ᠴᠠᠭᠠᠨ ᠰᠠᠷ᠎ᠠ ᠶᠢᠨ ᠬᠤᠭᠤᠴᠠᠭᠠᠨ ᠳᠤ ᠦᠨᠳᠦᠰᠦᠨ ᠱᠠᠲᠤᠨ ᠳᠤ ᠬᠦᠷᠴᠦ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ ᠲᠢᠶᠠᠨ ᠵᠢᠶᠣᠣ ᠵᠡᠭᠡᠯᠢ ᠭᠤᠳᠤᠮᠵᠢ ᠶᠢᠨ ᠡᠯ᠎ᠡ ᠨᠡᠶᠢᠭᠡᠮ ᠲᠣᠭᠤᠷᠢᠭ ᠤᠨ ᠬᠢᠨ ᠴᠠᠭᠠᠨ ᠰᠠᠷ᠎ᠠ  ᠳᠤ ᠠᠶᠢᠯᠴᠢᠯᠠᠨ ᠲᠣᠬᠤᠨᠢᠭᠤᠯᠬᠤ
ᠨᠡᠶᠢᠲᠡᠯᠡᠭᠰᠡᠨ ᠴᠠᠭ᠄
2023/2/20
     ᠴᠠᠭᠠᠨ ᠰᠠᠷ᠎ᠠ ᠳᠤ ᠦᠨᠳᠦᠰᠦᠨ ᠱᠠᠲᠤᠨ ᠳᠤ ᠬᠦᠷᠴᠦ ᠲᠣᠬᠤᠨᠢᠭᠤᠯᠵᠤ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ      ᠲᠢᠶᠠᠨ ᠵᠢᠶᠣᠣ ᠵᠡᠭᠡᠯᠢ ᠭᠤᠳᠤᠮᠵᠢ ᠶᠢᠨ ᠡᠯ᠎ᠡ ᠨᠡᠶᠢᠭᠡᠮ ᠲᠣᠭᠤᠷᠢᠭ ᠤᠨ ᠬᠢᠨ ᠴᠠᠭᠠᠨ ᠰᠠᠷ᠎ᠠ ᠶᠢᠨ ᠠᠶᠢᠯᠴᠢᠯᠠᠯᠲᠠ ᠶᠢᠨ ᠲᠣᠬᠤᠨᠢᠭᠤᠯᠭ᠎ᠠ ᠥᠷᠨᠢᠭᠦᠯᠪᠡ      ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠬᠦᠴᠢᠷᠳᠡᠯ ᠲᠠᠢ ᠣᠯᠠᠨ ᠲᠦᠮᠡᠨ  ᠢ ᠬᠠᠪᠰᠤᠷᠤᠨ ᠪᠠᠶᠠᠷ ᠤᠨ ᠡᠳᠦᠷ  ᠢ ᠠᠮᠤᠷ ᠲᠠᠶᠢᠪᠤᠩ ᠥᠩᠭᠡᠷᠡᠭᠦᠯᠬᠦ  ᠶᠢᠨ ᠲᠥᠯᠥᠭᠡ᠂ ᠣᠶᠢᠷ᠎ᠠ  ᠶᠢᠨ ᠡᠳᠦᠷ ᠤᠳ ᠲᠤ ᠲᠢᠶᠠᠨ ᠵᠢᠶᠣᠣ ᠵᠡᠭᠡᠯᠢ ᠭᠤᠳᠤᠮᠵᠢ  ᠶᠢᠨ ᠡᠯ᠎ᠡ ᠨᠡᠶᠢᠭᠡᠮ ᠲᠣᠭᠤᠷᠢᠭ ᠤᠨ ᠬᠢᠨ ᠴᠠᠭᠠᠨ ᠰᠠᠷ᠎ᠠ  ᠶᠢᠨ ᠠᠶᠢᠯᠴᠢᠯᠠᠯᠲᠠ  ᠶᠢᠨ ᠲᠣᠬᠤᠨᠢᠭᠤᠯᠬᠤ ᠠᠵᠢᠯᠯᠠᠭ᠎ᠠ  ᠶᠢ ᠢᠳᠡᠪᠬᠢᠲᠡᠢ ᠥᠷᠨᠢᠭᠦᠯᠵᠦ᠂ ᠲᠣᠬᠤᠨᠢᠭᠤᠯᠬᠤ ᠪᠣᠳᠠᠰ ᠬᠦᠷᠭᠡᠬᠦ  ᠶᠢᠨ ᠵᠡᠷᠭᠡ ᠳᠤ ᠲᠡᠳᠡᠨ ᠳᠤ ᠴᠠᠭᠠᠨ ᠰᠠᠷ᠎ᠠ  ᠶᠢᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠢᠷᠦᠭᠡᠯ ᠳᠡᠪᠰᠢᠭᠦᠯᠵᠡᠢ᠃      ᠡᠯ ᠯᠢ ᠪᠠᠨ ᠨᠡᠶᠢᠭᠡᠮ ᠲᠣᠭᠤᠷᠢᠭ      ᠣᠶᠢᠷ᠎ᠠ ᠳᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠴᠧᠨ ᠵᠢᠩ ᠹᠧᠩ ᠡᠯ ᠯᠢ ᠪᠠᠨ ᠨᠡᠶᠢᠭᠡᠮ ᠲᠣᠭᠤᠷᠢᠭ ᠤᠨ ᠡᠪᠡᠳᠴᠢᠨ ᠲᠠᠢ ᠰᠠᠭᠤᠭᠠᠯᠢ ᠠᠷᠠᠳ ᠤᠨ ᠭᠡᠷ ᠲᠤ ᠬᠦᠷᠴᠦ᠂ ᠲᠡᠳᠡᠨ ᠤ ᠪᠡᠶ᠎ᠡ ᠶᠢᠨ ᠪᠠᠶᠢᠳᠠᠯ ᠢ ᠯᠠᠪᠯᠠᠨ ᠠᠰᠠᠭᠤᠵᠤ᠂ ᠲᠣᠬᠤᠨᠢᠭᠤᠯᠬᠤ ᠮᠥᠩᠭᠦ ᠬᠦᠷᠭᠡᠬᠦ ᠶᠢᠨ ᠬᠠᠮᠲᠤ ᠲᠡᠳᠡᠨ ᠤ ᠦᠷ᠎ᠡ ᠬᠡᠦᠬᠡᠳ ᠤᠨ ᠰᠤᠷᠤᠯᠭ᠎ᠠ ᠪᠠᠨ ᠲᠡᠭᠦᠰᠬᠡᠵᠦ᠂ ᠠᠮᠢᠳᠤᠷᠠᠯ ᠤᠨ ᠢᠲᠡᠭᠡᠯ ᠢ ᠨᠢ ᠳᠠᠬᠢᠨ ᠣᠯᠬᠤ ᠬᠡᠷᠡᠭᠲᠡᠢ ᠭᠡᠵᠦ ᠵᠣᠷᠢᠭᠵᠢᠭᠤᠯᠵᠠᠢ᠃      ᠱᠦᠨ ᠳ᠋ᠡ ᠵᠠᠮ ᠤᠨ ᠨᠡᠶᠢᠭᠡᠮ ᠲᠣᠭᠤᠷᠢᠭ      ᠴᠠᠭᠠᠨ ᠰᠠᠷ᠎ᠠ ᠠᠴᠠ ᠡᠮᠦᠨᠡᠬᠡᠨ᠂ ᠳ᠋ᠦᠩ ᠡᡁᠸ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠸᠠᠩ ᠵᠢᠶᠠᠨ ᠫᠢᠩ ᠨᠠᠷ ᠱᠦᠨ ᠳ᠋ᠡ ᠵᠠᠮ ᠤᠨ ᠨᠡᠶᠢᠭᠡᠮ ᠲᠣᠭᠤᠷᠢᠭ ᠤᠨ ᠬᠦᠴᠢᠷᠳᠡᠯᠲᠡᠢ ᠰᠠᠭᠤᠭᠠᠯᠢ ᠠᠷᠠᠳ ᠤᠨ ᠭᠡᠷ ᠲᠤ ᠬᠦᠷᠴᠦ ᠲᠣᠬᠤᠨᠢᠭᠤᠯᠵᠤ᠂ ᠲᠡᠳᠡᠨ ᠤ ᠣᠳᠣᠬᠠᠨ ᠤ ᠠᠮᠢᠳᠤᠷᠠᠯ ᠤᠨ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠵᠤ᠂ ᠲᠡᠳᠡᠨ ᠢ ᠪᠡᠶ᠎ᠡ ᠪᠠᠨ ᠭᠠᠮᠨᠠᠭᠠᠷᠠᠢ ᠭᠡᠵᠦ ᠰᠠᠨᠠᠭᠤᠯᠬᠤ ᠶᠢᠨ ᠬᠠᠮᠲᠤ ᠲᠣᠬᠤᠨᠢᠭᠤᠯᠬᠤ ᠮᠥᠩᠭᠦ ᠶᠢ ᠲᠡᠳᠡᠨ ᠳᠤ ᠬᠦᠷᠭᠡᠵᠦ᠂ ᠲᠡᠳᠡᠨ ᠤ ᠠᠮᠤᠷ ᠵᠢᠮᠤᠷ ᠴᠠᠭᠠᠨ ᠰᠠᠷ᠎ᠠ ᠪᠠᠨ ᠥᠩᠭᠡᠷᠡᠭᠦᠯᠬᠦ ᠶᠢ ᠵᠥᠩᠨᠡᠪᠡ᠃      ᠲᠢᠶᠠᠨ ᠵᠢᠶᠣᠣ ᠨᠡᠶᠢᠭᠡᠮ ᠲᠣᠭᠤᠷᠢᠭ      ᠣᠶᠢᠷ᠎ᠠ ᠳᠤ᠂ ᠳ᠋ᠦᠩ ᠾᠧ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠲᠢᠶᠠᠨ ᠵᠢᠶᠣᠣ ᠨᠡᠶᠢᠭᠡᠮ ᠲᠣᠭᠤᠷᠢᠭ ᠤᠨ 17 ᠶᠠᠳᠠᠭᠤ ᠬᠦᠴᠢᠷᠳᠡᠯᠲᠡᠢ ᠭᠡᠷ ᠪᠦᠯᠢ ᠪᠣᠯᠣᠨ 7 ᠵᠡᠮᠳᠡᠭᠴᠦᠳ ᠤᠨ ᠭᠡᠷ ᠪᠦᠯᠢ ᠳᠤ ᠪᠤᠳᠠᠭᠠᠨ ᠭᠤᠯᠢᠷ ᠤᠨ ᠲᠣᠰᠣ ᠬᠦᠷᠭᠡᠭᠰᠡᠨ ᠪᠥᠭᠡᠳ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ ᠶᠠᠳᠠᠭᠤ ᠬᠦᠴᠢᠷᠳᠡᠯᠲᠡᠢ ᠣᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠵᠦ᠂ ᠳᠡᠮᠵᠢᠯᠭᠡ ᠭᠥᠷᠳᠡᠭᠰᠡᠨ ᠣᠯᠠᠨ ᠲᠦᠮᠡᠨ ᠴᠦ ᠲᠠᠯᠠᠷᠬᠠᠵᠤ ᠪᠠᠶᠢᠬᠤ ᠪᠠᠨ ᠢᠯᠡᠳᠬᠡᠪᠡ᠃      ᠠᠭᠠᠷ ᠤᠨ ᠲᠡᠭᠡᠭᠡᠪᠦᠷᠢ ᠶᠢᠨ ᠵᠡᠭᠦᠨ ᠨᠡᠶᠢᠭᠡᠮ ᠲᠣᠭᠤᠷᠢᠭ      ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠨᠠᠮ ᠪᠣᠯᠣᠨ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠵᠠᠩ ᠵᠢᠶᠸ ᠪᠦᠦ ᠯᠢᠶᠠᠨ ᠨᠡᠶᠢᠭᠡᠮ ᠲᠣᠭᠤᠷᠢᠭ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠵᠡᠭᠦᠨ ᠨᠡᠶᠢᠭᠡᠮ ᠲᠣᠭᠤᠷᠢᠭ ᠤᠨ ᠬᠦᠴᠢᠷᠳᠡᠯᠲᠡᠢ ᠰᠠᠭᠤᠭᠠᠯᠢ ᠠᠷᠠᠳ ᠤᠨ ᠭᠡᠷ ᠲᠤ ᠬᠦᠷᠴᠦ᠂ ᠲᠡᠳᠡᠨ ᠤ ᠣᠳᠣᠬᠠᠨ ᠤ ᠡᠷᠡᠭᠦᠯ ᠮᠡᠨᠳᠤ᠂ ᠣᠷᠣᠯᠭ᠎ᠠ᠂ ᠡᠮ ᠡᠮᠨᠡᠯᠭᠡ ᠵᠡᠷᠭᠡ ᠡᠯ᠎ᠡ ᠲᠠᠯ᠎ᠠ ᠶᠢᠨ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠳᠡᠨ ᠢ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠠᠶᠠᠰᠤᠩᠭᠤᠢ ᠡᠷᠡᠭᠦᠯ ᠰᠠᠷᠠᠭᠤᠯ ᠰᠡᠳᠬᠢᠴᠡ ᠲᠠᠢ ᠪᠠᠶᠢᠬᠤ ᠶᠢ ᠵᠣᠷᠢᠭᠵᠢᠭᠤᠯᠬᠤ ᠶᠢᠨ ᠬᠠᠮᠲᠤ ᠲᠡᠳᠡᠨ ᠳᠤ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠥᠪᠡᠷ ᠤᠨ ᠡᠷᠡᠭᠦᠯ ᠮᠡᠨᠳᠤ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠶᠢ ᠵᠠᠬᠢᠪᠠ᠃      ᠠᠷᠠᠳ ᠤᠨ ᠠᠭᠠᠷ ᠤᠨ ᠲᠡᠭᠡᠭᠡᠪᠦᠷᠢ ᠶᠢᠨ ᠪᠠᠷᠠᠭᠤᠨ ᠨᠡᠶᠢᠭᠡᠮ      ᠠᠷᠠᠳ ᠤᠨ ᠠᠭᠠᠷ ᠤᠨ ᠲᠡᠭᠡᠭᠡᠪᠦᠷᠢ ᠶᠢᠨ ᠪᠠᠷᠠᠭᠤᠨ ᠨᠡᠶᠢᠭᠡᠮ ᠲᠣᠭᠤᠷᠢᠭ ᠤᠨ ᠬᠢᠨ ︽ᠬᠥᠮᠥᠨ ᠢᠶᠠᠷ ᠦᠨᠳᠦᠰᠦ ᠪᠣᠯᠭᠠᠵᠤ᠂ ᠠᠷᠠᠳ ᠤᠨ ᠬᠦᠴᠢᠷᠳᠡᠯ ᠢ ᠰᠢᠢᠳᠪᠦᠷᠢᠯᠡᠬᠦ︾ ᠵᠣᠷᠢᠯᠲᠠ ᠶᠢ ᠪᠠᠲᠤ ᠡᠵᠡᠮᠳᠡᠵᠦ᠂ ᠬᠦᠴᠢᠷᠳᠡᠯᠲᠡᠢ ᠣᠯᠠᠨ ᠲᠦᠮᠡᠨ ᠤ ᠬᠦᠴᠢᠷ ᠵᠣᠪᠠᠭᠤᠷᠢ ᠶᠢ ᠦᠨᠡᠨᠬᠦ ᠰᠢᠢᠳᠪᠦᠷᠢᠯᠡᠵᠦ ᠥᠭᠬᠦ ᠬᠡᠷᠡᠭᠲᠡᠢ᠃ᠣᠶᠢᠷ᠎ᠠ ᠳᠤ ᠂ ᠠᠷᠠᠳ ᠤᠨ ᠠᠭᠠᠷ ᠤᠨ ᠲᠡᠭᠡᠭᠡᠪᠦᠷᠢ ᠶᠢᠨ ᠪᠠᠷᠠᠭᠤᠨ ᠨᠡᠶᠢᠭᠡᠮ ᠲᠣᠭᠤᠷᠢᠭ ᠤᠨ ᠬᠢᠨ ᠴᠠᠭᠠᠨ ᠰᠠᠷ᠎ᠠ ᠶᠢᠨ ᠠᠪᠤᠷᠠᠨ ᠲᠤᠰᠠᠯᠠᠬᠤ ᠠᠵᠢᠯ ᠢ ᠥᠷᠨᠢᠭᠦᠯᠵᠦ᠂ ᠡᠮᠦᠨᠡᠬᠢ ᠬᠤᠭᠤᠴᠠᠭᠠᠨ ᠤ ᠡᠷᠦᠬᠡ ᠳᠤ ᠬᠦᠷᠴᠦ ᠪᠠᠶᠢᠴᠠᠭᠠᠨ ᠵᠢᠭᠰᠠᠭᠠᠬᠤ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠲᠡᠷᠡ ᠳᠠᠷᠤᠢ ᠳᠤᠨᠢ ᠠᠪᠤᠷᠠᠨ ᠲᠤᠰᠠᠯᠠᠬᠤ ᠴᠢᠬᠤᠯᠠᠲᠠᠢ ᠰᠠᠭᠤᠭᠠᠯᠢ ᠠᠷᠠᠳ ᠤᠨ ᠳᠡᠷᠭᠡᠳᠡ ᠠᠪᠴᠢᠷᠠᠭᠰᠠᠨ ᠪᠠᠶᠢᠨ᠎ᠠ᠃      ᠵᠠᠨ ᠨᠠᠨ ᠯᠦ ᠨᠡᠶᠢᠭᠡᠮ ᠲᠣᠭᠤᠷᠢᠭ      ᠴᠠᠭᠠᠨ ᠰᠠᠷ᠎ᠠ ᠶᠢ ᠤᠭᠲᠤᠬᠤᠶ᠎ᠠ᠂ ᠬᠠᠯᠠᠭᠤᠨ ᠳᠤᠯᠠᠭᠠᠨ ᠢ ᠬᠦᠷᠭᠡᠶ᠎ᠡ᠃ᠨᠡᠶᠢᠭᠡᠮ ᠲᠣᠭᠤᠷᠢᠭ ᠤᠨ ᠬᠦᠴᠢᠷᠳᠡᠯᠲᠡᠢ ᠤᠯᠠᠨ ᠲᠦᠮᠡᠨ ᠢ ᠪᠠᠶᠠᠷ ᠬᠦᠷ ᠲᠠᠢ ᠪᠠᠷ ᠴᠠᠭᠠᠨ ᠰᠠᠷ᠎ᠠ ᠶᠢ ᠥᠩᠭᠡᠷᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠳ᠋ᠦᠩ ᠾᠧ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠬᠠᠮᠲᠤᠷᠠᠭᠰᠠᠨ ᠦᠷᠳᠡᠭᠡ ᠶᠢᠨ ᠡᠮᠦᠨ᠎ᠡ ᠵᠠᠮ ᠤᠨ ᠨᠡᠶᠢᠭᠡᠮ ᠲᠣᠭᠤᠷᠢᠭ ᠲᠤ ︽ᠬᠤᠣᠰ ᠦᠢᠯᠡᠴᠢᠯᠡᠭᠡ ᠬᠤᠣᠰ ᠲᠠᠨᠢᠵᠤ ᠠᠪᠬᠤ︾ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠡᠢ᠃ᠠᠵᠢᠯᠲᠠᠳ ᠠᠵᠢᠯ ᠣᠯᠭᠤᠯᠲᠠ  ᠶᠢᠨ ᠲᠥᠷᠥ  ᠶᠢᠨ ᠪᠣᠳᠣᠯᠭ᠎ᠠ  ᠶᠢ ᠲᠠᠶᠢᠯᠪᠤᠷᠢᠯᠠᠨ ᠶᠠᠷᠢᠵᠤ᠂ ᠲᠤᠬᠠᠢ  ᠶᠢᠨ ᠲᠠᠯᠠᠪᠠᠶ ᠳᠤ ᠰᠠᠭᠤᠭᠠᠯᠢ ᠠᠷᠠᠳ ᠲᠠᠢ ᠰᠠᠨᠠᠯ ᠢᠶᠠᠨ ᠰᠣᠯᠢᠯᠴᠠᠵᠤ᠂ ᠮᠠᠳᠠᠭ ᠲᠠᠢ ᠠᠰᠠᠭᠤᠳᠠᠯ  ᠢ ᠰᠢᠢᠳᠪᠦᠷᠢᠯᠡᠨ᠂ ᠲᠣᠬᠤᠨᠢᠭᠤᠯᠬᠤ ᠪᠣᠳᠠᠰ  ᠢ ᠬᠦᠴᠢᠷᠳᠡᠯ ᠲᠠᠢ ᠣᠯᠠᠨ ᠲᠦᠮᠡᠨ ᠤ ᠭᠠᠷ ᠲᠤ ᠬᠦᠷᠭᠡᠭᠰᠡᠨ ᠪᠥᠭᠡᠳ ᠴᠠᠭᠠᠨ ᠰᠠᠷ᠎ᠠ  ᠶᠢᠨ ᠢᠷᠦᠭᠡᠯ ᠳᠡᠪᠰᠢᠭᠦᠯᠵᠡᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1