2022 ᠣᠨ ᠳᠤ᠂ ᠳ᠋ᠦᠩ ᠾᠧ ᠲᠣᠭᠤᠷᠢᠭ︽ᠠᠵᠤ ᠠᠬᠤᠢ ᠶᠢ ᠲᠣᠭᠲᠠᠭᠤᠨ ᠪᠠᠶᠢᠯᠭᠠᠬᠤ︾ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠳᠠᠷᠤᠯᠲᠠ ᠶᠢ ᠲᠤᠯᠵᠤ᠂ ᠡᠷᠡᠰ ᠰᠢᠭᠤᠷᠬᠠᠢ ᠪᠠᠷ ᠦᠰᠦᠨ ᠪᠣᠶᠢᠵᠢᠵᠤ᠂ ᠠᠵᠤ | ᠠᠬᠤᠢ ᠶᠢᠨ ᠳᠠᠷᠤᠯᠲᠠ ᠶᠢ ᠳᠠᠭᠠᠭᠠᠵᠤ ᠦᠷᠭᠦᠯᠵᠢᠯᠡᠨ ᠲᠣᠭᠲᠠᠭᠤᠨ ᠪᠠᠶᠢᠯᠭᠠᠬᠤ ᠶᠢ ᠪᠦᠬᠦ ᠬᠦᠴᠦᠨ ᠢᠶᠠᠷ ᠢᠶᠠᠨ | ᠪᠡᠶᠡᠯᠡᠭᠦᠯᠵᠡᠢ᠃ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ | ︽ᠳᠥᠷᠪᠡᠨ ᠬᠠᠮᠤᠭ ᠤᠨ ᠶᠡᠭᠡ︾ ᠪᠠᠶᠢᠳᠠᠯ ᠢᠯᠡᠷᠡᠪᠡ ︱ ︱ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠡᠷᠴᠢᠮ ᠬᠠᠮᠤᠭ ᠤᠨ ᠶᠡᠭᠡ ᠪᠠᠶᠢᠨ᠎ᠠ᠃ᠪᠥᠬᠦ ᠵᠢᠯ ᠳᠤ 104 ᠲᠥᠷᠥᠯ ᠵᠦᠢᠯ ᠤᠨ ᠭᠡᠷ᠎ᠡ ᠲᠣᠭᠲᠠᠵᠤ᠂ | ᠬᠡᠯᠡᠯᠴᠡᠭᠡᠷ ᠤᠨ ᠪᠥᠬᠦ ᠵᠣᠭᠤᠰ ᠤᠨ ᠲᠤᠭ᠎ᠠ 910 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 41.3% ᠪᠠᠷ ᠨᠡᠮᠡᠭᠳᠡᠪᠡ᠂ ᠨᠢᠭᠡᠳᠦᠭᠡᠷ ᠤᠯᠠᠷᠢᠯ ᠳᠤ ᠭᠡᠷ᠎ᠡ ᠲᠣᠭᠲᠠᠭᠰᠠᠨ ᠲᠥᠷᠥᠯ | ᠵᠦᠢᠯ ᠤᠨ ᠪᠥᠬᠦ ᠵᠢᠯ ᠤᠨ ᠬᠠᠭᠠᠰ ᠢᠯᠡᠭᠦᠦ ᠶᠢᠨ ᠡᠭᠦᠷᠭᠡ ᠶᠢ ᠪᠡᠶᠡᠯᠡᠭᠦᠯᠵᠦ᠂ ᠬᠡᠯᠡᠯᠴᠡᠭᠡᠷ ᠤᠨ ᠪᠥᠬᠦ ᠵᠣᠭᠤᠰ ᠤᠨ | ᠪᠥᠬᠦ ᠵᠢᠯ ᠤᠨ ᠡᠭᠦᠷᠭᠡ ᠶᠢ 9 ᠰᠠᠷ᠎ᠠ ᠤᠷᠢᠳᠴᠢᠯᠠᠨ ᠪᠡᠶᠡᠯᠡᠭᠦᠯᠵᠦ᠂ 88 ᠲᠥᠷᠥᠯ ᠵᠦᠢᠯ ᠢ ᠨᠠᠶᠢᠳᠠᠪᠤᠷᠢᠵᠢᠭᠤᠯᠵᠤ᠂ | ᠨᠠᠶᠢᠳᠠᠪᠤᠷᠢᠵᠢᠭᠤᠯᠤᠭᠰᠠᠨ ᠨᠣᠷᠮ᠎ᠠ 84.6% ᠬᠦᠷᠴᠦ᠂ ᠪᠥᠬᠦ ᠵᠢᠯ ᠤᠨ ᠡᠭᠦᠷᠭᠡ ᠶᠢᠨ 135% ᠶᠢ | ᠪᠡᠶᠡᠯᠡᠭᠦᠯᠵᠡᠢ᠃ᠭᠤᠣᠯᠳᠠᠯᠭ᠎ᠠ ᠲᠠᠢ ᠲᠥᠷᠥᠯ ᠵᠦᠢᠯ ᠤᠨ ᠲᠤᠭ᠎ᠠ ᠬᠡᠮᠵᠢᠶ᠎ᠡ ᠣᠶᠢᠷ᠎ᠠ ᠶᠢᠨ ᠵᠢᠯ ᠳᠤ ᠬᠠᠮᠤᠭ ᠢᠯᠡᠭᠦᠦ᠃ | ᠪᠦ᠋ᠬᠦ ᠵᠢᠯ ᠳᠤ 103 ᠭᠤᠣᠯᠳᠠᠯᠭ᠎ᠠ ᠲᠠᠢ ᠵᠦᠢᠯᠡᠰ ᠢ ᠬᠡᠷᠡᠭᠵᠢᠭᠦᠯᠵᠦ᠂ ᠲᠦᠷᠦᠭᠦᠦ ᠵᠢᠯ ᠤᠨ ᠬᠢ ᠠᠴᠠ 16 | ᠨᠡᠮᠡᠭᠳᠡᠵᠡᠢ;ᠪᠠᠷᠢᠯᠭ᠎ᠠ ᠶᠢᠨ ᠠᠵᠢᠯ ᠳᠠᠭᠤᠰᠤᠭᠰᠠᠨ ᠵᠦᠢᠯ 51 ᠪᠠᠶᠢᠵᠤ᠂ ᠲᠦᠷᠦᠭᠦᠦ ᠵᠢᠯ ᠤᠨ ᠬᠢ ᠠᠴᠠ 30 | ᠨᠡᠮᠡᠭᠳᠡᠵᠡᠢ᠃ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠳᠤ ᠬᠠᠮᠤᠭ ᠤᠨ ᠲᠦᠷᠭᠡᠨ ᠪᠠᠶᠢᠳᠠᠭ᠃103 | ᠭᠤᠣᠯᠳᠠᠯᠭ᠎ᠠ ᠲᠠᠢ ᠲᠦᠷᠦᠯ ᠵᠦᠢᠯ ᠤᠨ 8 ᠵᠦᠢᠯ ᠤᠨ ᠭᠠᠷ ᠭᠦᠢᠴᠡᠳᠬᠡᠯ ᠢ 3 ᠰᠠᠷ᠎ᠠ ᠶᠢᠨ ᠰᠡᠭᠦᠯᠴᠢ ᠪᠠᠷ | ᠪᠦᠬᠦᠨ ᠢ ᠭᠦᠢᠴᠡᠳᠬᠡᠨ ᠳᠠᠭᠤᠰᠬᠠᠵᠤ᠂ ᠳᠡᠭᠡᠷ᠎ᠡ ᠵᠢᠯ ᠤᠨ ᠬᠢ ᠠᠴᠠ 4 ᠰᠠᠷ᠎ᠠ ᠤᠷᠢᠳᠴᠢᠯᠠᠵᠤ᠂ ᠭᠦᠢᠴᠡᠳᠬᠡᠨ | ᠳᠠᠭᠤᠰᠬᠠᠭᠰᠠᠨ ᠨᠤᠷᠮ᠎ᠠ ᠨᠢ ᠪᠦᠬᠦ ᠬᠤᠳᠠ ᠳᠤ ᠨᠢᠭᠡᠳᠦᠭᠡᠷ ᠲᠤ ᠣᠷᠣᠪᠠ᠃︽ᠬᠤᠶᠠᠷ ᠰᠢᠨ᠎ᠡ︾ ᠶᠢᠨ ᠲᠥᠷᠥᠯ | ᠵᠦᠢᠯ ᠤᠨ ᠲᠤᠭ᠎ᠠ ᠬᠡᠮᠵᠢᠶ᠎ᠡ ᠣᠶᠢᠷ᠎ᠠ ᠶᠢᠨ ᠵᠢᠯ ᠳᠤ ᠬᠠᠮᠤᠭ ᠤᠨ ᠣᠯᠠᠨ ᠪᠣᠯᠵᠠᠢ᠃ᠠᠵᠤ ᠦᠢᠯᠡᠰ ᠤᠨ ᠲᠥᠷᠥᠯ ᠤᠨ | ᠲᠥᠷᠥᠯ ᠵᠦᠢᠯ 29 ᠪᠠᠶᠢᠵᠤ᠂ ᠰᠢᠨ᠎ᠡ ᠪᠠᠷ ᠨᠡᠮᠡᠭᠳᠡᠭᠰᠡᠨ ︽ᠳᠥᠷᠪᠡ ᠶᠢ ᠳᠡᠭᠡᠭᠰᠢᠯᠡᠭᠦᠯᠬᠦ︾ ᠠᠵᠤ ᠠᠬᠤᠶᠢᠯᠠᠯ | ᠵᠢᠴᠢ ᠬᠤᠪᠢ ᠬᠥᠮᠥᠨ 26 ᠪᠠᠶᠢᠵᠤ᠂ ᠶᠡᠷᠦᠩᠬᠡᠢ ᠬᠡᠮᠵᠢᠶ᠎ᠡ ᠨᠢ 161 ᠡᠷᠦᠬᠡ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 9.5% ᠪᠠᠷ ᠨᠡᠮᠡᠭᠳᠡᠪᠡ᠃ | ᠲᠤᠭ᠎ᠠ ᠪᠠᠷᠢᠮᠲᠠ ᠨᠤᠭᠤᠳ ᠤᠨ ᠠᠷᠤ ᠳᠤ᠂ ᠳ᠋ᠦᠩ ᠾᠧ ᠲᠣᠭᠤᠷᠢᠭ ᠤᠨ ᠡᠵᠡᠩᠨᠡᠯᠲᠡ ᠶᠢᠨ ᠣᠷᠴᠢᠨ | ᠲᠣᠭᠤᠷᠢᠨ ᠲᠠᠰᠤᠷᠠᠯᠲᠠ ᠦᠭᠡᠢ ᠰᠢᠯᠢᠳᠡᠭᠵᠢᠵᠦ᠂ ᠠᠵᠤ ᠠᠬᠤᠢ ᠶᠢᠨ ᠬᠥᠭᠵᠢᠯᠲᠡ ᠶᠢᠨ ᠬᠥᠳᠡᠯᠭᠡᠭᠦ ᠬᠦᠴᠦᠨ | ᠦᠷᠭᠦᠯᠵᠢᠯᠡᠨ ᠴᠢᠩᠭᠠᠷᠠᠵᠠᠢ᠃2022 ᠣᠨ ᠳᠤ᠂ ᠳ᠋ᠦᠩ ᠡᡁᠸ ᠲᠣᠭᠤᠷᠢᠭ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ | ᠬᠤᠷᠠᠮᠠᠯ ᠦᠢᠯᠡᠴᠢᠯᠡᠭᠡ ᠶᠢ 114 ᠭᠠᠷᠭᠠᠪᠠ᠃ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ | ᠬᠦᠴᠦᠨ ᠢ ᠢᠯᠡᠳᠲᠡ ᠴᠢᠩᠭᠠᠷᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ | ᠭᠤᠷᠪᠠᠨ ᠵᠢᠯ ᠤᠨ ᠠᠵᠢᠯᠯᠠᠭ᠎ᠠ ᠶᠢ ᠦᠨᠳᠦᠰᠦᠨ ᠳᠡᠭᠡᠨ ᠪᠡᠶᠡᠯᠡᠭᠦᠯᠵᠦ᠂ ᠣᠷᠣᠨ ᠤ ᠬᠠᠷᠢᠶ᠎ᠠ ᠪᠦᠬᠦᠢ 60 | ᠡᠷᠦᠬᠡ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠨᠡᠶᠢᠯᠡᠭᠦᠯᠦᠭᠡᠳ 3 ᠠᠵᠤ ᠠᠬᠤᠶᠢᠯᠠᠯ ᠤᠨ ᠪᠦᠯᠦᠭᠯᠡᠯ | ᠪᠣᠯᠭᠠᠵᠤ᠂ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠯᠠᠪᠳᠠᠭᠤᠨ ᠢᠶᠠᠷ | ᠤᠷᠤᠭᠰᠢᠯᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠶᠡᠬᠡᠪᠡᠷ ᠪᠣᠶᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ︵ᠬᠦᠷᠢᠶᠡᠯᠡᠩ ᠲᠣᠭᠤᠷᠢᠭ︶ ᠤᠨ | ᠬᠥᠭᠵᠢᠯᠲᠡ ᠶᠢᠨ ᠲᠤᠰᠬᠠᠢ ᠲᠥᠷᠥᠯ ᠤᠨ ᠪᠡᠯᠡ ᠮᠥᠩᠭᠦ ᠵᠢᠴᠢ ᠡᠯ᠎ᠡ ᠲᠥᠷᠥᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ 1636 ᠲᠦᠮᠡᠨ ᠲᠥᠭᠦᠷᠢᠭ ᠴᠢᠷᠮᠠᠶᠢᠨ ᠣᠯᠵᠤ᠂ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 5᠂ ᠥᠪᠡᠷᠲᠡᠭᠡᠨ ᠵᠠᠰᠠᠬᠤ ᠣᠷᠣᠨ ᠤ ︽ᠲᠤᠰᠬᠠᠢ ᠨᠠᠷᠢᠯᠢᠭ | ᠣᠨᠴᠠ ᠰᠢᠨ᠎ᠡ︾᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠠᠵᠤ | ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠲᠥᠪ 12 ᠰᠢᠨ᠎ᠡ ᠪᠠᠷ ᠨᠡᠮᠡᠭᠳᠡᠨ᠂ ᠬᠥᠩᠭᠡᠨ ᠴᠠᠭᠠᠨ ᠢ | ᠳᠠᠭᠠᠭᠠᠴᠢᠯᠠᠨ 5N ᠲᠠᠰ ᠠᠴᠠ ᠳᠡᠭᠡᠭᠰᠢᠬᠢ ᠴᠡᠪᠡᠷ ᠬᠥᠩᠭᠡᠨ ᠴᠠᠭᠠᠨ ᠤ ᠮᠡᠷᠭᠡᠵᠢᠯ ᠤᠨ ᠪᠣᠭᠤᠮᠢ ᠶᠢ ᠰᠢᠪᠲᠤᠯᠵᠤ᠂ | ᠨᠢᠭᠡ ᠯᠡ ᠳᠡᠭᠡᠷ᠎ᠡ ︽ᠪᠣᠭᠤᠬᠤ︾ ᠬᠦᠴᠢᠷ ᠠᠰᠠᠭᠤᠳᠠᠯ ᠢ ᠰᠢᠢᠳᠪᠦᠷᠢᠯᠡᠪᠡ᠃︽ᠲᠠᠪᠤᠨ ᠦᠨᠳᠦᠰᠦᠨ ᠵᠦᠢᠯ ᠢ | ᠶᠡᠭᠡ ᠪᠠᠷ ᠡᠬᠢᠯᠡᠭᠦᠯᠬᠦ︾ ᠡᠭᠦᠷᠭᠡ ᠶᠢ ᠪᠥᠬᠦᠳᠡ ᠶᠢ ᠪᠡᠶᠡᠯᠡᠭᠦᠯᠵᠦ᠂ ᠵᠥᠪᠰᠢᠶᠡᠷᠡᠭᠦᠯᠬᠦ ᠪᠠᠷ ᠪᠠᠶᠢᠭ᠎ᠠ 82 ᠵᠦᠢᠯᠡᠰ ᠤᠨ | ᠭᠠᠷ ᠭᠦᠢᠴᠡᠳᠬᠡᠯ ᠢ ᠪᠥᠬᠦᠳᠡ ᠶᠢ ᠭᠦᠢᠴᠡᠳᠬᠡᠨ ᠳᠠᠭᠤᠰᠬᠠᠵᠤ᠂ 209.73 ᠾᠧᠺᠲ᠋ᠠᠷ ᠭᠠᠵᠠᠷ ᠰᠢᠷᠣᠢ ᠶᠢ | ᠠᠮᠢᠳᠤᠯᠢᠭ ᠢᠶᠠᠷ ᠠᠰᠢᠭᠯᠠᠵᠤ᠂ ᠪᠡᠶᠡᠯᠡᠭᠦᠯᠦᠭᠰᠡᠨ ᠨᠤᠷᠮ᠎ᠠ 113.6% ᠳᠤ ᠬᠦᠷᠪᠡ᠃ | | | | | 2023 ᠣᠨ ᠳᠤ ᠳ᠋ᠦᠩ ᠾᠧ ᠲᠣᠭᠤᠷᠢᠭ ᠤᠨ ᠬᠢᠨ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ | ᠬᠡᠷᠡᠭᠲᠡᠢ᠄ | ᠤᠨᠢᠨ ᠳᠡᠭᠡᠷ᠎ᠡ ᠨᠢ ᠠᠷᠠᠯᠵᠢᠶᠠᠴᠢᠨ ᠤᠷᠢᠵᠤ᠂ ᠭᠤᠣᠯᠳᠠᠯᠭ᠎ᠠ ᠲᠠᠢ ᠠᠵᠤ ᠦᠢᠯᠡᠰ ᠲᠤ ᠠᠩᠬᠠᠷᠤᠯ ᠢᠶᠠᠨ | ᠲᠥᠪᠯᠡᠷᠡᠭᠦᠯᠬᠦ | ᠮᠠᠨ ᠤ ᠣᠷᠣᠨ ︽ᠳᠤᠮᠳᠠ ᠠᠴᠠ ᠰᠢᠨ᠎ᠡ ᠶᠢ ᠪᠣᠶ ᠪᠣᠯᠭᠠᠬᠤ︾ ᠪᠠ ︽ᠣᠷᠣ ᠦᠭᠡᠢ ᠭᠠᠵᠠᠷ ᠣᠪᠣᠭ᠎ᠠ | ᠪᠣᠰᠬᠠᠬᠤ︾ ᠶᠢ ᠵᠡᠷᠭᠡ ᠪᠠᠷ ᠠᠳᠬᠤᠬᠤ ᠶᠢ ᠦᠷᠭᠦᠯᠵᠢᠯᠡᠨ ᠪᠠᠷᠢᠮᠲᠠᠯᠠᠵᠤ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠤᠨ ᠨᠠᠷᠢᠯᠢᠭ ᠰᠣᠩᠭᠤᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ᠳᠡᠭᠡᠳᠦ ᠳᠡᠰ ᠤᠨ ᠰᠢᠨ᠎ᠡ ᠮᠡᠷᠭᠡᠵᠢᠯ ᠪᠠ | ᠣᠷᠣᠨ ᠪᠠᠶᠢᠭᠤᠯᠬᠤ ᠲᠣᠮᠣ ᠲᠥᠷᠥᠯ ᠵᠦᠢᠯ ᠢᠶᠠᠷ ᠭᠤᠣᠯᠳᠠᠯᠭ᠎ᠠ ᠪᠣᠯᠭᠠᠵᠤ᠂ ᠠᠵᠤ ᠦᠢᠯᠡᠰ ᠤᠨ ᠬᠡᠯᠬᠢᠶ᠎ᠡ ᠪᠠᠷ | ᠬᠤᠳᠠᠯᠳᠤᠭᠠᠴᠢᠨ ᠤᠷᠢᠬᠤ ᠶᠢ ᠴᠢᠩᠭᠠᠷᠠᠭᠤᠯᠤᠨ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠲᠤᠰᠬᠠᠢ | ᠮᠡᠷᠭᠡᠵᠢᠯ ᠢᠶᠠᠷ ᠬᠤᠳᠠᠯᠳᠤᠭᠠᠴᠢᠨ ᠤᠷᠢᠬᠤ ᠶᠢ ᠴᠢᠩᠭᠠᠳᠬᠠᠵᠤ᠂ ᠬᠤᠳᠠᠯᠳᠤᠭᠠᠴᠢᠨ ᠤ ᠨᠡᠶᠢᠭᠡᠮᠯᠢᠭ᠂ | ᠬᠤᠳᠠᠯᠳᠤᠭᠠᠴᠢᠨ ᠤᠷᠢᠬᠤ ᠵᠥᠪᠯᠡᠭᠴᠢ ᠶᠢᠨ ᠦᠢᠯᠡᠳᠦᠯ ᠢ ᠪᠠᠳᠠᠷᠠᠭᠤᠯᠤᠨ᠂ ᠪᠤᠭᠤᠲᠤ ᠬᠤᠲᠠ ᠳᠤ ᠲᠦᠰᠢᠭᠯᠡᠨ ︽ | ᠳᠡᠯᠡᠬᠡᠢ ᠶᠢᠨ ᠬᠤᠪᠣᠷ ᠰᠢᠷᠣᠢ ᠶᠢᠨ ᠬᠤᠲᠠ︾ ︽ᠳᠡᠯᠡᠬᠡᠢ ᠶᠢᠨ ᠪᠣᠬᠢᠷᠳᠤᠯ ᠦᠭᠡᠢ ᠴᠠᠬᠢᠭᠤᠷ ᠤᠨ ᠬᠤᠲᠠ︾ ᠭᠡᠬᠦ | ᠬᠤᠶᠠᠷ ᠲᠣᠮᠣ ᠲᠤᠭᠴᠢ ᠬᠡᠯᠪᠡᠷᠢ ᠶᠢᠨ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠵᠤ᠂ ᠰᠢᠨ᠎ᠡ ᠬᠦᠷᠢᠶ᠎ᠡ | ᠴᠠᠷᠠᠭ᠎ᠠ ᠰᠢᠨ᠎ᠡ ᠤᠷᠤᠯᠳᠤᠭᠠᠨ ᠤ ᠵᠠᠮ ᠢ ᠲᠦᠷᠭᠡᠳᠬᠡᠨ ᠬᠥᠭᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ 120 | ᠠᠴᠠ ᠳᠡᠭᠡᠭᠰᠢ ᠲᠥᠷᠥᠯ ᠵᠦᠢᠯ ᠳᠤ ᠭᠠᠷ ᠤᠨ ᠥᠰᠥᠭ ᠵᠢᠷᠤᠵᠤ᠂ ᠵᠥᠪᠳᠡᠯᠴᠡᠭᠡᠷ ᠤᠨ ᠪᠥᠬᠦ ᠵᠣᠭᠤᠰ ᠤᠨ | ᠲᠤᠭ᠎ᠠ ᠶᠢ 800 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ ᠤᠯᠤᠰ ᠤᠨ ᠳᠣᠲᠣᠭᠠᠳᠤ ︵ᠣᠷᠣᠨ ᠤ | ᠭᠠᠳᠠᠨᠠᠬᠢ︶ ᠶᠢᠨ ᠪᠡᠯᠡ ᠮᠥᠩᠭᠦ ᠶᠢ ᠣᠷᠣᠭᠤᠯᠤᠨ ᠠᠪᠴᠢᠷᠠᠬᠤ ᠨᠡᠮᠡᠭᠳᠡᠯ ᠤᠨ ᠬᠤᠷᠳᠤᠴᠠ ᠶᠢ 15% ᠠᠴᠠ | ᠳᠡᠭᠡᠭᠰᠢ ᠪᠣᠯᠭᠠᠨ᠎ᠠ᠃ | | | | | ᠡᠭᠦᠨ ᠤ ᠬᠠᠮᠲᠤ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠴᠢᠭᠯᠡᠯ᠂ | ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠣᠯᠣᠨ ᠪᠡᠯᠡ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ ᠠᠩᠬᠠᠷᠴᠤ | ᠂ ᠬᠤᠳᠠ ᠶᠢ ᠰᠢᠨᠡᠳᠬᠡᠬᠦ᠂ ᠠᠵᠤ ᠦᠢᠯᠡᠰ ᠢ ᠲᠡᠰ ᠳᠡᠪᠰᠢᠭᠦᠯᠬᠦ᠂ ᠣᠷᠴᠢᠨ ᠠᠬᠤᠢ ᠶᠢ ᠵᠠᠰᠠᠬᠤ᠂ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ ᠶᠢ ᠭᠤᠣᠯᠳᠠᠯᠭ᠎ᠠ ᠲᠠᠢ ᠪᠠᠷ ᠬᠠᠷᠠᠭᠠᠯᠠᠨ᠂ ᠪᠠᠰᠠ ᠨᠢᠭᠡ | ᠪᠦᠯᠦᠭ ᠨᠥᠯᠥᠭᠡᠯᠡᠬᠦ ᠬᠦᠴᠦᠨ ᠲᠠᠢ᠂ ᠥᠨᠳᠥᠷ ᠨᠡᠮᠡᠯᠲᠡ ᠦᠷᠳᠡᠭ ᠲᠠᠢ ᠴᠢᠨᠠᠷ ᠰᠠᠶᠢᠲᠠᠢ ᠵᠦᠢᠯᠡᠰ ᠢ ᠨᠠᠷᠢᠨ ᠨᠢᠮᠪᠠᠢ | ᠲᠥᠯᠥᠪᠯᠡᠵᠦ᠂ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠲᠦᠷᠦ ᠶᠢᠨ ᠪᠣᠳᠣᠯᠭ᠎ᠠ᠂ ᠪᠡᠯᠡ ᠮᠥᠩᠭᠦ ᠶᠢ ᠴᠢᠷᠮᠠᠶᠢᠨ ᠣᠯᠵᠤ᠂ | ᠵᠦᠢᠯᠡᠰ ᠤᠨ ᠨᠥᠭᠡᠴᠡ ᠶᠢ ᠦᠷᠭᠦᠯᠵᠢᠯᠡᠨ ᠥᠷᠭᠡᠳᠬᠡᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢ ᠠᠬᠢᠭᠤᠯᠵᠤ᠂ | ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠤᠨ᠎ᠠ᠃ | ᠪᠥᠬᠦ ᠠᠵᠢᠯᠲᠠᠨ ᠢᠶᠠᠷ ᠢᠶᠠᠨ ᠬᠤᠳᠠᠯᠳᠤᠭᠠᠴᠢᠨ ᠤᠷᠢᠵᠤ᠂ ᠡᠰᠡᠷᠭᠦᠴᠡᠯᠳᠦᠨ ᠠᠬᠢᠭᠤᠯᠬᠤ ᠶᠢ ᠴᠢᠩᠭᠠᠳᠬᠠᠨ᠎ᠠ | ᠳ᠋ᠦᠩ ᠾᠧ ᠲᠣᠭᠤᠷᠢᠭ ᠤᠨ ᠬᠢᠨ ᠰᠢᠶᠠᠨ ᠤ ᠱᠠᠲᠤᠨ ᠤ ᠤᠳᠤᠷᠢᠳᠬᠤ ᠺᠠᠳ᠋ᠷ ᠤᠨ ᠬᠤᠳᠠᠯᠳᠤᠭᠠᠴᠢᠨ | ᠤᠷᠢᠬᠤ᠂ ᠲᠥᠷᠥᠯ ᠵᠦᠢᠯ ᠢ ᠠᠬᠢᠭᠤᠯᠬᠤ ᠲᠣᠯᠣᠭᠠᠶᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠳᠥᠷᠪᠡᠨ | ᠶᠡᠭᠡ ᠤᠳᠤᠷᠢᠳᠬᠤ ᠪᠠᠭ ᠤᠨ ᠭᠤᠣᠯ ᠤᠳᠤᠷᠢᠳᠤᠯᠭ᠎ᠠ᠂ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠵᠢᠴᠢ ᠵᠠᠰᠠᠭ ᠤᠨ ᠣᠷᠳᠣᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ | ᠵᠥᠪᠯᠡᠯᠭᠡᠨ ᠤ ᠰᠢᠶᠠᠨ ᠤ ᠱᠠᠲᠤᠨ ᠤ ᠤᠳᠤᠷᠢᠳᠤᠯᠭ᠎ᠠ ᠵᠡᠷᠭᠡ ᠭᠤᠷᠪᠠᠨ ᠲᠥᠷᠥᠯ ᠢᠶᠠᠷ ᠬᠤᠳᠠᠯᠳᠤᠭᠠᠴᠢᠨ ᠤᠷᠢᠬᠤ | ᠡᠭᠦᠷᠭᠡ ᠶᠢ ᠬᠤᠪᠢᠶᠠᠷᠢᠯᠠᠵᠤ᠂ ︽ᠨᠢᠭᠡ ᠲᠥᠷᠥᠯ ᠵᠦᠢᠯ᠂ ᠨᠢᠭᠡ ᠢᠵᠢ ᠬᠡᠷᠡᠭᠵᠢᠭᠦᠯᠬᠦ ᠲᠥᠰᠥᠯ᠂ ᠨᠢᠭᠡ ᠰᠢᠶᠠᠨ ᠤ | ᠱᠠᠲᠤᠨ ᠤ ᠤᠳᠤᠷᠢᠳᠤᠯᠭ᠎ᠠ᠂ ᠨᠢᠭᠡ ᠲᠤᠰᠬᠠᠢ ᠠᠩᠭᠢ ᠡᠯᠰᠡᠬᠦ︾ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ | ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ | ᠲᠥᠷᠥᠯ ᠵᠦᠢᠯ ᠤᠨ ᠠᠬᠢᠭᠤᠯᠤᠭᠰᠠᠨ ᠪᠠᠶᠢᠳᠠᠯ ᠢ ᠭᠠᠷᠠᠭ ᠪᠦᠷᠢ ᠲᠣᠬᠢᠷᠠᠭᠤᠯᠤᠨ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠵᠢᠯ ᠢ ᠲᠠᠰᠤᠷᠠᠯᠲᠠ ᠦᠭᠡᠢ ᠪᠣᠳᠠᠲᠠᠢ ᠪᠥᠭᠡᠳ ᠨᠠᠷᠢᠯᠢᠭ ᠠᠳᠬᠤᠵᠤ᠂ ᠲᠥᠷᠥᠯ ᠵᠦᠢᠯ ᠤᠨ | ᠨᠠᠶᠢᠳᠠᠪᠤᠷᠢᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠨ᠎ᠡ᠃ | | | | | 2023 ᠣᠨ ᠤ ᠡᠬᠢ ᠪᠠᠷ᠂ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ | ᠪᠦᠯᠬᠦᠮ ᠳᠠᠭᠠᠭᠤᠯᠤᠨ ᠪᠡᠭᠡᠵᠢᠩ᠂ ᠪᠤᠤᠳᠢᠩ᠂ ᠲᠠᠩᠱᠠᠨ ᠵᠡᠷᠭᠡ ᠭᠠᠵᠠᠷ ᠢᠶᠠᠷ ᠰᠢᠨᠵᠢᠯᠡᠨ ᠪᠠᠶᠢᠴᠠᠭᠠᠵᠤ᠂ ᠵᠢᠶᠠᠩᠰᠤ ᠶᠢᠨ | ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ᠂ ᠳᠤᠮᠳᠠᠳᠤ | ᠤᠯᠤᠰ ᠤᠨ ᠬᠥᠩᠭᠡᠨ ᠴᠠᠭᠠᠨ ᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠶᠢᠨ ᠰᠣᠶᠣᠯ ᠵᠤᠭᠠᠴᠠᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠵᠡᠷᠭᠡ ᠠᠵᠤ | ᠠᠬᠤᠶᠢᠯᠠᠯ ᠲᠠᠢ ᠢᠳᠡᠪᠬᠢᠲᠡᠢ ᠵᠣᠯᠭᠠᠭᠤᠯᠪᠠ᠃ᠡᠯ᠎ᠡ ᠰᠠᠯᠠᠭ᠎ᠠ ᠮᠥᠴᠢᠷ ᠬᠢᠭᠡᠳ ᠬᠠᠷᠠᠯᠲᠠᠲᠤ ᠠᠵᠤ ᠠᠬᠤᠶᠢᠯᠠᠯ ᠨᠢ ︽ | ᠥᠨᠳᠥᠷ ᠳᠠᠪᠲᠠᠮᠵᠢ ᠲᠠᠢ᠂ ᠨᠠᠷᠢᠯᠢᠭ ᠣᠨᠣᠴᠠᠲᠠᠢ᠂ ᠪᠠᠭ᠎ᠠ ᠰᠠᠯᠪᠤᠷᠢ ᠠᠩᠭᠢ︾ ᠶᠢᠨ ᠬᠡᠯᠪᠡᠷᠢ ᠶᠢ ᠠᠪᠴᠤ᠂ | ᠵᠥᠪᠳᠡᠯᠴᠡᠬᠦ ᠶᠢ ᠲᠠᠰᠤᠷᠠᠯᠲᠠ ᠦᠭᠡᠢ ᠠᠬᠢᠭᠤᠯᠵᠤ᠂ ᠬᠠᠮᠲᠤᠷᠠᠯᠴᠠᠭ᠎ᠠ ᠪᠠᠨ ᠴᠢᠩᠭᠠᠳᠬᠠᠬᠤ ᠬᠡᠷᠡᠭᠲᠡᠢ᠃ᠣᠳᠣᠬᠠᠨ | ᠪᠣᠯᠲᠠᠯ᠎ᠠ᠂ ᠪᠦᠬᠦ ᠣᠷᠣᠨ ᠳᠤ ᠨᠡᠶᠢᠳᠡ 106 ᠠᠵᠤ ᠠᠬᠤᠶᠢᠯᠠᠯ ᠢ ᠰᠢᠨᠵᠢᠯᠡᠨ ᠪᠠᠶᠢᠴᠠᠭᠠᠵᠤ ᠵᠣᠯᠭᠠᠭᠤᠯᠵᠤ᠂ 6 | ᠲᠦᠷᠦᠯ ᠵᠦᠢᠯ ᠳᠤ ᠭᠡᠷ᠎ᠡ ᠲᠣᠭᠲᠠᠵᠤ᠂ ᠵᠥᠪᠯᠡᠯᠴᠡᠭᠡᠷ ᠤᠨ ᠶᠡᠷᠦᠩᠬᠡᠢ ᠵᠣᠭᠤᠰᠤᠨ ᠲᠤᠭ᠎ᠠ 52.6 ᠳ᠋ᠦᠩᠰᠢᠭᠤᠷ | ᠲᠥᠭᠦᠷᠢᠭ ᠲᠤ ᠬᠦᠷᠴᠦ᠂ 3 ᠲᠦᠷᠦᠯ ᠵᠦᠢᠯ ᠢ ᠨᠠᠶᠢᠳᠠᠪᠤᠷᠢᠵᠢᠭᠤᠯᠵᠠᠢ᠃ | ᠦᠢᠯᠡᠴᠢᠯᠡᠭᠡ ᠪᠠᠨ ᠳᠡᠭᠡᠭᠰᠢᠯᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠦᠨ᠎ᠡ | | | ᠳ᠋ᠦᠩ ᠾᠧ ᠲᠣᠭᠤᠷᠢᠭ ᠤᠨ ᠬᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ᠥᠭᠡᠷᠡᠴᠢᠯᠡᠯᠲᠡ ᠶᠢ ᠭᠦᠨᠵᠡᠭᠡᠢ | ᠠᠬᠢᠭᠤᠯᠬᠤ ᠶᠢ ᠪᠠᠷᠢᠮᠲᠠᠯᠠᠵᠤ᠂ ︽ᠰᠦᠯᠵᠢᠶᠡᠨ ᠳᠡᠭᠡᠷ᠎ᠡ ᠡᠷᠬᠢᠯᠡᠬᠦ︾︽ᠠᠯᠠᠭᠠᠨ ᠳᠡᠭᠡᠷ᠎ᠡ ᠠᠴᠠ ᠡᠷᠬᠢᠯᠡᠬᠦ︾ᠪᠦᠷᠬᠦᠴᠡ ᠶᠢ | ᠥᠷᠭᠡᠳᠬᠡᠵᠦ᠂ ︽ᠨᠢᠭᠡ ᠰᠦᠯᠵᠢᠶ᠎ᠡ ᠪᠠᠷ ᠪᠦᠬᠦᠨ ᠢ ᠡᠷᠬᠢᠯᠡᠬᠦ︾ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠪᠡ᠃ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠲᠠᠪᠤ ᠶᠢ ᠠᠬᠢᠭᠤᠯᠬᠤ︾ ᠠᠵᠢᠯᠯᠠᠭ᠎ᠠ ᠶᠢ | ᠠᠬᠢᠭᠤᠯᠵᠤ᠂ ᠣᠷᠣᠨ ᠪᠦᠰᠡ ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠭᠰᠠᠨ ᠨᠡᠶᠢᠳᠡᠮ ᠰᠢᠢᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠂ ᠠᠷᠠᠳ ᠲᠤ ᠲᠥᠬᠦᠮ ᠦᠵᠡᠭᠦᠯᠬᠦ ᠬᠡᠷᠡᠭ ᠶᠠᠪᠤᠳᠠᠯ ᠢ ᠣᠶᠢᠷ᠎ᠠ ᠬᠠᠪᠢ ᠳᠠᠭᠠᠨ | ᠭᠦᠢᠴᠡᠳᠬᠡᠬᠦ ᠥᠨᠳᠥᠷ ᠳᠠᠪᠲᠠᠮᠵᠢ ᠲᠠᠢ ᠦᠢᠯᠡᠴᠢᠯᠡᠭᠡ ᠶᠢ ᠥᠷᠭᠡᠳᠬᠡᠵᠦ᠂ ︽ᠰᠡᠳᠬᠢᠯ ᠬᠠᠨᠤᠮᠵᠢᠲᠠᠶ ᠪᠠᠶᠢᠬᠤ ᠶᠢ | ᠳᠠᠭᠠᠭᠠᠬᠤ︾ ︽ᠰᠠᠨᠠᠭ᠎ᠠ ᠠᠮᠤᠷ ᠪᠠᠶᠢᠬᠤ ᠶᠢ ᠳᠠᠭᠠᠭᠠᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ | ᠲᠥᠷᠥᠯ ᠲᠡᠮᠳᠡᠭᠲᠦ ᠶᠢ ᠪᠥᠬᠦ ᠲᠠᠯ᠎ᠠ ᠪᠠᠷ ᠪᠣᠶ ᠪᠣᠯᠭᠠᠨ᠎ᠠ᠃︽ᠳᠠᠷᠤᠶᠢᠬᠠᠨ ᠭᠦᠢᠴᠡᠳᠬᠡᠬᠦ᠂ ᠭᠦᠢᠴᠡᠳᠬᠡᠪᠡᠯ | ᠰᠠᠶᠢᠲᠤᠷ ᠭᠦᠢᠴᠡᠳᠬᠡᠬᠦ︾ ᠶᠢ ᠪᠠᠷᠢᠮᠲᠠᠯᠠᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢ ᠨᠠᠰᠤᠨ ᠤ ᠪᠥᠬᠦ ᠦᠶᠡᠯᠡᠯ ᠤᠨ | ᠬᠤᠭᠤᠴᠠᠭᠠᠨ ᠤ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ︽ᠭᠤᠶᠤᠴᠢᠯᠠᠬᠤ ᠠᠴᠠ ᠬᠡᠯᠲᠦᠷᠢᠭᠦᠯᠪᠡᠯ | ᠳᠠᠷᠤᠢ ᠡᠳ᠋ᠯᠡᠬᠦ︾ ᠬᠠᠮᠤᠷᠬᠤ ᠬᠡᠪᠴᠢᠶ᠎ᠡ ᠶᠢ ᠥᠷᠭᠡᠳᠬᠡᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠪᠠ ᠪᠡᠯᠡ ᠮᠥᠩᠭᠦ ᠶᠢ ᠰᠢᠭᠤᠳ ᠬᠦᠷᠭᠡᠵᠦ ᠲᠦᠷᠭᠡᠨ ᠡᠳ᠋ᠯᠡᠨ᠎ᠡ᠃︽ᠬᠤᠶᠠᠷ ᠥᠴᠥᠬᠡᠨ ᠴᠦ ᠭᠤᠶᠢᠪᠢᠰᠢ | ᠦᠭᠡᠢ︾ ᠶᠢ ᠡᠷᠡᠰ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠢᠭᠡ | ᠯᠡ ᠠᠳᠠᠯᠢ ᠪᠠᠷ ᠬᠠᠨᠳᠤᠵᠤ᠂ ᠠᠵᠤ ᠠᠬᠤᠶᠢᠯᠠᠯ ᠢ ᠶᠡᠬᠡᠪᠡᠷ ᠬᠠᠪᠰᠤᠷᠤᠨ ᠪᠡᠯᠡ ᠲᠣᠬᠢᠷᠠᠭᠤᠯᠭ᠎ᠠ ᠶᠢᠨ ᠢᠲᠡᠭᠡᠮᠵᠢᠲᠦ | ᠵᠢᠭᠡᠯᠡᠯᠭᠡ᠂ ᠦᠢᠯᠡᠳᠬᠦᠨ ᠤ ᠡᠵᠡᠩᠨᠡᠯᠲᠡ ᠪᠣᠷᠣᠯᠠᠭᠤᠯᠤᠯᠲᠠ᠂ ᠬᠦᠴᠦᠨ ᠵᠦᠢᠯ ᠤᠨ ᠪᠠᠲᠤᠯᠠᠭ᠎ᠠ ᠵᠡᠷᠭᠡ | ᠠᠰᠠᠭᠤᠳᠠᠯ ᠢ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠠᠮᠢᠵᠢᠷᠠᠯ ᠤᠨ ᠬᠦᠴᠦᠨ ᠢᠶᠠᠷ | ᠪᠢᠯᠬᠠᠮ᠎ᠠ ᠪᠣᠯᠭᠠᠨ᠎ᠠ᠃ | |