︽ᠭᠠᠵᠠᠷ ᠰᠢᠷᠣᠢ ᠶᠢᠨ ᠨᠢᠭᠡᠳᠦᠭᠡᠷ ᠳᠡᠰ ᠤᠨ ᠨᠡᠭᠡᠭᠡᠨ ᠠᠰᠢᠭᠯᠠᠬᠤ ᠠᠵᠢᠯ ᠢ ᠵᠢᠷᠤᠮᠵᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠤᠨ ᠲᠤᠬᠠᠢ ᠲᠦᠷᠦ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/2/20
      ᠮᠠᠨ ᠤ ᠬᠤᠲᠠ ᠶᠢᠨ ᠭᠠᠵᠠᠷ ᠰᠢᠷᠣᠢ ᠶᠢᠨ ᠨᠢᠭᠡᠳᠦᠭᠡᠷ ᠳᠡᠰ ᠤᠨ ᠨᠡᠭᠡᠭᠡᠨ ᠠᠰᠢᠭᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾᠂ ︽ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠳᠠᠭᠠᠭᠠᠴᠢᠯᠠᠯᠲᠠ ᠵᠠᠷᠯᠠᠵᠤ ᠦᠨ᠎ᠡ ᠬᠠᠶᠠᠨ ᠬᠤᠳᠠᠯᠳᠤᠬᠤ ᠫᠠᠶᠢᠰᠠ ᠡᠯᠭᠦᠨ ᠰᠢᠯᠵᠢᠭᠦᠯᠦᠨ ᠬᠤᠳᠠᠯᠳᠤᠬᠤ ᠲᠣᠭᠲᠠᠭᠠᠯ︾᠂ ︽ᠨᠥᠭᠡᠴᠡᠯᠡᠬᠦ ᠭᠠᠵᠠᠷ ᠰᠢᠷᠣᠢ ᠶᠢ ᠪᠠᠷᠢᠴᠠᠭᠠᠯᠠᠵᠤ ᠪᠡᠯᠡ ᠲᠣᠬᠢᠷᠠᠭᠤᠯᠬᠤ ᠶᠢ ᠲᠦᠷᠭᠡᠳᠬᠡᠨ ᠵᠥᠪᠰᠢᠶᠡᠷᠡᠬᠦ ᠶᠢ ᠲᠦᠷᠭᠡᠳᠬᠡᠬᠦ ᠪᠣᠯᠪᠠᠴᠤ ᠭᠠᠵᠠᠷ ᠰᠢᠷᠣᠢ ᠶᠢ ᠰᠢᠢᠳᠪᠦᠷᠢᠯᠡᠬᠦ ᠳᠤ ᠥᠯᠥ ᠬᠠᠩᠭᠠᠬᠤ ᠬᠤᠯᠪᠣᠭᠳᠠᠯ ᠪᠦᠬᠦᠢ ᠠᠰᠠᠭᠤᠳᠠᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾᠂ ︽ᠭᠠᠵᠠᠷ ᠰᠢᠷᠣᠢ ᠶᠢᠨ ᠨᠥᠭᠡᠴᠡᠯᠡᠯ ᠢ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠢ ᠲᠠᠰ ᠳᠡᠪᠰᠢᠭᠦᠯᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠪᠡᠯ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠠᠨᠠᠯ ᠬᠤᠷᠢᠶᠠᠬᠤ ᠪᠠ ᠭᠦᠢᠴᠡᠳ ᠨᠤᠲᠠᠯᠠᠯᠲᠠ ᠬᠢᠭᠰᠡᠨ ᠤ ᠳᠠᠷᠠᠭ᠎ᠠ︽ᠭᠠᠵᠠᠷ ᠰᠢᠷᠣᠢ ᠶᠢᠨ ᠨᠢᠭᠡᠳᠦᠭᠡᠷ ᠳᠡᠰ ᠤᠨ ᠨᠡᠭᠡᠭᠡᠨ ᠠᠰᠢᠭᠯᠠᠬᠤ ᠠᠵᠢᠯ ᠢ ᠵᠢᠷᠤᠮᠵᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠲᠣᠭᠲᠠᠭᠠᠪᠠ᠃1. ᠠᠰᠠᠭᠤᠯᠲᠠ᠄ ︽ᠭᠠᠵᠠᠷ ᠰᠢᠷᠣᠢ ᠶᠢᠨ ᠨᠢᠭᠡᠳᠦᠭᠡᠷ ᠳᠡᠰ ᠤᠨ ᠨᠡᠭᠡᠭᠡᠨ ᠠᠰᠢᠭᠯᠠᠬᠤ ᠠᠵᠢᠯ ᠢ ᠵᠢᠷᠤᠮᠵᠢᠭᠤᠯᠬᠤ ᠶᠢᠨ ᠬᠡᠷᠡᠭᠵᠢᠭᠦᠯᠬᠦ ᠰᠠᠨᠠᠯ︾ ᠢ ᠨᠡᠶᠢᠲᠡᠯᠡᠨ ᠬᠡᠷᠡᠭᠵᠢᠭᠦᠯᠦᠭᠰᠡᠨ ᠤ ᠠᠬᠤᠢ ᠪᠠᠶᠢᠳᠠᠯ ᠪᠠ ᠴᠢᠬᠤᠯᠠ ᠴᠢᠨᠠᠷ ᠨᠢ ᠶᠠᠭᠤ ᠪᠣᠶ︖      2019 ᠣᠨ ᠤ 1 ᠰᠠᠷ᠎ᠠ ᠳᠤ᠂ ᠮᠠᠨ ᠤ ᠬᠤᠲᠠ ︽ᠪᠤᠭᠤᠲᠤ ᠬᠤᠲᠠ ᠶᠢᠨ ᠭᠠᠵᠠᠷ ᠰᠢᠷᠣᠢ ᠶᠢᠨ ᠨᠢᠭᠡᠳᠦᠭᠡᠷ ᠳᠡᠰ ᠤᠨ ᠨᠡᠭᠡᠭᠡᠨ ᠬᠥᠭᠵᠢᠭᠦᠯᠬᠦ ᠠᠷᠭ᠎ᠠ︾ ︵ᠪᠦᠦ ᠹᠦ᠋ ᠠᠯᠪᠠᠨ ᠲᠠᠷᠬᠠᠭᠠᠭᠰᠠᠨ ﹇2019﹈ 6 ᠳ᠋ᠤᠭᠠᠷ ᠲᠣᠭᠠᠲᠤ᠂ ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠣᠨ ᠤ ᠨᠡᠶᠢᠭᠡᠮ ᠤᠨ ᠪᠡᠯᠡ ᠮᠥᠩᠭᠦ ᠶᠢ ᠰᠢᠩᠭᠡᠬᠡᠨ ᠭᠠᠵᠠᠷ ᠰᠢᠷᠣᠢ ᠶᠢᠨ ᠨᠢᠭᠡᠳᠦᠭᠡᠷ ᠳᠡᠰ ᠤᠨ ᠨᠡᠭᠡᠭᠡᠨ ᠬᠥᠭᠵᠢᠭᠦᠯᠦᠯᠲᠡ ᠶᠢ ᠥᠷᠨᠢᠭᠦᠯᠬᠦ ᠶᠢ ᠵᠣᠷᠢᠭᠵᠢᠭᠤᠯᠵᠤ᠂ ᠨᠡᠭᠡᠭᠡᠨ ᠬᠥᠭᠵᠢᠭᠦᠯᠦᠯᠲᠡ ᠶᠢᠨ ᠠᠰᠢᠭ ᠬᠤᠨᠵᠢᠪᠤᠷᠢ ᠶᠢᠨ ᠨᠣᠷᠮ᠎ᠠ ᠪᠠᠷ ᠬᠠᠷᠢᠭᠤ ᠥᠭᠬᠦ ᠬᠡᠯᠪᠡᠷᠢ ᠪᠠᠷ ᠳᠠᠮᠵᠢᠭᠤᠯᠤᠨ ᠨᠡᠶᠢᠭᠡᠮ ᠤᠨ ᠬᠥᠷᠥᠩᠭᠡ ᠶᠢ ᠲᠡᠳᠡᠨ ᠭᠠᠵᠠᠷ ᠰᠢᠷᠣᠢ ᠶᠢ ᠲᠠᠲᠠᠪᠤᠷᠢᠯᠠᠨ ᠨᠤᠷᠠᠭᠠᠬᠤ ᠳᠤ ᠣᠷᠣᠯᠴᠠᠭᠤᠯᠬᠤ ᠶᠢᠨ ᠬᠠᠮᠲᠤ ᠲᠠᠷᠠᠭᠠᠴᠢ ᠶᠢᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢ ᠥᠷᠨᠢᠭᠦᠯᠦᠨ᠎ᠡ᠃ᠭᠠᠵᠠᠷ ᠰᠢᠷᠣᠢ ᠶᠢᠨ ᠨᠢᠭᠡᠳᠦᠭᠡᠷ ᠳᠡᠰ ᠤᠨ ᠨᠡᠭᠡᠭᠡᠨ ᠠᠰᠢᠭᠯᠠᠬᠤ ᠠᠵᠢᠯ ᠨᠢ ᠬᠤᠲᠠ ᠶᠢᠨ ᠪᠦᠲᠦᠭᠡᠨ ᠪᠠᠶᠢᠭᠤᠯᠤᠯᠲᠠ  ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠵᠦ᠂ ᠭᠡᠪᠡᠴᠦ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠪᠠᠰᠠ ᠠᠳᠠᠯᠢ ᠪᠤᠰᠤ ᠬᠡᠮᠵᠢᠶ᠎ᠡ ᠪᠠᠷ ᠡᠳᠦᠢ ᠲᠡᠳᠦᠢ ᠠᠰᠠᠭᠤᠳᠠᠯ ᠢᠯᠡᠷᠡᠵᠦ ᠪᠠᠶᠢᠨ᠎ᠠ᠄ ᠵᠢᠱᠢᠶᠡᠯᠡᠪᠡᠯ ᠲᠠᠲᠠᠪᠤᠷᠢᠯᠠᠬᠤ ᠪᠠ ᠨᠤᠷᠠᠭᠠᠬᠤ ᠠᠬᠢᠴᠠ ᠤᠳᠠᠭᠠᠨ᠂ ᠨᠡᠭᠡᠭᠡᠨ ᠠᠰᠢᠭᠯᠠᠬᠤ ᠪᠡᠯᠡ ᠮᠥᠩᠭᠦ ᠶᠢ ᠴᠠᠭ ᠲᠤᠬᠠᠢ ᠳᠤᠨᠢ ᠪᠣᠳᠠᠲᠠᠶᠢᠵᠢᠭᠤᠯᠤᠭᠰᠠᠨ ᠦᠭᠡᠢ ᠠᠴᠠ ᠪᠣᠯᠵᠤ ᠲᠥᠷᠥᠯ ᠵᠦᠢᠯ ᠢ ᠬᠡᠷᠡᠭᠵᠢᠭᠦᠯᠬᠦ ᠦᠶᠡᠯᠡᠯ ᠤᠨ ᠬᠤᠭᠤᠴᠠᠭ᠎ᠠ ᠶᠢ ᠤᠷᠲᠤᠳᠬᠠᠭᠰᠠᠨ ᠮᠥᠷᠲᠡᠭᠡᠨ ᠨᠢᠭᠡᠳᠦᠭᠡᠷ ᠳᠡᠰ ᠤᠨ ᠨᠡᠭᠡᠭᠡᠨ ᠠᠰᠢᠭᠯᠠᠬᠤ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠨ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠳᠤ ᠰᠢᠭᠤᠳ ᠣᠷᠤᠯᠴᠠᠬᠤ ᠨᠢ ᠢᠯᠡ ᠪᠠᠷ ᠦᠨ᠎ᠡ ᠬᠠᠶᠠᠯᠴᠠᠬᠤ ᠪᠠ ᠭᠠᠵᠠᠷ ᠰᠢᠷᠣᠢ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠨᠥᠯᠥᠭᠡᠯᠡᠵᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠢ ᠭᠦᠢᠴᠡᠳ ᠪᠤᠰᠤ ᠪᠣᠯᠭᠠᠭᠰᠠᠨ ᠪᠠᠶᠢᠨ᠎ᠠ ᠃ᠡᠭᠦᠨ ᠠᠴᠠ ᠭᠠᠳᠠᠨ᠎ᠠ᠂ ︽ᠠᠷᠭ᠎ᠠ︾ ᠶᠢ ᠨᠡᠶᠢᠲᠡᠯᠡᠭᠡᠳ ᠣᠲᠣ ᠪᠣᠯᠲᠠᠯ᠎ᠠ ᠨᠢᠭᠡᠨᠲᠡ ᠭᠤᠷᠪᠠᠨ ᠵᠢᠯ ᠪᠣᠯᠵᠤ ᠪᠠᠶᠢᠨ᠎ᠠ᠂ ᠣᠳᠣᠬᠠᠨ ᠤ ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠪᠠᠶᠢᠳᠠᠯ ᠳᠤ ᠨᠢᠭᠡᠨᠲᠡ ᠨᠡᠯᠢᠶᠡᠳ ᠶᠡᠭᠡ ᠬᠤᠪᠢᠷᠠᠯᠲᠠ ᠭᠠᠷᠴᠤ᠂ ᠤᠤᠯ ᠤᠨ ᠠᠷᠭ᠎ᠠ ᠶᠢ ᠦᠷᠭᠦᠯᠵᠢᠯᠡᠨ ᠬᠡᠷᠡᠭᠵᠢᠭᠦᠯᠬᠦ ᠨᠢ ᠣᠳᠣᠬᠠᠨ ᠤ ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠪᠣᠳᠠᠲᠤ ᠪᠠᠶᠢᠳᠠᠯ ᠲᠠᠢ ᠨᠢᠭᠡᠨᠲᠡ ᠨᠡᠶᠢᠴᠡᠬᠦ ᠦᠭᠡᠢ ᠪᠣᠯᠤᠭᠰᠠᠨ ᠪᠣᠯᠬᠤᠷ ᠨᠢᠭᠡᠳᠦᠭᠡᠷ ᠳᠡᠰ ᠤᠨ ᠨᠡᠭᠡᠭᠡᠨ ᠬᠥᠭᠵᠢᠭᠦᠯᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠴᠢᠬᠤᠯᠠᠲᠠᠢ ᠪᠠᠶᠢᠨ᠎ᠠ᠃2.  ᠠᠰᠠᠭᠤᠯᠲᠠ᠄ ︽ᠭᠠᠵᠠᠷ ᠰᠢᠷᠣᠢ ᠶᠢᠨ ᠨᠢᠭᠡᠳᠦᠭᠡᠷ ᠳᠡᠰ ᠤᠨ ᠨᠡᠭᠡᠭᠡᠨ ᠠᠰᠢᠭᠯᠠᠬᠤ ᠠᠵᠢᠯ ᠢ ᠵᠢᠷᠤᠮᠵᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠨᠣᠣᠷᠠᠭᠯᠠᠭᠰᠠᠨ ᠶᠠᠪᠤᠴᠠ ᠨᠢ ᠶᠠᠮᠠᠷ ᠪᠠᠶᠢᠳᠠᠭ ᠪᠤᠢ?      ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ  ᠠᠴᠠ ᠲᠦᠷᠦᠭᠦᠯᠡᠨ ︽ᠬᠡᠷᠡᠭᠵᠢᠭᠦᠯᠬᠦ ᠰᠠᠨᠠᠯ︾ ᠢ ᠲᠤᠭᠤᠷᠪᠢᠵᠤ᠂ ᠡᠯ᠎ᠡ ᠬᠤᠰᠢᠭᠤ ᠰᠢᠶᠠᠨ ᠲᠣᠭᠤᠷᠢᠭ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠨᠢᠭᠡᠴᠡ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ︽ᠬᠡᠷᠡᠭᠵᠢᠭᠦᠯᠬᠦ ᠰᠠᠨᠠᠯ︾ ᠤᠨ ᠬᠦᠷᠭᠡᠨ ᠬᠢᠨᠠᠭᠤᠯᠬᠤ ᠨᠣᠣᠷᠠᠭ ᠢ ᠪᠣᠶ ᠪᠣᠯᠭᠠᠪᠠ᠃ᠬᠤᠳᠠ ᠶᠢᠨ ᠨᠠᠮ ᠤᠨ ᠬᠤᠷᠢᠶ᠎ᠠ ᠶᠢᠨ 2022 ᠣᠨ ᠤ 63 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ᠂ ᠬᠤᠳᠠ ᠶᠢᠨ ᠵᠠᠰᠠᠭ ᠤᠨ ᠣᠷᠳᠣᠨ ᠤ 2022 ᠣᠨ ᠤ 31 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠠᠴᠠ ᠬᠢᠨᠠᠨ ᠵᠥᠪᠯᠡᠵᠦ ᠪᠠᠲᠤᠯᠠᠪᠠ᠃3. ᠠᠰᠠᠭᠤᠯᠲᠠ᠄ ︽ᠭᠠᠵᠠᠷ ᠰᠢᠷᠣᠢ ᠶᠢᠨ ᠨᠢᠭᠡᠳᠦᠭᠡᠷ ᠳᠡᠰ ᠤᠨ ᠨᠡᠭᠡᠭᠡᠨ ᠠᠰᠢᠭᠯᠠᠬᠤ ᠠᠵᠢᠯ ᠢ ᠵᠢᠷᠤᠮᠵᠢᠭᠤᠯᠬᠤ ᠶᠢᠨ ᠬᠡᠷᠡᠭᠵᠢᠭᠦᠯᠬᠦ ᠰᠠᠨᠠᠯ︾ ᠤᠨ ᠭᠤᠣᠯ ᠠᠭᠤᠯᠭ᠎ᠠ ᠨᠢ ᠶᠠᠭᠤ ᠪᠣᠶ︖      ︽ᠬᠡᠷᠡᠭᠵᠢᠭᠦᠯᠬᠦ ᠰᠠᠨᠠᠯ︾ ᠢ ᠨᠡᠶᠢᠲᠡ 4 ᠬᠡᠰᠡᠭ᠂ 9 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠪᠠᠷ ᠬᠤᠪᠢᠶᠠᠪᠠ᠃      ᠨᠢᠭᠡᠳᠦᠭᠡᠷ ᠬᠡᠰᠡᠭ ᠶᠡᠷᠦᠩᠬᠡᠢ ᠱᠠᠭᠠᠷᠳᠠᠯᠭ᠎ᠠ ᠳᠤ᠂ ᠡᠯ᠎ᠡ ᠱᠠᠲᠤᠨ ᠤ ᠵᠠᠰᠠᠭ ᠤᠨ ᠣᠷᠳᠣᠨ ᠬᠡᠯᠡᠯᠴᠡᠭᠡᠷ ᠵᠡᠷᠭᠡ ᠠᠷᠭ᠎ᠠ ᠮᠠᠶ᠋ᠢᠭ ᠢᠶᠠᠷ ᠲᠣᠭᠲᠠᠭᠠᠯ ᠢ ᠵᠥᠷᠢᠴᠡᠨ ᠡᠷᠬᠡ ᠣᠯᠭᠤᠵᠤ᠂ ᠠᠵᠤ ᠠᠬᠤᠶᠢᠯᠠᠯ᠂ ᠬᠤᠪᠢ ᠬᠥᠮᠥᠨ ᠵᠡᠷᠭᠡ ᠪᠤᠰᠤᠳ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠨᠠᠶᠢᠳᠠᠵᠤ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠯᠤᠭ᠎ᠠ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠲᠥᠯᠥᠪᠦᠷᠢ ᠶᠢᠨ ᠬᠡᠯᠡᠯᠴᠡᠭᠡᠷ ᠲᠣᠭᠲᠠᠭᠠᠬᠤ᠂ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠲᠥᠯᠥᠪᠦᠷᠢ ᠶᠢᠨ ᠰᠦᠢᠳᠬᠡᠯ ᠢ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠭᠠᠵᠠᠷ ᠰᠢᠷᠣᠢ ᠶᠢᠨ ᠨᠢᠭᠡᠳᠦᠭᠡᠷ ᠳᠡᠰ ᠤᠨ ᠨᠡᠭᠡᠭᠡᠨ ᠠᠰᠢᠭᠯᠠᠯᠲᠠ ᠶᠢ ᠰᠢᠭᠤᠳ ᠬᠢᠯᠭᠡᠵᠦ ᠪᠣᠯᠬᠤ ᠦᠭᠡᠢ ᠭᠡᠰᠡᠨ ᠪᠣᠳᠠᠲᠠᠢ ᠱᠠᠭᠠᠷᠳᠠᠯᠭ᠎ᠠ ᠶᠢ ᠳᠤᠷᠠᠳᠤᠨ ᠭᠠᠷᠭᠠᠵᠠᠢ᠃      ᠬᠤᠶᠠᠳᠤᠭᠠᠷ ᠬᠡᠰᠡᠭ ᠲᠤ ᠭᠠᠵᠠᠷ ᠰᠢᠷᠣᠢ ᠶᠢᠨ ᠨᠢᠭᠡᠳᠦᠭᠡᠷ ᠳᠡᠰ ᠤᠨ ᠨᠡᠭᠡᠭᠡᠨ ᠬᠥᠭᠵᠢᠭᠦᠯᠬᠦ ᠠᠵᠢᠯ ᠢ ᠵᠢᠷᠤᠮᠵᠢᠭᠤᠯᠵᠤ᠂ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠪᠠ ᠲᠥᠯᠥᠪᠯᠡᠭᠡ ᠪᠠᠷ ᠬᠠᠮᠢᠶᠠᠷᠤᠨ ᠡᠵᠡᠮᠳᠡᠬᠦ ᠶᠢ ᠲᠣᠪᠤᠶᠢᠯᠭᠠᠨ᠂ ᠬᠤᠳᠠ ᠶᠢᠨ ᠲᠥᠯᠦᠪᠵᠢᠭᠦᠯᠭᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠪᠴᠢᠶ᠎ᠡ ᠶᠢ ᠥᠷᠭᠡᠳᠬᠡᠬᠦ ᠠᠴᠠ ᠬᠠᠳᠠᠭᠠᠯᠠᠯᠲᠠ ᠶᠢᠨ ᠬᠡᠮᠵᠢᠶ᠎ᠡ ᠶᠢ ᠠᠮᠢᠳᠤᠯᠢᠭ ᠪᠣᠯᠭᠠᠬᠤ ᠲᠡᠶᠢᠰᠢ ᠬᠤᠪᠢᠷᠠᠭᠤᠯᠵᠤ᠂ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠶᠢ ᠡᠷᠡᠰ ᠬᠤᠷᠢᠭᠯᠠᠬᠤ ᠬᠡᠷᠡᠭᠲᠡᠢ;ᠭᠠᠵᠠᠷ ᠰᠢᠷᠣᠢ ᠲᠠᠲᠠᠪᠤᠷᠢᠯᠠᠬᠤ ᠶᠢ ᠬᠠᠤᠯᠢ ᠲᠣᠭᠲᠠᠭᠠᠯ ᠶᠣᠰᠣᠭᠠᠷ ᠲᠦᠯᠬᠢᠨ ᠠᠬᠢᠭᠤᠯᠵᠤ᠂ ᠣᠯᠠᠨ ᠨᠡᠶᠢᠲᠡ ᠶᠢᠨ ᠠᠰᠢᠭ ᠲᠤᠰᠠ ᠬᠢᠭᠡᠳ ᠲᠠᠲᠠᠪᠤᠷᠢᠯᠠᠭᠳᠠᠭᠰᠠᠨ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠨᠢᠭᠡᠳᠦᠯᠲᠡᠢ ᠲᠥᠯᠥᠪᠯᠡᠬᠦ ᠬᠡᠷᠡᠭᠲᠡᠢ︔ᠭᠠᠵᠠᠷ ᠰᠢᠷᠣᠢ ᠶᠢᠨ ᠨᠢᠭᠡᠳᠦᠭᠡᠷ ᠬᠤᠶᠠᠳᠤᠭᠠᠷ ᠳᠡᠰ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭ᠎ᠠ ᠴᠠᠭᠠᠵᠠᠯᠠᠵᠤ᠂ ︽ᠴᠡᠪᠡᠷ ᠭᠠᠵᠠᠷ︾ ᠢ ᠬᠤᠷᠢᠶᠠᠨ ᠬᠠᠳᠠᠭᠠᠯᠠᠵᠤ ᠰᠢᠯᠵᠢᠭᠦᠯᠦᠨ ᠬᠤᠳᠠᠯᠳᠤᠬᠤ ᠶᠢ ᠪᠠᠷᠢᠮᠲᠠᠯᠠᠨ᠂ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠳᠤ ᠡᠷᠬᠡ ᠲᠡᠭᠰᠢ ᠪᠠᠷ ᠥᠷᠢᠰᠦᠯᠳᠦᠬᠦ ᠶᠢ ᠨᠥᠯᠥᠭᠡᠯᠡᠬᠦ ᠶᠠᠮᠠᠷᠪᠠ ᠨᠡᠮᠡᠯᠲᠡ ᠵᠦᠢᠯ ᠵᠤᠷᠪᠤᠰ ᠭᠠᠷᠭᠠᠬᠤ ᠦᠭᠡᠢ︔ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠬᠤᠳᠠᠯᠳᠤᠭᠠᠴᠢᠨ ᠤᠷᠢᠬᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠣᠯᠠᠨ ᠲᠥᠷᠥᠯ ᠵᠦᠢᠯ᠂ ᠣᠯᠠᠨ ᠲᠠᠰ ᠳᠠᠪᠬᠤᠷᠭ᠎ᠠ ᠶᠢᠨ ᠭᠠᠵᠠᠷ ᠬᠡᠷᠡᠭᠯᠡᠬᠦ ᠮᠡᠳᠡᠭᠡ ᠵᠠᠩᠭᠢ ᠶᠢ ᠲᠥᠪᠯᠡᠷᠡᠭᠦᠯᠦᠨ ᠨᠡᠶᠢᠲᠡᠯᠡᠵᠦ᠂ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠬᠤ ᠬᠡᠷᠡᠭᠲᠡᠢ᠃      ᠭᠤᠷᠪᠠᠳᠤᠭᠠᠷ ᠬᠡᠰᠡᠭ ᠲᠤ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠡᠯᠡ ᠮᠥᠩᠭᠦ ᠴᠤᠭᠯᠠᠭᠤᠯᠵᠤ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠡᠷᠭᠡ ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠤᠯᠠᠨ ᠵᠦᠢᠯ ᠤᠨ ᠪᠡᠯᠡ ᠲᠣᠬᠢᠷᠠᠭᠤᠯᠬᠤ ᠪᠠᠭᠠᠵᠢ ᠶᠢ ᠬᠡᠷᠡᠭᠯᠡᠨ ᠨᠢᠭᠡᠳᠦᠭᠡᠷ ᠳᠡᠰ ᠤᠨ ᠨᠡᠭᠡᠭᠡᠨ ᠬᠥᠭᠵᠢᠭᠦᠯᠬᠦ ᠪᠡᠯᠡ ᠮᠥᠩᠭᠦ ᠴᠤᠭᠯᠠᠭᠤᠯᠬᠤ ᠬᠡᠷᠡᠭᠲᠡᠢ;ᠣᠷᠣᠨ ᠰᠠᠭᠤᠴᠠ ᠶᠢ ᠲᠥᠪᠬᠢᠨᠡᠭᠦᠯᠬᠦ ᠠᠵᠢᠯ ᠢ ᠣᠯᠠᠨ ᠠᠷᠭ᠎ᠠ ᠵᠠᠮ ᠢᠶᠠᠷ ᠰᠠᠶᠢᠲᠤᠷ ᠬᠢᠵᠦ᠂ ᠦᠯᠡᠳᠡᠭᠡᠯ ᠣᠷᠣᠨ ᠰᠠᠭᠤᠴᠠ ᠶᠢ ᠠᠰᠢᠭᠯᠠᠨ ᠲᠥᠪᠬᠢᠨᠡᠭᠦᠯᠬᠦ ᠶᠢ ᠵᠣᠷᠢᠭᠵᠢᠭᠤᠯᠤᠨ᠂ ᠦᠯᠡᠳᠡᠭᠡᠯ ᠡᠬᠢ ᠪᠠᠶᠠᠯᠢᠭ ᠢ ᠭᠦᠢᠴᠡᠳ ᠠᠮᠢᠳᠤᠯᠢᠭ ᠪᠣᠯᠭᠠᠵᠤ᠂ ᠳᠠᠪᠬᠤᠷᠳᠠᠭᠤᠯᠤᠨ ᠪᠦᠲᠦᠭᠡᠨ ᠪᠠᠶᠢᠭᠤᠯᠬᠤ  ᠠᠴᠠ ᠵᠠᠶᠢᠯᠠᠰᠬᠢᠨ᠎ᠡ᠃      ᠳᠥᠷᠪᠡᠳᠦᠭᠡᠷ ᠬᠡᠰᠡᠭ ᠬᠢᠨᠠᠯᠲᠠ ᠲᠠᠯᠪᠢᠵᠤ ᠬᠢᠨᠠᠨ ᠬᠠᠮᠢᠶᠠᠷᠬᠤ ᠶᠢ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠯ᠎ᠡ ᠭᠠᠵᠠᠷ ᠣᠷᠣᠨ᠂ ᠨᠢᠭᠡᠴᠡ ᠨᠦᠭᠦᠳ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳ ᠵᠢᠷᠤᠮᠯᠠᠨ᠂ ᠰᠠᠯᠠᠭ᠎ᠠ ᠮᠥᠴᠢᠷ ᠤᠳ ᠤᠨ ᠬᠤᠭᠤᠷᠣᠨᠳᠤ ᠪᠠᠨ ᠵᠣᠬᠢᠴᠠᠯᠳᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠴᠤᠭᠭᠠᠷ ᠠᠳᠬᠤᠨ ᠬᠠᠮᠲᠤᠪᠠᠷ ᠬᠠᠮᠢᠶᠠᠷᠴᠤ᠂ ᠲᠣᠭᠲᠠᠭᠠᠯ  ᠠᠴᠠ ᠵᠥᠷᠢᠴᠡᠨ ᠨᠡᠭᠡᠭᠡᠨ ᠬᠥᠭᠵᠢᠭᠦᠯᠬᠦ ᠦᠶᠯᠡ ᠠᠵᠢᠯᠯᠠᠭ᠎ᠠ ᠡᠭᠦᠰᠬᠦ ᠶᠢ ᠲᠠᠰᠤ ᠵᠣᠭᠰᠣᠭᠠᠨ᠎ᠠ᠃      ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠄ ᠭᠠᠵᠠᠷ ᠰᠢᠷᠣᠢ ᠶᠢᠨ ᠨᠢᠭᠡᠳᠦᠭᠡᠷ ᠱᠠᠲᠤᠨ ᠤ ᠨᠡᠭᠡᠭᠡᠨ ᠬᠥᠭᠵᠢᠭᠦᠯᠬᠦ ᠠᠵᠢᠯ ᠢ ᠵᠢᠷᠤᠮᠵᠢᠭᠤᠯᠬᠤ ᠲᠤᠬᠠᠢ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠡᠷᠡᠭᠵᠢᠭᠦᠯᠬᠦ ᠰᠠᠨᠠᠯ
 
ᠢᠷᠡᠯᠲᠡ᠄ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1