠶᠢ ᠵᠦᠢ ᠵᠣᠬᠢᠰᠲᠠᠢ | ᠪᠠᠶᠢᠷᠢᠰᠢᠭᠤᠯᠵᠤ᠂ ᠬᠤᠲᠠ ᠶᠢᠨ ᠶᠠᠪᠤᠳᠠᠯ ᠤᠨ ᠰᠠᠭᠤᠷᠢ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ | ᠠᠵᠤ ᠦᠢᠯᠡᠳᠪᠦᠷᠢ ᠶᠢᠨ ᠦᠯᠡᠳᠡᠭᠳᠡᠯ᠂ ᠲᠡᠦᠬᠡ ᠰᠣᠶᠣᠯ᠂ ᠣᠨᠴᠠᠯᠢᠭᠲᠤ ᠵᠡᠭᠡᠯᠢ ᠲᠣᠭᠤᠷᠢᠭ ᠵᠡᠷᠭᠡ ᠡᠬᠢ | ᠪᠠᠶᠠᠯᠢᠭ ᠢ ᠰᠠᠶᠢᠲᠤᠷ ᠬᠡᠷᠡᠭᠯᠡᠵᠦ᠂ ︽ᠬᠠᠭᠤᠴᠢᠨ ᠢ ᠤᠷᠬᠢᠵᠤ ᠰᠢᠨ᠎ᠡ ᠶᠢ ᠡᠭᠦᠳᠬᠦ︾ ᠶᠢ ᠰᠢᠨ᠎ᠡ ᠪᠠᠷ ᠬᠥᠭᠵᠢᠭᠰᠡᠨ | ᠡᠵᠡᠩᠨᠡᠯᠲᠡ ᠶᠢᠨ ᠬᠡᠯᠪᠡᠷᠢ ᠪᠠᠶᠢᠳᠠᠯ ᠪᠠ ᠰᠣᠶᠣᠯ ᠤᠨ ᠠᠭᠤᠯᠤᠭᠳᠠᠬᠤᠨ ᠳᠤ ᠣᠷᠣᠭᠤᠯᠵᠤ᠂ ︽ᠦᠢᠯᠡᠳᠪᠦᠷᠢᠯᠡᠯ᠂ | ᠬᠤᠲᠠ᠂ ᠬᠥᠮᠥᠨ︾ ᠤ ᠭᠦᠨᠵᠡᠭᠡᠢ ᠠᠭᠤᠰᠤᠯᠴᠠᠨ ᠬᠥᠭᠵᠢᠬᠦ ᠰᠢᠨ᠎ᠡ ᠬᠡᠪ ᠵᠠᠭᠪᠤᠷ ᠢ ᠪᠣᠶ ᠪᠣᠯᠭᠠᠨ᠎ᠠ᠃ᠬᠠᠭᠤᠴᠢᠨ | ᠪᠠ ᠬᠠᠭᠤᠴᠢᠷᠠᠭᠰᠠᠨ ᠵᠢᠵᠢᠭ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ | ᠪᠠᠬᠢᠵᠢᠭᠦᠯᠦᠨ ᠳᠡᠭᠡᠭᠰᠢᠯᠡᠭᠦᠯᠵᠦ᠂ 52 ᠬᠠᠭᠤᠴᠢᠨ ᠪᠠ ᠬᠠᠭᠤᠴᠢᠷᠠᠭᠰᠠᠨ ᠵᠢᠵᠢᠭ ᠲᠣᠭᠤᠷᠢᠭ ᠢ 47 ᠲᠦᠮᠡ | ᠭᠠᠷᠤᠢ ᠲᠡᠭᠰᠢ ᠳᠥᠷᠪᠡᠯᠵᠢᠨ ᠮᠧᠲᠷ ᠥᠭᠡᠷᠡᠴᠢᠯᠡᠨ᠂ ᠢᠯᠴᠢ ᠬᠠᠩᠭᠠᠬᠤ ᠬᠤᠶᠠᠳᠠᠭᠢ ᠤᠳᠠᠭᠠᠨ ᠤ ᠬᠤᠭᠤᠯᠠᠢ ᠶᠢᠨ | ᠲᠣᠣᠷ ᠢ 24 ᠲᠦᠮᠡ ᠭᠠᠷᠤᠢ ᠺᠢᠯᠣᠮᠧᠲᠷ ᠥᠭᠡᠷᠡᠴᠢᠯᠡᠨ᠂ ᠠᠮᠤᠷ ᠲᠦᠪᠰᠢᠨ ᠡᠷᠡᠭᠦᠯ ᠴᠢᠭᠢᠷᠠᠭ᠂ ᠪᠡᠯᠡᠳᠬᠡᠮᠵᠢ | ᠪᠦᠷᠢᠨ ᠲᠡᠭᠦᠯᠳᠡᠷ᠂ ᠬᠠᠮᠢᠶᠠᠷᠤᠯᠲᠠ ᠡᠮᠬᠢ ᠵᠢᠷᠤᠮ ᠲᠠᠢ᠂ ᠦᠢᠯᠡᠴᠢᠯᠡᠭᠡ ᠲᠥᠬᠦᠮ ᠨᠡᠶᠢᠭᠡᠮ ᠲᠣᠭᠤᠷᠢᠭ ᠢ ᠬᠦᠴᠦᠯᠡᠨ | ᠪᠠᠶᠢᠭᠤᠯᠤᠨ᠎ᠠ᠃ | ᠰᠠᠭᠤᠷᠢ ᠲᠥᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠪᠡ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠪᠣᠯ ᠬᠤᠲᠠ ᠶᠢᠨ ᠨᠡᠷ᠎ᠡ ᠶᠢᠨ | ᠬᠠᠭᠤᠳᠠᠰᠤ ᠶᠢ ᠱᠤᠭᠤᠬᠤ ᠶᠢᠨ ᠵᠠᠶᠢᠯᠠᠰᠢ ᠦᠭᠡᠢ ᠰᠣᠩᠭᠤᠯᠲᠠ ᠮᠥᠨ᠂ ᠰᠠᠭᠤᠭᠠᠯᠢ ᠠᠷᠠᠳ ᠤᠨ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠶᠢᠨ ᠴᠢᠬᠤᠯᠠ ᠠᠭᠤᠯᠭ᠎ᠠ ᠮᠥᠨ᠃ᠳ᠋ᠦᠩ ᠾᠧ | ᠲᠣᠭᠤᠷᠢᠭ ᠤᠨ ᠬᠢᠨ ᠬᠤᠲᠠ ᠬᠥᠳᠡᠭᠡ ᠶᠢᠨ ᠣᠷᠭᠠᠨᠢᠭ ᠰᠢᠨᠡᠴᠢᠯᠡᠯᠲᠡ ᠶᠢ ᠠᠬᠢᠭᠤᠯᠬᠤ ᠶᠠᠪᠤᠴᠠ ᠳᠤ᠂ ᠠᠷᠠᠳ ᠤᠨ | ᠴᠡᠴᠡᠷᠯᠢᠭ ᠤᠨ ᠦᠵᠡᠮᠵᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ | ᠪᠡᠶᠡᠯᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ 40 ᠪᠡᠶ᠎ᠡ ᠶᠢᠨ ᠲᠠᠮᠢᠷ ᠤᠨ ᠰᠡᠯᠡᠭᠦᠴᠡᠯ ᠤᠨ | ᠲᠠᠯᠠᠪᠤᠷ ᠢ ᠰᠢᠨ᠎ᠡ ᠪᠠᠷ ᠪᠠᠶᠢᠭᠤᠯᠵᠤ᠂ ᠣᠯᠠᠨ ᠲᠦᠮᠡᠨ ᠤ ᠬᠠᠵᠠᠭᠤ ᠳᠤ ᠲᠠᠷᠬᠠᠵᠤ ᠪᠠᠶᠢᠭ᠎ᠠ ᠪᠣᠯᠪᠠᠴᠤ ᠣᠯᠠᠨ | ᠲᠦᠮᠡᠨ ᠤ ᠠᠰᠢᠭᠯᠠᠬᠤ ᠳᠤ ᠳᠥᠭᠦᠮ ᠦᠭᠡᠢ ᠣᠷᠣᠨ ᠵᠠᠢ ᠶᠢ ᠡᠮᠬᠢᠯᠡᠨ ᠨᠡᠶᠢᠯᠡᠭᠦᠯᠵᠦ᠂ 30 ᠤᠭᠤᠲᠠ ᠴᠡᠴᠡᠷᠯᠢᠭ ᠢ | ᠪᠠᠶᠢᠭᠤᠯᠤᠨ ᠪᠦᠲᠦᠭᠡᠵᠦ᠂ 1.7 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠨ ᠭᠠᠵᠠᠷ ᠢ ᠰᠢᠨ᠎ᠡ ᠪᠠᠷ | ᠨᠡᠮᠡᠭᠳᠡᠭᠦᠯᠦᠨ᠂ ᠬᠤᠲᠠ ᠶᠢᠨ ᠠᠷᠠᠳ ᠲᠤ ᠨᠠᠩ ᠳᠥᠭᠦᠮ ᠳᠥᠲᠡ ᠪᠠᠷ ᠨᠠᠩ ᠣᠯᠠᠨ ᠪᠣᠬᠢᠷᠳᠤᠯ ᠦᠭᠡᠢ | ᠠᠰᠠᠷᠠᠮᠵᠢ ᠶᠢ ᠡᠳ᠋ᠯᠡᠭᠦᠯᠦᠨ᠎ᠡ᠃ | | | | | ᠬᠤᠲᠠ ᠶᠢᠨ ᠠᠷᠠᠳ ᠢᠦᠢ ᠠᠪᠤᠭᠠᠢ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠠᠷᠠᠳ ᠤᠨ ᠴᠡᠴᠡᠷᠯᠢᠭ ᠢ | ᠥᠭᠡᠷᠡᠴᠢᠯᠡᠭᠰᠡᠨ ᠤ ᠳᠠᠷᠠᠭ᠎ᠠ ᠨᠡᠩ ᠭᠤᠶᠣ ᠪᠣᠯᠵᠠᠢ᠂ ᠲᠠᠮᠢᠷ ᠤᠨ ᠲᠠᠯᠠᠪᠠᠶ ᠶᠢ ᠰᠢᠨ᠎ᠡ ᠪᠠᠷ ᠪᠠᠶᠢᠭᠤᠯᠤᠭᠰᠠᠨ ᠢᠶᠠᠷ | ᠪᠠᠷᠠᠬᠤ ᠦᠭᠡᠢ ᠪᠠᠰᠠ ᠡᠪᠳᠡᠷᠡᠵᠦ ᠴᠤᠴᠠᠷᠠᠭᠰᠠᠨ ᠭᠠᠵᠠᠷ ᠢ ᠵᠠᠰᠠᠵᠤ᠂ ᠨᠣᠭᠤᠭᠠᠨ ᠤᠷᠭᠤᠮᠠᠯ ᠢ ᠨᠡᠮᠡᠭᠳᠡᠭᠦᠯᠵᠦ᠂ | ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠰᠡᠯᠡᠭᠦᠴᠡᠬᠦ᠂ ᠪᠡᠶ᠎ᠡ ᠴᠢᠭᠢᠷᠠᠭᠵᠢᠭᠤᠯᠬᠤ᠂ ᠵᠤᠭ᠎ᠠ ᠴᠡᠩᠭᠡᠯ ᠤᠨ | ᠠᠵᠢᠯᠯᠠᠭ᠎ᠠ ᠳᠤ ᠨᠡᠩ ᠳᠥᠭᠦᠮ ᠪᠣᠯᠭᠠᠪᠠ᠂ ᠵᠠᠰᠠᠭ ᠤᠨ ᠣᠷᠳᠣᠨ ᠦᠨᠡᠬᠡᠷ ᠨᠢᠭᠡᠨ ᠶᠡᠭᠡ ᠰᠠᠶᠢᠨ ᠶᠠᠪᠤᠳᠠᠯ ᠬᠢᠵᠦ᠂ | ᠠᠷᠠᠳ ᠣᠯᠠᠨ ᠳᠤ ᠪᠤᠶᠠᠨ ᠦᠢᠯᠡᠳᠦᠭᠰᠡᠨ ᠪᠠᠶᠢᠨ᠎ᠠ︾ ᠭᠡᠵᠡᠢ᠃ | | | | | ᠡᠨᠡ ᠵᠢᠯ᠂ ᠳ᠋ᠦᠩ ᠾᠧ ᠲᠣᠭᠤᠷᠢᠭ ᠤᠨ ᠬᠢᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ | ᠨᠥᠬᠦᠪᠦᠷᠢᠯᠡᠬᠦ ᠪᠠᠷ ᠭᠤᠣᠯᠳᠠᠯᠭ᠎ᠠ ᠪᠣᠯᠭᠠᠵᠤ᠂ 6.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ 24 | ᠭᠤᠣᠯᠳᠠᠯᠭ᠎ᠠ ᠲᠠᠢ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠬᠦ ᠪᠠᠷ ᠪᠠᠶᠢᠨ᠎ᠠ᠃ᠵᠠᠮ | ᠬᠠᠷᠢᠯᠴᠠᠭᠠᠨ ᠤ ᠲᠣᠣᠷ ᠢ ᠰᠢᠯᠢᠳᠡᠭᠵᠢᠭᠦᠯᠵᠦ᠂︽ᠲᠣᠮᠣ ᠯᠤᠭᠰᠢᠭᠤᠨ ᠰᠤᠳᠠᠯ︾ ᠢ ᠴᠢᠨᠠᠭᠰᠢᠳᠠ ᠨᠠᠪᠲᠠᠷᠡᠭᠦᠯᠵᠦ᠂ | ︽ᠪᠢᠴᠢᠯ ᠡᠷᠭᠢᠯᠲᠡ︾ ᠶᠢ ᠰᠠᠭᠠᠳ ᠦᠭᠡᠢ ᠨᠠᠪᠲᠠᠷᠡᠭᠦᠯᠵᠦ᠂ ᠬᠤᠲᠠ ᠶᠢᠨ ᠵᠠᠮ ᠤᠨ ᠨᠡᠪᠲᠡᠷᠡᠬᠦ ᠴᠢᠨᠠᠷ ᠢ ᠳᠡᠭᠡᠭᠰᠢᠯᠡᠭᠦᠯᠬᠦ | ᠬᠡᠷᠡᠭᠲᠡᠢ︔ᠦᠵᠡᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠬᠡᠷᠡᠭᠵᠢᠭᠦᠯᠵᠦ᠂ ︽ᠬᠠᠷᠮᠠᠨ ᠴᠡᠴᠡᠷᠯᠢᠭ︾ ᠢ | ᠰᠢᠨ᠎ᠡ ᠪᠠᠷ ᠪᠠᠶᠢᠭᠤᠯᠵᠤ᠂ ᠵᠢᠵᠢᠭ ᠪᠢᠴᠢᠯ ᠦᠵᠡᠮᠵᠢ ᠶᠢᠨ ᠵᠠᠩᠭᠢᠯᠠᠭ᠎ᠠ ᠶᠢᠨ ᠴᠡᠭ ᠢ ᠨᠡᠮᠡᠨ ᠪᠠᠶᠢᠭᠤᠯᠵᠤ᠂ ᠣᠯᠠᠨ | ᠲᠦᠮᠡᠨ ᠤ ᠰᠢᠨ᠎ᠡ ᠰᠡᠯᠡᠭᠦᠴᠡᠯ᠂ ᠤᠳᠠᠭᠠᠨ ᠠᠮᠢᠳᠤᠷᠠᠯ᠂ ᠪᠢᠴᠢᠯ ᠠᠮᠠᠷᠠᠯᠲᠠ ᠶᠢᠨ ᠬᠠᠮᠲᠤ ᠪᠠᠷ ᠡᠳ᠋ᠯᠡᠬᠦ ᠣᠷᠣᠨ | ᠵᠠᠢ ᠶᠢ ᠪᠣᠶ ᠪᠣᠯᠭᠠᠵᠤ᠂ ᠠᠷᠠᠳ ᠣᠯᠠᠨ ᠳᠤ ᠨᠠᠩ ᠢᠯᠡᠭᠦᠦ ᠬᠦᠷᠲᠡᠮᠵᠢ ᠶᠢᠨ ᠲᠥᠷᠥᠭᠳᠡᠯ ᠲᠠᠢ ᠪᠣᠯᠭᠠᠨ᠎ᠠ᠃ | ︽ᠬᠤᠸᠠᠷ ᠬᠠᠳᠬᠤᠬᠤ︾ ᠡᠷᠳᠡᠮ ᠢᠶᠠᠷ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠠᠬᠢᠭᠤᠯᠬᠤ ᠬᠡᠷᠡᠭᠲᠡᠢ | ︽ᠡᠨᠡᠬᠦ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠡᠴᠦᠰ ᠲᠡᠭᠡᠨ ᠡᠪᠳᠡᠵᠦ ᠬᠠᠶᠠᠵᠠᠢ᠂ ᠪᠢᠳᠡᠨ ᠤ | ᠬᠠᠷᠠᠭᠠᠨ ᠤ ᠬᠡᠪᠴᠢᠶ᠎ᠡ ᠥᠷᠭᠡᠨ ᠠᠭᠤᠳᠠᠮ ᠪᠣᠯᠵᠤ᠂ ᠶᠠᠪᠤᠵᠤ ᠰᠠᠭᠤᠬᠤ ᠳᠤ ᠴᠤ ᠨᠡᠩ ᠳᠥᠭᠦᠮ ᠪᠣᠯᠵᠠᠢ︾ ᠭᠡᠵᠦ | ᠬᠡᠯᠡᠭᠰᠡᠨ ᠪᠠᠶᠢᠨ᠎ᠠ᠃ ︽ᠡᠨᠡᠬᠦ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠡᠴᠦᠰ ᠲᠡᠭᠡᠨ ᠬᠦᠴᠦᠨ | ᠦᠭᠡᠢ ᠪᠣᠯᠭᠠᠭᠰᠠᠨ ᠪᠠᠶᠢᠨ᠎ᠠ᠂ ᠪᠢᠳᠡᠨ ᠤ ᠬᠠᠷᠠᠭᠠᠨ ᠤ ᠬᠡᠪᠴᠢᠶ᠎ᠡ ᠥᠷᠭᠡᠨ ᠠᠭᠤᠳᠠᠮ ᠪᠣᠯᠵᠠᠢ᠃ ᠵᠡᠭᠦᠨ | ᠥᠷᠲᠡᠭᠡᠨ ᠤ ᠵᠡᠭᠡᠯᠢ ᠭᠤᠳᠤᠮᠵᠢ ᠶᠢᠨ ᠴᠡᠴᠡᠷᠯᠢᠭ ᠤᠨ ᠵᠠᠮ ᠤᠨ ᠨᠡᠶᠢᠭᠡᠮ ᠲᠣᠭᠤᠷᠢᠭ ᠤᠨ ᠵᠠᠰᠠᠮᠠᠯ ᠵᠠᠮ ᠤᠨ | ᠶᠡᠷᠦᠩᠬᠡᠢ ᠬᠡᠰᠡᠭ ᠤᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠠᠰᠠᠷ ᠲᠤ᠂ ᠳᠤᠷ᠎ᠠ ᠪᠠᠷ ᠢᠶᠠᠨ ᠪᠠᠷᠢᠯᠭ᠎ᠠ | ᠪᠠᠷᠢᠭᠠᠳ ᠨᠤᠷᠠᠭᠠᠭᠳᠠᠵᠤ᠂ ᠣᠪᠣᠭᠠᠷᠠᠨ ᠦᠵᠡᠵᠦ ᠪᠠᠶᠢᠭᠰᠠᠨ ᠰᠠᠭᠤᠭᠠᠯᠢ ᠠᠷᠠᠳ ᠤᠨ ᠮᠠᠭᠲᠠᠭᠠᠯ ᠰᠠᠶᠢᠰᠢᠶᠠᠯ ᠢ | ᠤᠳᠠᠭ᠎ᠠ ᠳᠠᠷᠠᠭ᠎ᠠ ᠪᠠᠷ ᠣᠯᠵᠤ ᠬᠠᠷᠠᠵᠠᠢ᠃ | | | | | ᠣᠷᠴᠢᠨ ᠲᠣᠭᠤᠷᠢᠨ ᠴᠡᠪᠡᠷ ᠴᠡᠮᠴᠡᠭᠡᠷ᠂ ᠲᠡᠷᠭᠡ ᠵᠣᠭᠰᠤᠭᠠᠬᠤ ᠳᠤ ᠲᠥᠬᠦᠮ᠂ ᠵᠠᠮ ᠨᠡᠪᠲᠡᠷᠡᠯᠭᠡ ᠰᠠᠭᠠᠳ | ᠦᠭᠡᠢ ᠁ ᠡᠲᠡᠭᠡᠷ ᠪᠣᠯ ᠴᠥᠮ ᠰᠠᠭᠤᠭᠠᠯᠢ ᠠᠷᠠᠳ ᠤᠨ ᠬᠠᠮᠤᠭ ᠤᠨ ᠰᠡᠳᠬᠢᠯ ᠲᠠᠯᠪᠢᠵᠤ ᠪᠠᠶᠢᠭ᠎ᠠ ᠶᠠᠪᠤᠳᠠᠯ | ᠮᠥᠨ᠂ ᠮᠥᠨ ᠴᠦ ᠰᠠᠭᠤᠭᠠᠯᠢ ᠠᠷᠠᠳ ᠢ ᠰᠡᠳᠬᠢᠯ ᠠᠭᠤᠵᠢᠷᠠᠭᠤᠯᠵᠤ ᠵᠣᠯ ᠵᠢᠷᠭᠠᠯ ᠲᠠᠢ ᠠᠮᠢᠳᠤᠷᠠᠭᠤᠯᠬᠤ ᠶᠠᠪᠤᠳᠠᠯ | ᠮᠥᠨ᠃2022 ᠣᠨ ᠠᠴᠠ ᠨᠠᠰᠢ᠂ ᠳ᠋ᠦᠩ ᠾᠧ ᠲᠣᠭᠤᠷᠢᠭ ᠤᠨ ᠬᠢᠨ ᠨᠠᠷᠢᠨ ᠵᠦᠢᠯᠡᠰ ᠠᠴᠠ ᠭᠠᠷᠳᠠᠵᠤ᠂ ᠬᠤᠳᠠ | ᠬᠥᠳᠡᠭᠡ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ︽ᠠᠷᠪᠠᠨ ᠶᠡᠭᠡ ᠪᠣᠭᠤᠮᠲᠠ ᠰᠢᠪᠲᠤᠯᠬᠤ︾ᠠᠵᠢᠯᠯᠠᠭ᠎ᠠ ᠶᠢ | ᠢᠳᠡᠪᠬᠢᠲᠡᠢ ᠬᠡᠷᠡᠭᠵᠢᠭᠦᠯᠵᠦ᠂ ︽ᠬᠤᠸᠠᠷ ᠬᠠᠳᠬᠤᠬᠤ ᠡᠷᠳᠡᠮ︾ ᠢᠶᠠᠷ ᠬᠤᠳᠠ ᠶᠢᠨ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢ ᠰᠠᠶᠢᠲᠤᠷ ᠬᠢᠵᠦ᠂ 1.8 ᠲᠦᠮᠡᠨ ᠲᠡᠭᠰᠢ ᠳᠥᠷᠪᠡᠯᠵᠢᠨ ᠮᠥ᠋ᠲᠷ ᠠᠴᠠ ᠵᠥᠷᠢᠴᠡᠭᠰᠡᠨ ᠪᠠᠷᠢᠯᠭ᠎ᠠ ᠶᠢ | ᠨᠤᠷᠠᠭᠠᠵᠤ᠂ 60 ᠵᠡᠭᠡᠯᠢ ᠭᠤᠳᠤᠮᠵᠢ ᠶᠢ ᠴᠡᠭᠴᠡᠯᠡᠨ ᠵᠠᠰᠠᠵᠤ᠂ 1.4 ᠲᠦᠮᠡᠨ ᠲᠡᠷᠭᠡ ᠵᠣᠭᠰᠣᠬᠤ ᠭᠠᠵᠠᠷ ᠢ ᠵᠠᠭᠠᠭᠯᠠᠨ | ᠵᠢᠷᠤᠪᠠ᠃ᠡᠭᠦᠨ ᠤ ᠰᠠᠭᠤᠷᠢᠨ ᠳᠡᠭᠡᠷ᠎ᠡ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠶᠢᠨ ᠲᠥᠯᠥᠭᠡ᠂ ︽ᠪᠤᠭᠤ ᠶᠢᠨ ᠬᠤᠲᠠ ᠶᠢᠨ ᠬᠠᠮᠢᠶᠠᠷᠤᠭᠴᠢ︾ ᠵᠡᠭᠡᠯᠢ ᠶᠢᠨ ᠳᠠᠷᠤᠭ᠎ᠠ ᠶᠢᠨ | ᠳᠦᠷᠢᠮᠲᠦ ᠣᠶᠤᠨᠴᠢ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠮᠡᠳᠡᠭᠡ | ᠵᠠᠩᠭᠢᠵᠢᠯᠲᠠ᠂ ᠪᠠᠷᠢᠮᠵᠢᠶᠠᠵᠢᠭᠤᠯᠤᠯᠲᠠ᠂ ᠬᠥᠳᠡᠯᠦᠩᠭᠦᠢ ᠪᠠᠶᠢᠳᠠᠯ ᠢ ᠪᠡᠶᠡᠯᠡᠭᠦᠯᠵᠦ᠂ ᠠᠷᠠᠳ ᠣᠯᠠᠨ ᠳᠤ ︽ | ᠲᠣᠭᠠᠴᠢᠯᠠᠭᠰᠠᠨ ᠬᠠᠮᠢᠶᠠᠷᠤᠯᠲᠠ︾ ᠶᠢᠨ ᠠᠮᠢᠳᠤᠷᠠᠯ ᠳᠤ ᠠᠪᠴᠢᠷᠠᠭᠰᠠᠨ ᠲᠥᠬᠦᠮ ᠨᠥᠬᠦᠴᠡᠯ ᠢ ᠦᠨᠡᠨ ᠬᠦ | ᠣᠶᠢᠯᠠᠭᠠᠭᠤᠯᠪᠠ᠃ | | | | | ︽ᠡᠨᠡ ᠵᠢᠯ᠂ ᠪᠢᠳᠡ ᠬᠤᠲᠠ ᠶᠢᠨ ᠭᠡᠷ ᠤᠨ ᠡᠳ᠋ᠯᠡᠯ ᠬᠡᠷᠡᠭᠰᠡᠯ ᠢ ᠠᠷᠢᠭᠤᠨ ᠴᠡᠪᠡᠷ ᠪᠠᠶᠢᠯᠭᠠᠬᠤ᠂ ᠵᠠᠷ | ᠮᠡᠳᠡᠭᠡᠨ ᠤ ᠫᠠᠶᠢᠰᠠ ᠢᠯᠡᠷᠬᠡᠶᠢᠯᠡᠯ ᠢ ᠴᠡᠭᠴᠡᠯᠡᠨ ᠵᠠᠰᠠᠬᠤ᠂ ᠪᠠᠷᠢᠯᠭ᠎ᠠ ᠶᠢᠨ ᠭᠠᠳᠠᠷ ᠲᠠᠯ᠎ᠠ ᠶᠢ ᠳᠡᠭᠡᠭᠰᠢᠯᠡᠭᠦᠯᠬᠦ ᠵᠡᠷᠭᠡ | ᠠᠵᠢᠯ ᠢ ᠴᠢᠩᠭᠠᠳᠬᠠᠵᠤ᠂ ᠵᠡᠭᠡᠯᠢ ᠶᠢᠨ ᠦᠵᠡᠮᠵᠢ ᠶᠢ ᠨᠣᠭᠤᠭᠠᠷᠠᠭᠤᠯᠤᠨ ᠭᠡᠷᠡᠯᠲᠦᠭᠦᠯᠵᠦ ᠭᠤᠶᠣᠵᠢᠭᠤᠯᠬᠤ ᠶᠢ | ᠬᠡᠷᠡᠭᠵᠢᠭᠦᠯᠵᠦ᠂ 35 ᠵᠡᠭᠡᠯᠢ ᠭᠤᠳᠤᠮᠵᠢ ᠪᠠ ᠬᠠᠳᠠᠭᠠᠯᠠᠵᠤ ᠪᠠᠶᠢᠭ᠎ᠠ ᠲᠠᠭᠲᠠᠭ᠎ᠠ ᠶᠢᠨ ᠰᠠᠷᠠᠪᠴᠢ ᠶᠢ ᠴᠡᠭᠴᠡᠯᠡᠨ | ᠵᠠᠰᠠᠬᠤ ᠶᠢ ᠠᠬᠢᠭᠤᠯᠵᠤ᠂ ᠬᠠᠭᠤᠴᠢᠨ ᠬᠤᠲᠠ ᠶᠢᠨ ᠲᠣᠭᠤᠷᠢᠭ ᠤᠨ ᠥᠩᠭᠡ ᠵᠢᠰᠦ ᠶᠢ ᠪᠥᠬᠦ ᠬᠦᠴᠦᠨ ᠢᠶᠠᠷ ᠢᠶᠠᠨ | ᠭᠤᠶᠣᠯᠠᠨ᠎ᠠ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ | ᠭᠦᠨᠵᠡᠭᠡᠢ ᠠᠬᠢᠭᠤᠯᠵᠤ᠂ ︿ᠪᠤᠭᠤ ᠶᠢᠨ ᠬᠤᠳᠠ ᠶᠢᠨ ᠬᠠᠮᠢᠶᠠᠷᠤᠭᠴᠢ﹀ᠵᠡᠭᠡᠯᠢ ᠶᠢᠨ ᠳᠠᠷᠤᠭ᠎ᠠ ᠶᠢᠨ ᠳᠦᠷᠢᠮᠲᠦ ᠣᠶᠤᠨᠴᠢ | ᠬᠠᠮᠢᠶᠠᠷᠤᠯᠲᠠ ᠶᠢᠨ ᠲᠠᠪᠴᠠᠩ ᠢ ᠰᠠᠶᠢᠲᠤᠷ ᠠᠰᠢᠭᠯᠠᠵᠤ᠂ ᠬᠤᠳᠠ ᠶᠢᠨ︿ᠤᠶᠤᠨ﹀ᠪᠠᠶᠢᠭᠠᠯᠢ ᠶᠢᠨ ᠰᠢᠨᠵᠢᠯᠡᠬᠦ | ᠤᠬᠠᠭᠠᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ︾ᠭᠡᠵᠦ ᠳ᠋ᠦᠩ ᠾᠧ ᠲᠣᠭᠤᠷᠢᠭ ᠤᠨ ᠬᠤᠳᠠ ᠶᠢᠨ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠳᠬᠡᠪᠡ᠃ |