ᠭᠠᠯᠲᠤ ᠲᠡᠷᠭᠡᠨ ᠤ ᠲᠦᠷᠭᠡᠨ ᠳᠠᠪᠬᠢᠬᠤ ᠳᠤ ᠲᠡᠷᠭᠡᠨ ᠤ ᠲᠣᠯᠣᠭᠠᠢ ᠳᠤ ᠯᠠ ᠲᠦᠰᠢᠭᠯᠡᠨ᠎ᠡ᠃ᠠᠵᠤ | ᠠᠬᠤᠢ ᠶᠢᠨ ᠬᠥᠭᠵᠢᠯᠲᠡ ᠶᠢᠨ ᠪᠠᠶᠢᠳᠠᠯ ᠲᠦᠷᠭᠡᠨ ᠪᠠᠶᠢᠬᠤ ᠶᠢᠨ ᠵᠠᠩᠭᠢᠯᠠᠭ᠎ᠠ ᠨᠢ ᠠᠵᠤ ᠦᠢᠯᠡᠰ ᠢ ᠦᠵᠡᠵᠦ᠂ | ᠭᠤᠣᠯᠳᠠᠯᠭ᠎ᠠ ᠨᠢ ᠠᠵᠤ ᠦᠢᠯᠡᠳᠪᠦᠷᠢ ᠶᠢ ᠦᠵᠡᠨ᠎ᠡ᠃ᠡᠳᠦᠭᠡ᠂ ᠠᠵᠤ ᠦᠢᠯᠡᠳᠪᠦᠷᠢ ᠪᠠᠷ ᠣᠷᠣᠨ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠨᠢ ᠨᠢᠭᠡᠨᠲᠡ ᠳ᠋ᠦᠩ ᠾᠧ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ ᠭᠤᠣᠯ ᠰᠤᠳᠠᠰᠤ | ᠪᠣᠯᠵᠠᠢ᠃ | | | | 2022 ᠣᠨ ᠢ ᠡᠷᠭᠢᠴᠡᠭᠦᠯᠪᠡᠯ᠂ ᠳ᠋ᠦᠩ ᠡᡁᠸ ᠲᠣᠭᠤᠷᠢᠭ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ | ᠠᠮᠵᠢᠯᠲᠠ ᠪᠦᠲᠦᠮᠵᠢ ᠰᠠᠶᠢᠰᠢᠶᠠᠭᠤᠰᠢᠲᠠᠢ ᠪᠠᠶᠢᠨ᠎ᠠ᠃ | ︽ᠳᠡᠭᠡᠳᠦ ᠨᠠᠷᠢᠯᠢᠭ ᠣᠷᠣᠶᠢᠯᠠᠭᠴᠢ︾ᠲᠦᠷᠦᠯ ᠵᠦᠢᠯ ᠠᠰᠢᠭᠯᠠᠯᠲᠠ ᠳᠤ ᠣᠷᠣᠵᠤ᠂ ᠴᠠᠬᠢᠯᠭᠠᠨ ᠵᠠᠳᠠᠯᠤᠯ ᠤᠨ | ᠬᠥᠩᠭᠡᠨ ᠴᠠᠭᠠᠨ ᠤ ᠨᠠᠷᠢᠯᠢᠭ ᠡᠳ᠋ᠰᠢᠭᠦᠯᠦᠯᠲᠡ ᠶᠢᠨ ᠨᠤᠷᠮ᠎ᠠ︽ᠪᠠᠶᠠᠷ ᠤᠨ ᠮᠡᠳᠡᠭᠡ︾ᠤᠯᠠᠮᠵᠢᠯᠠᠭᠳᠠᠨ ᠢᠷᠡᠪᠡ᠃ | ᠳᠥᠷᠪᠡ ᠶᠢ ᠨᠡᠪᠲᠡᠷᠡᠭᠦᠯᠬᠦ ᠰᠢᠨ᠎ᠡ ᠮᠠᠲ᠋ᠧᠷᠢᠶᠠᠯ ᠤᠨ 5 ᠲᠦᠮᠡᠨ ᠲᠣᠨ ᠬᠥᠩᠭᠡᠨ ᠴᠠᠭᠠᠨ ᠤ ᠪᠦᠯᠦᠭᠲᠦ ᠬᠤᠪᠣᠷ | ᠰᠢᠷᠣᠢ ᠶᠢᠨ ᠳᠤᠮᠳᠠᠬᠢ ᠬᠠᠶᠢᠯᠤᠰᠢ ᠶᠢᠨ ᠲᠥᠷᠥᠯ ᠵᠦᠢᠯ ᠢᠶᠠᠷ ᠥᠪᠡᠷᠲᠡᠭᠡᠨ ᠵᠠᠰᠠᠬᠤ ᠣᠷᠣᠨ ᠤ ᠬᠥᠩᠭᠡᠨ ᠴᠠᠭᠠᠨ ᠤ | ᠪᠦᠯᠦᠭᠲᠦ ᠬᠤᠪᠣᠷ ᠰᠢᠷᠣᠢ ᠶᠢᠨ ᠬᠠᠶᠢᠯᠤᠰᠢ ᠶᠢᠨ ᠠᠵᠤ ᠦᠢᠯᠡᠰ ᠤᠨ ᠬᠤᠭᠤᠰᠤᠨ ᠢ ᠨᠥᠬᠦᠪᠦᠷᠢᠯᠡᠵᠦ᠂ | ᠤᠮᠠᠷᠠᠲᠤ ᠶᠢᠨ ᠬᠥᠩᠭᠡᠨ ᠴᠠᠭᠠᠨ ᠤ ᠦᠢᠯᠡᠰ ᠤᠨ 9.1 ᠲᠦᠮᠡᠨ ᠲᠣᠨ ᠥᠨᠳᠥᠷ ᠴᠢᠳᠠᠪᠬᠢᠲᠤ ᠬᠥᠩᠭᠡᠨ ᠴᠠᠭᠠᠨ ᠤ | ᠬᠠᠶᠢᠯᠤᠰᠢ ᠶᠢᠨ ᠬᠡᠪᠰᠢᠭᠦᠯᠭᠡ ᠶᠢᠨ ᠲᠥᠷᠥᠯ ᠵᠦᠢᠯ ᠢᠶᠠᠷ ᠪᠠᠷᠠᠭᠤᠨ ᠬᠤᠶᠢᠲᠤ ᠣᠷᠣᠨ ᠤ ᠳᠡᠭᠡᠳᠦ ᠲᠠᠰ ᠤᠨ | ᠬᠠᠪᠲᠠᠰᠤᠨ ᠪᠦᠰᠡ ᠴᠠᠭᠠᠰᠤᠨ ᠤ ᠬᠦᠷᠢᠶᠡᠨ ᠳᠠᠬᠢ ᠬᠤᠭᠤᠰᠤᠨ ᠢ ᠨᠥᠬᠦᠪᠦᠷᠢᠯᠡᠵᠦ᠂ ᠪᠥᠬᠦ ᠲᠠᠯ᠎ᠠ ᠪᠠᠷ ᠪᠠᠶᠢᠭᠤᠯᠤᠨ | ᠳᠠᠭᠤᠰᠬᠠᠭᠠᠳ᠂ ᠬᠥᠩᠭᠡᠨ ᠴᠠᠭᠠᠨ ᠤ ᠨᠠᠷᠢᠯᠢᠭ ᠪᠣᠯᠪᠠᠰᠤᠷᠠᠭᠤᠯᠬᠤ ᠨᠣᠷᠮ᠎ᠠ ᠶᠢ 9% ᠠᠴᠠ 35% ᠳᠤ | ᠬᠦᠷᠭᠡᠨ᠎ᠡ᠃ | ᠬᠦᠷᠢᠶᠡᠯᠡᠩ ᠲᠣᠭᠤᠷᠢᠭ ᠲᠤ︽ᠬᠠᠮᠤᠭ ᠤᠨ ᠬᠦᠴᠦᠷᠬᠡᠭ ᠶᠡᠭᠡ ᠲᠠᠷᠢᠬᠢ︾ᠤᠭᠰᠠᠷᠠᠵᠤ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢ ᠨᠡᠩ ᠣᠶᠤᠨᠴᠢ ᠪᠥᠭᠡᠳ ᠳᠥᠭᠦᠮ ᠳᠥᠲᠡ ᠪᠣᠯᠭᠠᠪᠠ᠃ᠬᠥᠩᠭᠡᠨ ᠴᠠᠭᠠᠨ ᠤ | ᠦᠢᠯᠡᠰ ᠤᠨ ᠬᠦᠷᠢᠶᠡᠯᠡᠩ ᠲᠣᠭᠤᠷᠢᠭ ᠤᠨ ᠣᠶᠤᠨᠲᠤ ᠬᠦᠷᠢᠶᠡᠯᠡᠩ ᠲᠣᠭᠤᠷᠢᠭ ᠤᠨ ᠵᠥᠭᠡᠯᠡᠨ ᠲᠣᠨᠤᠭ ᠢ ᠨᠡᠭᠡᠭᠡᠨ | ᠬᠥᠭᠵᠢᠭᠦᠯᠬᠦ᠂ ᠵᠢᠯᠤᠭᠤᠳᠬᠤ ᠲᠥᠪ ᠢ ᠦᠨᠳᠦᠰᠦᠨ ᠳᠡᠭᠡᠨ ᠪᠡᠶᠡᠯᠡᠭᠦᠯᠵᠦ᠂ ᠰᠢᠯᠵᠢᠮᠡᠯ ᠡᠭᠦᠯᠡᠨ ᠬᠠᠳᠠᠭᠠᠯᠠᠯᠲᠠ ᠶᠢ | ᠪᠦᠬᠦᠨ ᠢ ᠪᠠᠶᠢᠭᠤᠯᠤᠨ ᠳᠠᠭᠤᠰᠬᠠᠵᠤ᠂ ᠣᠲᠣ ᠶᠠᠭ ᠲᠤᠰᠬᠠᠢ ᠱᠤᠭᠤᠮ ᠤᠨ ᠪᠦᠲᠦᠭᠡᠨ ᠪᠠᠶᠢᠭᠤᠯᠤᠯᠲᠠ ᠪᠠ ᠠᠵᠤ | ᠠᠬᠤᠶᠢᠯᠠᠯ ᠤᠨ ᠵᠠᠯᠭᠠᠨ ᠣᠷᠣᠭᠤᠯᠬᠤ᠂ ᠲᠤᠷᠰᠢᠨ ᠲᠣᠬᠢᠷᠠᠭᠤᠯᠬᠤ ᠠᠵᠢᠯ ᠢ ᠲᠦᠷᠭᠡᠳᠬᠡᠵᠦ ᠪᠠᠶᠢᠨ᠎ᠠ᠂ | ᠵᠢᠱᠢᠯᠲᠡ ᠪᠠᠷ ᠡᠨᠡ ᠵᠢᠯ ᠤᠨ 2 ᠳ᠋ᠤᠭᠠᠷ ᠰᠠᠷ᠎ᠠ ᠶᠢᠨ ᠰᠡᠭᠦᠯᠴᠢ ᠪᠠᠷ ᠪᠦᠬᠦᠨ ᠢ ᠪᠠᠶᠢᠭᠤᠯᠤᠨ ᠳᠠᠭᠤᠰᠬᠠᠵᠤ | ᠠᠰᠢᠭᠯᠠᠯᠲᠠ ᠳᠤ ᠣᠷᠣᠭᠤᠯᠤᠨ᠂ ᠪᠥᠬᠦ ᠬᠤᠲᠠ ᠶᠢᠨ ᠰᠢᠨ᠎ᠡ ᠨᠢᠭᠡ ᠡᠭᠡᠯᠵᠢ ᠶᠢᠨ ᠣᠶᠤᠨᠲᠤ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠬᠠᠮᠤᠭ ᠤᠨ ᠲᠦᠷᠭᠡᠨ ᠠᠬᠢᠭᠤᠯᠬᠤ ᠪᠣᠯᠣᠨ᠎ᠠ᠃ | | | | | ᠬᠥᠬᠡ ᠲᠡᠭᠷᠢ ᠴᠠᠭᠠᠨ ᠡᠭᠦᠯᠡᠨ ᠤ ᠥᠩᠭᠡ ᠦᠵᠡᠮᠵᠢ ᠰᠠᠶᠢᠬᠠᠨ ᠪᠠᠶᠢᠵᠤ᠂ ᠪᠣᠬᠢᠷᠳᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ︽ᠠᠯᠳᠠᠨ ᠦᠰᠦᠭᠲᠦ ᠫᠠᠶᠢᠰᠠ︾ | ᠤᠯᠠᠮ ᠠᠴᠠ ᠤᠯᠠᠮ ᠭᠡᠷᠡᠯᠲᠦᠨ᠎ᠡ᠃ᠬᠤᠸᠠ ᠶᠦᠨ ᠤ 6MW ᠮᠠᠶ᠋ᠢᠭ ᠤᠨ ᠬᠡᠷᠡᠯ ᠢᠶᠠᠷ ᠴᠠᠬᠢᠯᠭᠠᠨ ᠭᠠᠷᠭᠠᠬᠤ | ᠵᠢᠱᠢᠶ᠎ᠡ ᠦᠵᠡᠭᠦᠯᠬᠦ ᠲᠥᠷᠥᠯ ᠵᠦᠢᠯ ᠤᠨ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ᠂ ᠬᠥᠩᠭᠡᠨ ᠴᠠᠭᠠᠨ ᠢ | ᠳᠠᠭᠠᠭᠠᠴᠢᠯᠠᠭᠰᠠᠨ ᠴᠡᠪᠡᠷ ᠡᠨᠧᠷᠭᠢ ᠶᠢᠨ ᠣᠷᠤᠯᠠᠭᠤᠯᠤᠯᠲᠠ ᠶᠢᠨ ᠢᠨᠵᠧᠨᠧᠷᠢᠩ ᠢ ᠲᠦᠷᠭᠡᠳᠬᠡᠨ ᠠᠬᠢᠭᠤᠯᠵᠤ᠂ | ᠬᠥᠩᠭᠡᠨ ᠴᠠᠭᠠᠨ ᠢ ᠳᠠᠭᠠᠭᠠᠴᠢᠯᠠᠭᠰᠠᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠥᠪ ᠢ | ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ᠠᠵᠤ ᠠᠬᠤᠶᠢᠯᠠᠯ ᠤᠨ ᠡᠨᠧᠷᠭᠢ ᠠᠷᠪᠢᠯᠠᠬᠤ᠂ ᠤᠰᠤ | ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 14 ᠲᠥᠷᠥᠯ ᠵᠦᠢᠯ ᠢ ᠬᠡᠷᠡᠭᠵᠢᠭᠦᠯᠵᠦ᠂ ᠪᠥᠬᠦ ᠣᠷᠣᠨ ᠤ ᠨᠢᠭᠡᠴᠢ | GDP ᠶᠢᠨ ᠡᠨᠧᠷᠭᠢ ᠶᠢᠨ ᠬᠤᠷᠣᠭᠳᠠᠭᠤᠯᠤᠯ ᠢ ᠵᠢᠱᠢᠯᠲᠡ ᠪᠠᠷ 6.4% ᠪᠠᠷ ᠪᠠᠭᠤᠷᠠᠭᠤᠯᠵᠤ᠂ ᠪᠥᠬᠦ ᠬᠤᠲᠠ ᠶᠢᠨ | 1.1% ᠪᠠᠷ ᠪᠠᠭᠤᠷᠠᠭᠤᠯᠬᠤ ᠡᠭᠦᠷᠭᠡ ᠶᠢᠨ ᠬᠠᠷᠠᠯᠲᠠ ᠶᠢ ᠳᠠᠪᠠᠭᠤᠯᠤᠨ ᠪᠡᠶᠡᠯᠡᠭᠦᠯᠪᠡ᠃ | ᠡᠭᠦᠨ ᠠᠴᠠ ᠭᠠᠳᠠᠨ᠎ᠠ᠂ ᠶᠢᠨ ᠯᠦ ᠲᠣᠰᠣ ᠤᠯᠤᠰ ᠤᠨ ᠲᠠᠰ ᠤᠨ ᠪᠣᠬᠢᠷᠳᠤᠯ ᠦᠭᠡᠢ ᠦᠢᠯᠡᠳᠪᠦᠷᠢ ᠪᠠᠷ | ᠦᠨᠡᠯᠡᠭᠳᠡᠵᠦ᠂ ᠱᠧᠩ ᠲᠠᠢ ᠪᠠ ᠪᠤᠭᠤᠲᠤ ᠶᠢᠨ ᠬᠢᠲᠠᠳ ᠡᠮ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠳᠤᠯ | ᠦᠭᠡᠢ ᠦᠢᠯᠡᠳᠪᠦᠷᠢ ᠪᠠᠷ ᠦᠨᠡᠯᠡᠭᠳᠡᠵᠦ᠂ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ | ᠪᠣᠬᠢᠷᠳᠤᠯ ᠦᠭᠡᠢ ᠦᠢᠯᠡᠳᠪᠦᠷᠢ ᠲᠣᠰ ᠲᠣᠰ 2 ᠪᠠ 6 ᠪᠣᠯᠵᠤ᠂ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ | ᠲᠣᠭᠤᠷᠢᠭ ᠥᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠦᠷᠢᠶᠡᠯᠡᠩ ᠲᠣᠭᠤᠷᠢᠭ ᠤᠨ ᠲᠤᠷᠰᠢᠯᠲᠠ ᠪᠠᠷ ᠵᠥᠪᠰᠢᠶᠡᠷᠡᠭᠳᠡᠪᠡ᠃2022 ᠣᠨ ᠳᠤ᠂ ᠪᠥᠬᠦ ᠣᠷᠣᠨ ᠳᠤ 13 | ᠠᠴᠠ ᠳᠡᠭᠡᠭᠰᠢ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠢ ᠬᠡᠷᠡᠭᠵᠢᠭᠦᠯᠵᠦ᠂ 54 | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠪᠡ᠃ | | | | | ᠰᠢᠨ᠎ᠡ ᠨᠢᠭᠡ ᠵᠢᠯ ᠤᠨ ᠡᠬᠢᠯᠡᠯᠲᠡ ᠶᠢᠨ ᠴᠡᠭ ᠳᠡᠭᠡᠷ᠎ᠡ ᠵᠣᠭᠰᠣᠵᠤ᠂ ᠳ᠋ᠦᠩ ᠾᠧ ᠲᠣᠭᠤᠷᠢᠭ ᠤᠨ ᠬᠢᠨ ︽ | ᠠᠵᠤ ᠦᠢᠯᠡᠳᠪᠦᠷᠢ ᠪᠠᠷ ᠣᠷᠣᠨ ᠢᠶᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ ︽ | ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠵᠤ᠂ ︽ᠨᠡᠮᠡᠭᠳᠡᠯ ᠢ ᠨᠡᠮᠡᠭᠳᠡᠭᠦᠯᠬᠦ ᠤᠬᠠᠮᠰᠠᠷ︾ ᠢ | ᠴᠢᠩᠭᠠᠷᠠᠭᠤᠯᠵᠤ᠂ ︽ᠵᠠᠳᠠᠯᠤᠯᠲᠠ ᠲᠠᠢ ᠰᠡᠳᠬᠢᠬᠦᠢ︾ ᠪᠠᠷ ᠠᠵᠤ ᠦᠢᠯᠡᠳᠪᠦᠷᠢ ᠶᠢᠨ ᠬᠥᠭᠵᠢᠯᠲᠡ ᠶᠢ ᠴᠢᠩᠭ᠎ᠠ | ᠠᠳᠬᠤᠬᠤ ᠶᠢ ᠪᠠᠷᠢᠮᠲᠠᠯᠠᠨ᠂ ᠬᠥᠩᠭᠡᠨ ᠴᠠᠭᠠᠨ ᠤ ᠭᠤᠣᠯᠯᠠᠬᠤ ᠠᠵᠤ ᠦᠢᠯᠡᠰ ᠤᠨ ᠴᠢᠳᠠᠪᠤᠷᠢ ᠶᠢᠨ ᠲᠠᠰ ᠢ | ᠬᠦᠴᠦᠯᠡᠨ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠲᠣᠭᠠᠴᠢᠯᠠᠨ ᠬᠡᠯᠪᠡᠷᠢ ᠪᠠᠨ ᠬᠤᠪᠢᠷᠠᠭᠤᠯᠬᠤ ᠶᠢ | ᠲᠦᠷᠭᠡᠳᠬᠡᠨ ᠠᠬᠢᠭᠤᠯᠵᠤ᠂ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠪᠥᠬᠦ ᠣᠷᠣᠨ ᠤ ᠠᠵᠤ ᠦᠢᠯᠡᠳᠪᠦᠷᠢ ᠶᠢᠨ ᠠᠵᠤ | ᠠᠬᠤᠢ ᠶᠢᠨ ᠬᠥᠭᠵᠢᠯᠲᠡ ᠶᠢᠨ ᠯᠠᠪᠳᠠᠭᠤᠨ ᠢᠶᠠᠷ ᠰᠠᠶᠢᠵᠢᠷᠠᠬᠤ ᠶᠢ ᠬᠦᠴᠦᠯᠡᠨ ᠠᠬᠢᠭᠤᠯᠵᠤ᠂ ᠣᠷᠭᠢᠯᠤᠮ᠎ᠠ ᠬᠠᠯᠠᠭᠤᠨ | ᠰᠡᠳᠬᠢᠯᠭᠡ ᠪᠠᠷ ᠪᠤᠭᠤᠲᠤ ᠪᠠᠨ ᠬᠠᠶᠢᠷᠠᠯᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠵᠦ᠂ | ᠳ᠋ᠦᠩ ᠾᠧ ᠲᠣᠭᠤᠷᠢᠭ ᠤᠨ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠳᠠᠬᠢᠨᠲᠠ ᠬᠡᠷᠡᠯ ᠰᠠᠴᠤᠷᠠᠩᠭᠤᠢ | ᠠᠮᠵᠢᠯᠲᠠ ᠶᠢ ᠡᠭᠦᠳᠬᠦ ᠶᠢ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ᠃ | ᠪᠤᠭᠤᠲᠤ ᠶᠢᠨ ᠬᠥᠩᠭᠡᠨ ᠴᠠᠭᠠᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠦᠷᠴᠦ᠂ ᠪᠢᠴᠢᠯ | ᠰᠠᠯᠠᠭ᠎ᠠ ᠶᠢᠨ 10 ᠲᠦᠮᠡᠨ ᠲᠣᠨ ᠪᠣᠬᠢᠷᠳᠤᠯ ᠦᠭᠡᠢ ᠬᠥᠩᠭᠡᠨ ᠬᠡᠮᠵᠢᠶᠡᠨ ᠤ ᠳᠡᠭᠡᠳᠦ ᠲᠠᠰ ᠤᠨ ᠬᠥᠩᠭᠡᠨ ᠴᠠᠭᠠᠨ ᠤ | ᠬᠠᠶᠢᠯᠤᠰᠢ ᠶᠢᠨ ᠰᠢᠨ᠎ᠡ ᠮᠠᠲ᠋ᠧᠷᠢᠶᠠᠯ ᠢ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ᠂ ᠤᠮᠠᠷᠠᠲᠤ ᠶᠢᠨ ᠬᠥᠩᠭᠡᠨ | ᠴᠠᠭᠠᠨ ᠤ ᠦᠢᠯᠡᠰ ᠤᠨ ᠵᠢᠯ ᠳᠤ 9.1 ᠲᠦᠮᠡᠨ ᠲᠣᠨ ᠥᠨᠳᠥᠷ ᠴᠢᠳᠠᠪᠬᠢᠲᠤ ᠬᠥᠩᠭᠡᠨ ᠴᠠᠭᠠᠨ ᠤ ᠬᠠᠶᠢᠯᠤᠰᠢ ᠶᠢᠨ | ᠴᠢᠳᠬᠤᠨ ᠬᠡᠪᠰᠢᠭᠦᠯᠬᠦ ᠲᠥᠷᠥᠯ ᠵᠦᠢᠯ᠂ ᠱᠧᠩ ᠲᠠᠢ ᠶᠢᠨ 60 ᠲᠦᠮᠡᠨ ᠬᠤᠪᠣᠷ ᠰᠢᠷᠣᠢ ᠶᠢᠨ ᠬᠥᠩᠭᠡᠨ | ᠴᠠᠭᠠᠨ ᠤ ᠬᠠᠶᠢᠯᠤᠰᠢ ᠶᠢᠨ ᠬᠤᠳᠠᠯᠳᠤᠭᠠᠨ ᠳᠤ ᠬᠡᠷᠡᠭᠯᠡᠬᠦ ᠲᠡᠷᠭᠡᠨ ᠬᠦᠷᠳᠦᠨ ᠤ ᠲᠥᠷᠥᠯ ᠵᠦᠢᠯ ᠵᠡᠷᠭᠡ ᠪᠡᠯᠡ | ᠣᠷᠣᠭᠤᠯᠤᠯᠲᠠ ᠶᠢᠨ ᠪᠠᠭᠲᠠᠭᠠᠮᠵᠢ ᠪᠠᠷ ᠶᠡᠭᠡ᠂ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠠᠵᠤ ᠠᠬᠤᠢ ᠶᠢᠨ | ᠦᠷ᠎ᠡ ᠠᠰᠢᠭ ᠢᠶᠠᠷ ᠰᠠᠶᠢᠨ ᠨᠢᠭᠡ ᠪᠦᠯᠦᠭ ᠲᠥᠷᠥᠯ ᠵᠦᠢᠯ ᠢ ᠡᠬᠢᠯᠡᠭᠦᠯᠦᠨ ᠠᠵᠢᠯ ᠡᠬᠢᠯᠡᠭᠦᠯᠵᠦ᠂ ᠠᠵᠤ | ᠠᠬᠤᠢ ᠶᠢᠨ ᠬᠥᠭᠵᠢᠯᠲᠡ ᠶᠢᠨ ᠨᠥᠭᠡᠴᠡ ᠬᠦᠴᠦᠨ ᠢᠶᠠᠷ ᠲᠡᠭᠦᠯᠳᠡᠷ ᠪᠠᠶᠢᠨ᠎ᠠ᠃ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠤᠷᠤᠭᠰᠢ ᠪᠠᠨ ᠤᠷᠤᠭᠰᠢᠯᠠᠵᠤ︾᠂ ᠠᠵᠤ | ᠦᠢᠯᠡᠳᠪᠦᠷᠢ ᠶᠢᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠳᠤ︽ᠬᠤᠷᠳᠤᠳᠬᠠᠬᠤ ᠳᠠᠷᠤᠪᠴᠢ︾ ᠶᠢ ᠳᠠᠷᠤᠪᠠ᠃ | ᠪᠤᠭᠤᠲᠤ ᠶᠢᠨ ᠱᠧᠩ ᠲᠠᠢ ᠮᠠᠰᠢᠨ ᠲᠡᠷᠭᠡᠨ ᠤ ᠰᠡᠯᠪᠢᠭ ᠲᠤᠨᠤᠭ ᠦᠢᠯᠡᠳᠬᠦ ᠬᠢᠵᠠᠭᠠᠷᠲᠤ ᠺᠣᠮᠫᠠᠨᠢ ᠳᠤ᠂ ᠣᠶᠤᠨᠲᠤ | ᠮᠧᠬᠠᠨᠢᠭ ᠭᠠᠷ ᠶᠠᠭ ᠤᠷᠢᠳᠴᠢᠯᠠᠨ ᠲᠣᠭᠲᠠᠭᠰᠠᠨ ᠲᠡᠰ ᠳᠠᠷᠠᠭᠠᠯᠠᠯ ᠶᠣᠰᠣᠭᠠᠷ ᠥᠨᠳᠥᠷ ᠪᠦᠲᠦᠮᠵᠢᠲᠡᠢ ᠠᠵᠢᠯᠯᠠᠵᠤ | ᠪᠠᠶᠢᠨ᠎ᠠ᠃ ︽ᠥᠩᠭᠡᠷᠡᠭᠰᠡᠨ ᠤ ᠬᠥᠮᠥᠨ ᠤ ᠬᠦᠴᠦ ᠪᠠᠷ ᠨᠢᠭᠡ ᠪᠤᠯᠤ ᠶᠢ ᠭᠢᠯᠠᠶᠢᠯᠭᠠᠬᠤ 5 ᠮᠢᠨᠦ᠋ᠲ ᠲᠠᠢ | ᠠᠳᠠᠯᠢᠳᠬᠠᠪᠠᠯ᠂ ᠮᠧᠬᠠᠨᠢᠭ ᠭᠠᠷ ᠨᠢ ᠬᠥᠮᠥᠨ ᠤ ᠬᠦᠴᠦᠨ ᠤ ᠥᠪᠡᠷ ᠤᠨ ᠥᠷᠲᠡᠭ ᠢ ᠠᠷᠪᠢᠯᠠᠵᠤ᠂ ᠬᠥᠳᠡᠯᠮᠦᠷᠢ | ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠳᠦᠷ ᠪᠦᠷᠢ ᠶᠢᠨ ᠦᠢᠯᠡᠳᠪᠦᠷᠢᠯᠡᠬᠦ ᠴᠢᠳᠠᠪᠤᠷᠢ ᠶᠢ 2 ᠲᠦᠮᠡ | ᠰᠢᠬᠠᠮ ᠪᠣᠯᠭᠠᠵᠠᠢ︾᠃ ᠲᠥᠷᠥᠯ ᠵᠦᠢᠯ ᠤᠨ ᠬᠠᠷᠢᠭᠤᠴᠠᠯᠭᠠᠲᠠᠨ ᠲᠠᠨᠢᠯᠴᠠᠭᠤᠯᠪᠠ᠃ | | | | | ᠣᠶᠢᠷ᠎ᠠ ᠶᠢᠨ ᠵᠢᠯ ᠠᠴᠠ᠂ ᠳ᠋ᠦᠩ ᠡᡁᠸ ᠲᠣᠭᠤᠷᠢᠭ ᠤᠨ ᠬᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠮᠡᠳᠡᠭᠡ ᠵᠠᠩᠭᠢᠵᠢᠯᠲᠠ ᠶᠢ ᠠᠵᠤ | ᠦᠢᠯᠡᠳᠪᠦᠷᠢᠵᠢᠯᠲᠡ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠡᠯᠧᠮᠧᠨ᠋ᠲ ᠪᠣᠯᠭᠠᠵᠤ᠂ ᠪᠤᠭᠤᠲᠤ ᠶᠢᠨ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠣᠶᠤᠨᠴᠢ ᠪᠠᠴᠢᠮ ᠪᠠᠶᠢᠳᠠᠯ ᠢ ᠠᠷᠭᠠᠴᠠᠬᠤ ᠰᠤᠳᠤᠯᠭᠠᠨ ᠤ ᠬᠦᠷᠢᠶᠡᠯᠡᠩ᠂ | ᠱᠧᠩ ᠲᠠᠢ᠂ ᠳᠤᠮᠳᠠᠳᠤ ᠤᠯᠤᠰ ᠤᠨ ᠤᠰᠤᠲᠥ᠋ᠷᠥᠭᠴᠢ ᠶᠢᠨ ᠡᠨᠧᠷᠭᠢ ᠵᠡᠷᠭᠡ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠲᠠᠪᠴᠠᠩ ᠳᠤ ᠲᠦᠰᠢᠭᠯᠡᠨ᠂ ᠠᠵᠤ ᠦᠢᠯᠡᠳᠪᠦᠷᠢ ᠶᠢᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ | ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ ᠲᠣᠭᠠᠴᠢᠯᠠᠭᠰᠠᠨ ︽ᠳ᠋ᠦᠩ ᠡᡁᠸ ᠶᠢᠨ ᠵᠠᠭᠪᠤᠷ︾ ᠢ ᠡᠭᠦᠳᠴᠡᠢ᠃ | ︽2023 ᠣᠨ ᠳᠤ᠂ ᠪᠢᠳᠠ ᠲᠣᠭᠠᠴᠢᠯᠠᠭᠰᠠᠨ ᠡᠨᠧᠷᠭᠢ ᠣᠯᠭᠤᠬᠤ ᠶᠢ ᠦᠷᠭᠦᠯᠵᠢᠯᠡᠨ ᠴᠢᠩᠭᠠᠳᠬᠠᠵᠤ᠂ | ᠬᠡᠪᠴᠢᠶ᠎ᠡ ᠠᠴᠠ ᠳᠡᠭᠡᠭᠰᠢᠬᠢ ᠠᠵᠤ ᠠᠬᠤᠶᠢᠯᠠᠯ ᠤᠨ ᠪᠦᠬᠦᠨ ᠢᠶᠠᠷ ᠢᠶᠠᠨ︿ᠡᠭᠦᠯᠡᠨ ᠪᠣᠳᠣᠯᠲᠠ ᠳᠤ ᠬᠡᠷᠡᠭᠯᠡᠬᠦ ᠳᠤ | ᠲᠣᠭᠠᠨ ᠤ ᠤᠬᠠᠭᠠᠨ ᠣᠯᠭᠤᠬᠤ﹀ ᠶᠢ ᠠᠬᠢᠭᠤᠯᠵᠤ᠂ ᠳᠤᠮᠳᠠ ᠪᠠᠭ᠎ᠠ ᠠᠵᠤ ᠠᠬᠤᠶᠢᠯᠠᠯ ᠤᠨ ᠲᠣᠭᠠᠴᠢᠯᠠᠭᠰᠠᠨ | ᠬᠡᠯᠪᠡᠷᠢ ᠶᠢ ᠬᠤᠪᠢᠷᠠᠭᠤᠯᠬᠤ ᠶᠢ ᠲᠠᠶᠢᠴᠢᠯᠠᠨ᠎ᠠ︾᠃ ᠡᠭᠦᠨ ᠤ ᠬᠠᠮᠲᠤ᠂ 5G ᠶᠢᠨ ᠠᠤᠭ᠎ᠠ ᠥᠷᠲᠡᠭᠡ ᠶᠢ 40 | ᠪᠠᠶᠢᠭᠤᠯᠬᠤ ᠪᠠᠷ ᠲᠥᠯᠥᠪᠯᠡᠵᠦ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠪᠤᠶᠤ | ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠲᠥᠪ ᠢ 1 ᠪᠠᠶᠢᠭᠤᠯᠵᠤ᠂ ᠪᠤᠭᠤᠲᠤ ᠶᠢᠨ | ᠬᠥᠩᠭᠡᠨᠴᠠᠭᠠᠨ ᠤ ︿5G + ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ﹀ ᠶᠢᠨ ᠲᠠᠪᠴᠠᠩ ᠤᠨ ᠴᠢᠳᠠᠮᠵᠢ ᠶᠢ | ᠲᠠᠰᠤᠷᠠᠯᠲᠠ ᠦᠭᠡᠢ ᠥᠷᠭᠡᠳᠬᠡᠬᠦ ᠶᠢ ᠳᠡᠮᠵᠢᠵᠦ᠂ ᠣᠯᠠᠨ ᠬᠦᠷᠢᠶ᠎ᠡ ᠴᠠᠷᠠᠭ᠎ᠠ᠂ ᠣᠯᠠᠨ ᠲᠠᠰ ᠳᠠᠪᠬᠤᠷᠭ᠎ᠠ ᠶᠢᠨ ᠠᠵᠤ | ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠠᠭᠤᠰᠤᠯᠴᠠᠨ ᠬᠥᠭᠵᠢᠬᠦ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ︾ | ᠭᠡᠵᠦ ᠣᠷᠣᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠶᠢᠨ ᠬᠠᠷᠢᠭᠤᠴᠠᠯᠭᠠᠲᠠᠨ ᠢᠯᠡᠷᠬᠡᠶᠢᠯᠡᠪᠡ᠃ | ᠡᠨᠡ ᠰᠠᠭᠤᠷᠢᠨ ᠳᠡᠭᠡᠷ᠎ᠡ᠂ ᠳ᠋ᠦᠩ ᠾᠧ ᠲᠣᠭᠤᠷᠢᠭ ᠤᠨ ᠬᠢᠨ ᠪᠠᠰᠠ ᠣᠳᠣ ᠪᠠᠶᠢᠭ᠎ᠠ ᠡᠬᠢ ᠪᠠᠶᠠᠯᠢᠭ ᠢᠶᠠᠨ | ᠤᠯᠠᠮ ᠨᠢᠭᠡ ᠠᠯᠬᠤᠮ ᠠᠮᠢᠯᠠᠭᠤᠯᠵᠤ᠂ ᠬᠦᠷᠢᠶᠡᠯᠡᠩ ᠲᠣᠭᠤᠷᠢᠭ ᠤᠨ ᠥᠨᠵᠢᠵᠦ ᠪᠠᠶᠢᠭ᠎ᠠ ᠭᠠᠵᠠᠷ ᠰᠢᠷᠣᠢ ᠶᠢᠨ | ᠴᠡᠪᠡᠷᠯᠡᠯᠲᠡ ᠶᠢ ᠦᠷᠭᠦᠯᠵᠢᠯᠡᠨ ᠠᠬᠢᠭᠤᠯᠵᠤ᠂ ︽ᠰᠢᠩᠭᠡᠯᠢᠭ ᠢᠶᠠᠨ ᠰᠤᠯᠠᠯᠠᠵᠤ ᠰᠢᠪᠠᠭᠤ ᠪᠠᠨ ᠰᠣᠯᠢᠬᠤ︾᠂︽ᠭᠠᠵᠠᠷ | ᠦᠭᠡᠢ ᠭᠠᠵᠠᠷ ᠠᠴᠠ ᠬᠤᠳᠠᠯᠳᠤᠭᠠᠴᠢᠨ ᠤᠷᠢᠬᠤ︾ ᠨᠢ︽ᠦᠬᠦᠰᠢᠷᠡᠮᠡᠯ ᠠᠵᠤ ᠠᠬᠤᠶᠢᠯᠠᠯ︾ ᠋ ᠢ ᠠᠮᠢᠯᠠᠭᠤᠯᠬᠤ ᠶᠢ | ᠲᠦᠷᠭᠡᠳᠬᠡᠵᠦ᠂ ᠠᠵᠤ ᠦᠢᠯᠡᠳᠪᠦᠷᠢ ᠶᠢᠨ ᠶᠡᠷᠦᠩᠬᠡᠶᠢᠯᠡᠭᠰᠡᠨ ᠴᠢᠨᠠᠷᠲᠠᠢ ᠪᠠᠷᠢᠮᠵᠢᠶᠠᠵᠢᠭᠰᠠᠨ ᠦᠨᠡᠯᠡᠯᠲᠡ ᠶᠢᠨ | ᠰᠢᠰᠲ᠋ᠥᠮ ᠤᠨ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠬᠦᠷᠢᠶᠡᠯᠡᠩ ᠲᠣᠭᠤᠷᠢᠭ ᠤᠨ ᠮᠦ ᠪᠦᠷᠢ ᠶᠢᠨ ᠳᠤᠮᠳᠠᠴᠢ | ᠪᠠᠷᠢᠮᠵᠢᠶ᠎ᠠ ᠳᠠᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ᠂ ᠭᠠᠶᠢᠯᠢ ᠲᠠᠲᠠᠪᠤᠷᠢ᠂ ᠪᠡᠯᠡ ᠣᠷᠣᠭᠤᠯᠤᠯᠲᠠ ᠶᠢᠨ | ᠡᠷᠴᠢᠮ ᠵᠡᠷᠭᠡ ᠭᠦᠢᠴᠡᠳᠬᠡᠯ ᠲᠤᠭ᠎ᠠ ᠶᠢ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ | ᠳᠣᠣᠷ᠎ᠠ ᠨᠡᠮᠡᠯᠲᠡ ᠦᠷᠲᠡᠭ ᠲᠠᠢ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ | ᠠᠬᠢᠭᠤᠯᠵᠤ᠂ ᠳ᠋ᠦᠩ ᠾᠧ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ︽ᠳᠡᠰ ᠳᠡᠪᠰᠢᠭᠰᠡᠨ ᠬᠡᠪ︾ ᠢ ᠪᠦᠬᠦ | ᠬᠦᠴᠦᠨ ᠢᠶᠠᠷ ᠢᠶᠠᠨ ᠴᠣᠭᠴᠠᠯᠠᠨ᠎ᠠ᠃ | | | | | ᠨᠢᠭᠡ ᠵᠢᠯ ᠤᠨ ᠬᠠᠪᠤᠷ ᠤᠨ ᠠᠵᠢᠯ ᠢ ᠲᠡᠷᠢᠭᠦᠨ ᠪᠠᠶᠢᠷᠢᠨ ᠳᠤ ᠲᠠᠯᠪᠢᠬᠤᠶᠠ᠂ ᠲᠦᠮᠡᠨ ᠶᠠᠪᠤᠳᠠᠯ ᠤᠨ ᠦᠢᠯᠡ | ᠠᠵᠢᠯᠯᠠᠭ᠎ᠠ ᠤᠷᠢᠳ ᠢᠶᠠᠷ ᠶᠠᠪᠤᠭᠳᠠᠨ᠎ᠠ᠃ᠰᠢᠨ᠎ᠡ ᠨᠢᠭᠡ ᠵᠢᠯ ᠳᠤ᠂ ᠳ᠋ᠦᠩ ᠡᡁᠸ ᠲᠣᠭᠤᠷᠢᠭ ᠤᠨ ᠬᠢᠨ ᠲᠡᠦᠬᠡ ᠶᠢᠨ | ᠬᠠᠮᠤᠭ ᠤᠨ ᠥᠨᠳᠥᠷ ᠲᠦᠪᠰᠢᠨ ᠳᠤ ᠪᠤᠴᠠᠬᠤ ᠡᠷᠴᠢ ᠵᠣᠷᠢᠭ ᠪᠣᠯᠣᠨ ᠡᠷᠴᠢ ᠵᠣᠷᠢᠭ ᠢᠶᠠᠨ ᠬᠥᠪᠴᠢᠯᠡᠵᠦ᠂ ᠠᠵᠤ | ᠦᠢᠯᠡᠳᠪᠦᠷᠢ ᠪᠠᠷ ᠣᠷᠣᠨ ᠢᠶᠠᠨ ᠬᠦᠴᠦᠷᠬᠡᠭᠵᠢᠭᠦᠯᠬᠦ︽ᠲᠦᠷᠭᠡᠨ ᠤᠷᠤᠭᠰᠢᠯᠠᠬᠤ ᠳᠠᠷᠤᠪᠴᠢ︾ ᠶᠢ ᠳᠠᠷᠤᠵᠤ᠂ ᠡᠷᠴᠢ | ᠵᠣᠷᠢᠭ ᠢᠶᠠᠨ ᠬᠥᠪᠴᠢᠯᠡᠵᠦ᠂ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭᠠᠨ ᠤ ᠳᠦᠷᠰᠦ ᠪᠠᠶᠢᠳᠠᠯ ᠢᠶᠠᠷ᠂ ᠠᠵᠠ | ᠲᠣᠬᠢᠶᠠᠯ ᠢ ᠠᠮᠵᠢᠵᠤ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ | ᠪᠦᠲᠦᠭᠡᠬᠦ ᠪᠣᠳᠠᠲᠤ ᠠᠵᠢᠯᠯᠠᠭ᠎ᠠ ᠪᠠᠷ ᠢᠶᠠᠨ ᠪᠤᠭᠤᠲᠤ ᠶᠢ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ ᠪᠣᠯᠣᠨ᠎ᠠ᠃ | |