ᠬᠤᠶᠠᠷ ᠢ ᠡᠯᠰᠡᠵᠦ ᠬᠤᠶᠠᠷ  ᠢ ᠲᠠᠲᠠᠵᠤ ᠨᠢᠭᠡ  ᠶᠢ ᠰᠢᠯᠢᠳᠡᠭᠵᠢᠭᠦᠯᠦᠨ ᠳ᠋ᠦᠩ ᠾᠧ ᠲᠣᠭᠤᠷᠢᠭ  ᠢ ᠰᠢᠯᠢᠳᠡᠭᠵᠢᠭᠦᠯᠦᠨ᠎ᠡ᠄ ︽ᠵᠢᠵᠢᠭ ᠳᠡᠯᠭᠡᠭᠦᠷ ᠤᠨ ᠬᠤᠶᠠᠳᠤᠭᠠᠷ︾  ᠢ ᠰᠠᠶᠢᠲᠤᠷ ᠡᠷᠭᠢᠯᠡᠵᠦ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ  ᠢ ᠨᠠᠩ ᠢᠯᠡᠭᠦᠦ ︽ᠬᠠᠯᠠᠭᠤᠨ ᠳᠤᠯᠠᠭᠠᠨ︾ ᠪᠣᠯᠭᠠᠨ᠎ᠠ
ᠨᠡᠶᠢᠲᠡᠯᠡᠭᠰᠡᠨ ᠴᠠᠭ᠄
2023/2/27
     ︽ᠲᠠᠨ ᠤ ᠡᠵᠡᠩᠨᠡᠯᠲᠡ ᠶᠢᠨ ᠦᠨᠡᠮᠯᠡᠯ ᠠᠪᠤᠭᠰᠠᠨ ᠳᠡᠯᠭᠡᠭᠦᠷ ᠪᠣᠯ ᠢᠳᠡᠭᠡᠨ ᠤ ᠲᠥᠷᠥᠯ ᠳᠤ ᠪᠠᠭᠲᠠᠬᠤ ᠤᠴᠢᠷ ᠠᠴᠠ ᠲᠠ ᠵᠠᠯᠭᠠᠭᠠᠳ ᠪᠠᠰᠠ ᠢᠳᠡᠭᠡᠨ ᠡᠵᠡᠩᠨᠡᠬᠦ ᠵᠥᠪᠰᠢᠶᠡᠷᠡᠯ ᠭᠤᠶᠤᠴᠢᠯᠠᠬᠤ ᠴᠢᠬᠤᠯᠠᠲᠠᠢ᠂ ᠡᠵᠡᠩᠨᠡᠯᠲᠡ ᠶᠢᠨ ᠵᠥᠪᠰᠢᠶᠡᠷᠡᠯ ᠠᠪᠬᠤ ᠳᠤ ᠲᠠ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠣᠴᠢᠵᠤ ᠡᠲᠡᠭᠡᠷ ᠮᠠᠲ᠋ᠧᠷᠢᠶᠠᠯ ᠢᠶᠠᠨ ᠲᠤᠰᠢᠶᠠᠬᠤ ᠴᠢᠬᠤᠯᠠᠲᠠᠢ ᠁︾ ᠭᠡᠵᠦ ᠴᠣᠩᠬᠤᠨ ᠤ ᠠᠵᠢᠯᠲᠠᠨ ᠲᠠᠶᠢᠯᠪᠤᠷᠢᠯᠠᠬᠤ ᠶᠢᠨ ᠳᠠᠭᠠᠤ ᠭᠠᠷ ᠭᠦᠢᠴᠡᠳᠬᠡᠯ ᠬᠢᠭᠰᠡᠨ ᠮᠠᠲ᠋ᠧᠷᠢᠶᠠᠯ ᠤᠨ ᠨᠠᠷᠢᠨ ᠲᠠᠩᠰᠠ ᠪᠠᠨ ᠵᠣᠣ ᠰᠢᠶᠣᠣ ᠮᠢᠨ ᠤ ᠭᠠᠷ ᠲᠤ ᠲᠤᠰᠢᠶᠠᠵᠠᠢ᠃      ᠵᠣᠣ ᠰᠢᠶᠣᠣ ᠮᠢᠨ ᠪᠣᠯ ᠰᠤᠷᠤᠯᠭ᠎ᠠ ᠪᠠᠨ ᠲᠡᠭᠦᠰᠬᠡᠭᠡᠳ ᠪᠤᠴᠠᠵᠤ ᠢᠷᠡᠭᠰᠡᠨ ᠪᠠᠷᠠᠭᠤᠨ ᠴᠡᠭ ᠤᠨ ᠪᠠᠭᠰᠢ ᠶᠤᠮ᠂ ᠡᠨᠡ ᠵᠢᠯ ᠤᠨ 2 ᠰᠠᠷ᠎ᠠ ᠳᠤ ᠲᠡᠷᠡ ᠳ᠋ᠦᠩ ᠾᠧ ᠲᠣᠭᠤᠷᠢᠭ ᠲᠤ ᠥᠪᠡᠷ ᠤᠨ ᠭᠡᠰᠡᠨ ᠰᠢᠬᠢᠷᠯᠢᠭ ᠢᠳᠡᠭᠡᠨ ᠤ ᠳᠡᠯᠭᠡᠭᠦᠷ ᠨᠡᠭᠡᠭᠡᠬᠦ ᠪᠠᠷ ᠰᠡᠳᠬᠢᠯ ᠬᠠᠨᠤᠮᠵᠢᠲᠠᠶ ᠪᠠᠶᠢᠯ᠎ᠠ᠃ᠬᠡᠷᠡᠭ ᠡᠷᠭᠢᠯᠡᠬᠦ ᠴᠣᠩᠬᠤᠨ ᠳᠤ ᠢᠷᠡᠭᠰᠡᠨ ᠤ ᠳᠠᠷᠠᠭ᠎ᠠ᠂ ᠵᠣᠣ ᠰᠢᠶᠣᠣ ᠮᠢᠨ ᠠᠵᠢᠯᠲᠠᠨ ᠤ ᠵᠢᠯᠣᠭᠤᠳᠤᠯᠭ᠎ᠠ ᠳᠣᠣᠷ᠎ᠠ ᠮᠠᠰᠢ ᠲᠦᠷᠭᠡᠨ ᠢᠶᠠᠷ ᠡᠵᠡᠩᠨᠡᠯᠲᠡ ᠶᠢᠨ ᠦᠨᠡᠮᠯᠡᠯ ᠢᠶᠠᠨ ᠭᠦᠢᠴᠡᠳᠬᠡᠵᠦ ᠳᠠᠭᠤᠰᠬᠠᠬᠤ ᠶᠢᠨ ᠬᠠᠮᠲᠤ ᠨᠢᠭᠡ ᠬᠤᠪᠢ ︽ᠠᠵᠢᠯᠯᠠᠭᠠᠨ ᠤ ᠵᠦᠭᠯᠡᠭᠦᠷ︾ ᠢ ᠣᠯᠵᠤ ᠂ ᠦᠨᠡᠮᠯᠡᠯ ᠭᠦᠢᠴᠡᠳᠬᠡᠬᠦ ᠶᠢᠨ ᠲᠠᠷᠠᠭᠠᠴᠢ ᠶᠢᠨ ᠨᠢᠭᠡ ᠭᠤᠭᠴᠤᠭ᠎ᠠ ᠶᠢ ᠲᠣᠳᠣᠷᠬᠠᠢ ᠲᠣᠭᠲᠠᠭᠠᠵᠠᠢ᠃
     ᠴᠡᠴᠡᠭ ᠤᠨ ᠳᠡᠯᠭᠡᠭᠦᠷ ᠨᠡᠭᠡᠭᠡᠬᠦ ᠰᠠᠨᠠᠭ᠎ᠠ ᠲᠠᠢ ᠯᠢᠦ ᠸᠧᠨ ᠬᠤᠸᠠ ᠠᠵᠢᠯᠲᠠᠳ ᠤᠨ ᠢᠶᠠᠨ ᠵᠢᠯᠣᠭᠤᠳᠤᠯᠭ᠎ᠠ ᠳᠣᠣᠷ᠎ᠠ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ · ·ᠨᠢᠭᠡ ᠯᠡ ᠤᠳᠠᠭ᠎ᠠ ᠶᠢᠨ ᠠᠯᠪᠠᠨ ᠭᠡᠷ︾ ᠤᠨ ᠲᠤᠰᠬᠠᠢ ᠲᠣᠭᠤᠷᠢᠭ ᠲᠤ ᠬᠦᠷᠴᠦ᠂ ᠰᠦᠯᠵᠢᠶᠡᠨ ᠳᠡᠭᠡᠷᠡᠬᠢ ᠲᠠᠪᠴᠠᠩ ᠤᠨ ᠬᠠᠪᠰᠤᠷᠤᠯᠭ᠎ᠠ ᠳᠣᠣᠷ᠎ᠠ ᠲᠣᠰ ᠡᠳᠦᠷ ᠲᠡᠭᠡᠨ ᠡᠵᠡᠩᠨᠡᠯᠲᠡ ᠶᠢᠨ ᠦᠨᠡᠮᠯᠡᠯ ᠢᠶᠠᠨ ᠠᠮᠵᠢᠯᠲᠠᠲᠠᠢ ᠭᠦᠢᠴᠡᠳᠬᠡᠵᠡᠢ᠃ ︽ᠬᠢᠨᠠᠨ ᠵᠥᠪᠰᠢᠶᠡᠷᠡᠬᠦ ᠶᠠᠪᠤᠴᠠ  ᠶᠢ ᠦᠷᠭᠦᠯᠵᠢᠯᠡᠨ ᠰᠢᠯᠢᠳᠡᠭᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ  ᠶᠢ ᠬᠠᠷᠢᠯᠴᠠᠨ ᠤᠶᠠᠯᠳᠤᠭᠤᠯᠵᠤ᠂ ᠵᠠᠰᠠᠭ ᠤᠨ ᠶᠠᠪᠤᠳᠠᠯ ᠤᠨ ᠤᠴᠢᠷ ᠶᠠᠪᠤᠳᠠᠯ ᠤᠨ ᠲᠠᠯ᠎ᠠ ᠪᠠᠷ ᠶᠠᠪᠤᠬᠤ ᠲᠤᠲᠤᠮ ᠣᠯᠠᠰᠢᠷᠠᠵᠤ ᠪᠠᠶᠢᠨ᠎ᠠ︾᠃ ᠭᠡᠵᠦ ᠳ᠋ᠦᠩ ᠾᠧ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠷᠳᠤᠴᠠ ᠶᠢ ᠲᠦᠷᠭᠡᠳᠬᠡᠬᠦ ᠪᠣᠯ ᠳ᠋ᠦᠩ ᠾᠧ ᠲᠣᠭᠤᠷᠢᠭ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠭᠰᠡᠨ ᠤ ᠬᠤᠷᠢᠶᠠᠩᠭᠤᠢ ᠳᠦᠷᠰᠦ ᠪᠣᠯᠣᠨ᠎ᠠ᠃ᠣᠶᠢᠷ᠎ᠠ ᠶᠢᠨ ᠵᠢᠯ ᠤᠳ ᠲᠤ᠂ ᠳ᠋ᠦᠩ ᠾᠧ ᠲᠣᠭᠤᠷᠢᠭ ᠤᠨ ᠬᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠠᠪᠤᠳᠠᠯ ᠢ ᠨᠡᠩ ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ᠂ ᠠᠷᠠᠳ ᠣᠯᠠᠨ ᠤ ᠬᠡᠷᠡᠭᠴᠡᠭᠡ᠂ ᠠᠵᠤ ᠠᠬᠤᠶᠢᠯᠠᠯ ᠤᠨ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠪᠠᠷ ᠵᠠᠰᠠᠬᠤ᠂ ᠵᠠᠰᠠᠭ ᠤᠨ ᠶᠠᠪᠤᠳᠠᠯ᠂ ᠲᠥᠷᠥ ᠶᠢᠨ ᠪᠣᠳᠣᠯᠭ᠎ᠠ᠂ ᠵᠠᠬ᠎ᠠ ᠳᠡᠯᠭᠡᠭᠦᠷ᠂ ᠠᠮᠢᠳᠤᠷᠠᠯ ᠤᠨ ︽ᠲᠠᠪᠤᠨ ᠣᠷᠴᠢᠨ ᠲᠣᠭᠤᠷᠢᠨ︾ ᠤ ᠰᠢᠰᠲ᠋ᠧᠮ ᠤᠨ ᠴᠤᠭᠯᠠᠷᠠᠯ ᠢ ᠲᠦᠯᠬᠢᠨ ᠠᠬᠢᠭᠤᠯᠵᠤ᠂ ︽ᠲᠠᠨ ᠤ ᠰᠡᠳᠬᠢᠯ ᠬᠠᠨᠤᠮᠵᠢᠲᠠᠶ ᠪᠠᠶᠢᠬᠤ ᠶᠢ ᠳᠠᠭᠠᠭᠠᠬᠤ︾ ︽ᠲᠠᠨ ᠤ ᠰᠠᠨᠠᠭ᠎ᠠ ᠠᠮᠤᠷ ᠪᠠᠶᠢᠬᠤ ᠶᠢ ᠳᠠᠭᠠᠭᠠᠬᠤ︾ ᠡᠵᠡᠩᠨᠡᠯᠲᠡ ᠶᠢᠨ ᠣᠷᠴᠢᠨ ᠲᠣᠭᠤᠷᠢᠨ ᠤ ᠨᠠᠷᠠᠲᠤ ᠲᠡᠮᠳᠡᠭ ᠢ ᠦᠷᠭᠦᠯᠵᠢᠯᠡᠨ ᠭᠡᠷᠡᠯᠲᠦᠭᠦᠯᠵᠦ᠂ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠪᠠ ᠣᠯᠠᠨ ᠲᠦᠮᠡᠨ ᠤ ᠬᠦᠴᠢᠷᠳᠡᠯ᠂ ᠬᠦᠴᠢᠷᠳᠡᠯ᠂ ᠡᠪᠡᠷᠰᠢᠶᠡᠯ ᠢ ᠬᠦᠴᠦᠯᠡᠨ ᠰᠢᠢᠳᠪᠦᠷᠢᠯᠡᠵᠦ᠂ ︽ᠲᠥᠷᠥ ᠶᠢᠨ ᠪᠣᠳᠣᠯᠭ᠎ᠠ ᠪᠠᠷ ᠠᠵᠤ ᠠᠬᠤᠶᠢᠯᠠᠯ ᠢ ᠲᠠᠲᠠᠬᠤ︾ ︽ᠦᠢᠯᠡᠴᠢᠯᠡᠭᠡ ᠪᠠᠷ ᠠᠵᠤ ᠠᠬᠤᠶᠢᠯᠠᠯ ᠢ ᠦᠯᠡᠳᠡᠭᠡᠬᠦ︾ ᠶᠢ ᠪᠡᠶᠡᠯᠡᠭᠦᠯᠦᠨ᠎ᠡ᠃
     ᠳ᠋ᠦᠩ ᠾᠧ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠬᠦᠷᠬᠦ ᠳᠤ᠂ ᠰᠤᠷᠪᠤᠯᠵᠢᠯᠠᠭᠴᠢ ᠠᠵᠤ ᠠᠬᠤᠶᠢᠯᠠᠯ ᠤᠨ ᠳᠠᠩᠰᠠᠯᠠᠭᠤᠯᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠠᠶᠢᠭ᠎ᠠ ᠵᠧᠦ ᠢ ᠶᠢ ᠲᠠᠭᠠᠵᠦ ᠤᠯᠠᠨ ᠤ ᠳᠤᠮᠳᠠᠭᠤᠷ ᠥᠩᠭᠡᠷᠡᠨ ᠭᠠᠷ ᠭᠦᠢᠴᠡᠳᠬᠡᠯ ᠬᠢᠬᠦ ᠴᠣᠩᠬᠤ᠂ ᠨᠣᠮᠧᠷ ᠳᠠᠭᠤᠳᠠᠬᠤ᠂ ᠮᠥᠷᠯᠡᠬᠦ᠂ ᠬᠠᠮᠢᠶ᠎ᠠ ᠪᠦᠬᠦᠢ ᠮᠠᠲ᠋ᠧᠷᠢᠶᠠᠯ ᠢᠶᠠᠨ ᠲᠤᠰᠢᠶᠠᠬᠤ ᠶᠢ ᠡᠷᠢᠵᠦ᠂ ᠬᠠᠭᠠᠰ ᠡᠳᠦᠷ ᠪᠣᠯᠣᠯ ᠦᠭᠡᠢ ᠪᠠᠷ ᠵᠧᠦ ᠢ ᠳᠠᠩᠰᠠᠯᠠᠭᠤᠯᠬᠤ ᠭᠠᠷ ᠭᠦᠢᠴᠡᠳᠬᠡᠯ ᠢᠶᠠᠨ ᠤᠷᠤᠭᠰᠢᠲᠠᠢ ᠪᠡᠶᠡᠯᠡᠭᠦᠯᠪᠡ᠃ᠥᠩᠭᠡᠷᠡᠭᠰᠡᠨ ᠳᠤ᠂ ᠨᠢᠭᠡ ᠺᠣᠮᠫᠠᠨᠢ ᠶᠢ ᠠᠮᠵᠢᠯᠲᠠ ᠲᠠᠢ ᠳᠠᠩᠰᠠᠯᠠᠭᠤᠯᠤᠶ᠎ᠠ ᠭᠡᠪᠡᠯ᠂ ︽ᠳᠠᠪᠬᠤᠷ ᠳᠠᠪᠬᠤᠷ ᠪᠣᠭᠤᠮᠲᠠ︾ ᠶᠢ ᠥᠩᠭᠡᠷᠡᠭᠦᠯᠵᠦ᠂ ᠣᠯᠠᠨ ᠰᠠᠯᠠᠭ᠎ᠠ ᠮᠥᠴᠢᠷ ᠲᠤ ᠣᠴᠢᠬᠤ ᠬᠡᠷᠡᠭᠲᠡᠢ᠂ ︽ᠬᠥᠯ ᠨᠢ ᠬᠤᠭᠤᠷᠠᠵᠤ᠂ ᠤᠷᠤᠭᠤᠯ ᠢᠶᠠᠨ ᠬᠤᠭᠤᠯᠬᠤ︾ ᠨᠢ ᠨᠢᠭᠡ ᠦᠶ᠎ᠡ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠤᠨ ᠦᠷ᠎ᠡ ᠪᠦᠲᠦᠮᠵᠢ ᠳᠣᠣᠷ᠎ᠠ᠂ ᠣᠯᠠᠨ ᠲᠠᠯ᠎ᠠ ᠠᠴᠠ ᠭᠦᠶᠦᠭᠰᠡᠨ ᠤ ᠭᠤᠮᠣᠳᠠᠯ ᠪᠣᠯᠵᠤ ᠪᠠᠶᠢᠪᠠ᠃      ᠣᠳᠣᠬᠠᠨ ᠤ ᠳ᠋ᠦᠩ ᠾᠧ ᠲᠣᠭᠤᠷᠢᠭ ᠲᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ︽ᠰᠦᠯᠵᠢᠶᠡᠨ ᠳᠡᠭᠡᠷ᠎ᠡ ᠭᠦᠢᠴᠡᠳᠬᠡᠬᠦ︾ ︽ᠠᠯᠠᠭᠠᠨ ᠳᠡᠭᠡᠷ᠎ᠡ ᠭᠦᠢᠴᠡᠳᠬᠡᠬᠦ︾ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠶᠢ ᠭᠦᠨᠵᠡᠭᠡᠢ ᠥᠷᠨᠢᠭᠦᠯᠵᠦ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠳᠠᠩᠰᠠᠯᠠᠭᠤᠯᠬᠤ ᠶᠠᠪᠤᠴᠠ ᠶᠢ ᠪᠠᠭᠠᠰᠬᠠᠨ᠂ ᠠᠵᠤ ᠠᠬᠤᠶᠢᠯᠠᠯ ᠤᠨ ᠦᠨᠡᠮᠯᠡᠯ ᠭᠦᠢᠴᠡᠳᠬᠡᠬᠦ ᠴᠠᠭ ᠢ ᠠᠷᠪᠢᠯᠠᠬᠤ ᠶᠢᠨ ᠬᠠᠮᠲᠤ᠂ ᠣᠨᠴᠠᠭᠠᠶ ᠬᠡᠷᠡᠭᠴᠡᠭᠡ ᠱᠠᠭᠠᠷᠳᠠᠯᠭ᠎ᠠ ᠲᠠᠢ ᠠᠵᠤ ᠠᠬᠤᠶᠢᠯᠠᠯ ᠳᠤ ᠴᠢᠭᠯᠡᠭᠦᠯᠦᠨ ᠣᠨᠴᠠᠭᠠᠶ ᠨᠡᠪᠲᠡᠷᠡᠬᠦ ᠵᠠᠮ ᠢ ᠨᠡᠭᠡᠭᠡᠵᠦ ᠂ ︽ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ︾ ᠶᠢ ᠬᠡᠷᠡᠭᠵᠢᠭᠦᠯᠵᠦ᠂ ᠲᠤᠰᠬᠠᠢ ᠬᠥᠮᠥᠨ ᠢᠶᠠᠷ ᠠᠰᠠᠷᠠᠭᠴᠢ ᠮᠠᠶ᠋ᠢᠭ ᠤᠨ ᠦᠢᠯᠡᠴᠢᠯᠡᠭᠡ ᠶᠢ ᠬᠠᠷᠢᠭᠤᠴᠠᠭᠤᠯᠵᠤ ᠪᠠᠶᠢᠨ᠎ᠠ᠃
     ︽ᠪᠢ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠪᠠᠷ ᠢᠷᠡᠬᠦ ᠠᠴᠠ ᠪᠠᠨ ᠡᠮᠦᠨ᠎ᠡ 12345 ᠠᠷᠠᠳ ᠲᠤ ᠲᠦᠭᠦᠮ ᠦᠵᠡᠭᠦᠯᠬᠦ ᠬᠠᠯᠠᠮᠰᠢᠯ ᠤᠲᠠᠰᠤ ᠶᠢ ᠠᠰᠠᠭᠤᠨ ᠯᠠᠪᠯᠠᠭᠰᠠᠨ ᠤ ᠠᠴᠢ ᠪᠠᠷ ᠪᠢ ᠳ᠋ᠦᠩ ᠾᠧ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠬᠤᠳᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠲᠤᠬᠠᠶᠢᠯᠠᠭᠰᠠᠨ ᠠᠵᠢᠯ ᠤᠨ ᠴᠣᠩᠬᠤ ᠲᠠᠢ ᠰᠢᠭᠤᠳ ᠬᠠᠷᠢᠯᠴᠠᠵᠤ᠂ ᠮᠠᠰᠢ ᠤᠯᠠᠨ ᠲᠣᠭᠤᠷᠢᠤ ᠵᠠᠮ ᠢᠶᠠᠷ ᠳᠤᠲᠠᠭᠤ ᠶᠠᠪᠤᠵᠠᠢ᠃ ᠡᠭᠦᠨ ᠤ ᠵᠡᠷᠭᠡ ᠳᠤ᠂ ᠬᠤᠲᠠ  ᠶᠢᠨ ᠬᠢᠨᠠᠯᠲᠠ ᠬᠠᠮᠢᠶᠠᠷᠤᠯᠲᠠ  ᠶᠢᠨ ᠲᠣᠪᠴᠢᠶᠠᠨ ᠤ ᠠᠵᠢᠯᠲᠠᠳ ᠰᠦᠯᠵᠢᠶᠡᠨ ᠳᠡᠭᠡᠷ᠎ᠡ ᠨᠠᠳᠠ ᠳᠤ ᠳᠠᠩᠰᠠᠯᠠᠭᠤᠯᠬᠤ ᠶᠠᠪᠤᠴᠠ ᠪᠣᠯᠣᠨ ᠪᠡᠯᠡᠳᠬᠡᠬᠦ ᠴᠢᠬᠤᠯᠠᠲᠠᠢ ᠮᠠᠲ᠋ᠧᠷᠢᠶᠠᠯ  ᠢ ᠬᠦᠯᠢᠴᠡᠩᠭᠦᠢ ᠪᠠᠷ ᠲᠠᠶᠢᠯᠪᠤᠷᠢᠯᠠᠨ ᠥᠭᠴᠦ ᠪᠠᠶᠢᠭ᠎ᠠ ᠨᠢ ᠮᠢᠨᠤ ᠠᠬᠢᠨ ᠳᠠᠬᠢᠨ ᠭᠦᠶᠦᠬᠦ ᠪᠠ ᠣᠯᠠᠨ ᠲᠠᠯ᠎ᠠ  ᠠᠴᠠ ᠠᠰᠠᠭᠤᠨ ᠯᠠᠪᠯᠠᠬᠤ  ᠠᠴᠠ ᠵᠠᠶᠢᠯᠠᠰᠬᠢᠵᠦ᠂ ᠮᠠᠰᠢ ᠣᠯᠠᠨ ᠴᠠᠭ  ᠢ ᠠᠷᠪᠢᠯᠠᠵᠠᠢ︾ ᠭᠡᠵᠦ ᠵᠧᠦ ᠢ ᠲᠤᠬᠠᠶᠢᠯᠠᠭᠰᠠᠨ ᠠᠵᠢᠯ ᠢᠶᠠᠨ ᠭᠦᠢᠴᠡᠳᠬᠡᠭᠰᠡᠨ ᠤ ᠳᠠᠷᠠᠭ᠎ᠠ ᠳ᠋ᠦᠩ ᠾᠧ ᠲᠣᠭᠤᠷᠢᠭ ᠤᠨ ᠬᠤᠲᠠ  ᠶᠢᠨ ᠬᠢᠨᠠᠯᠲᠠ ᠬᠠᠮᠢᠶᠠᠷᠤᠯᠲᠠ  ᠶᠢᠨ ᠲᠣᠪᠴᠢᠶᠠᠨ ᠤ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠤᠨ ᠴᠣᠩᠬᠤᠨ ᠤ ᠦᠢᠯᠡᠴᠢᠯᠡᠭᠡ  ᠶᠢ ᠠᠮᠠ ᠬᠠᠮᠬᠢᠯ ᠦᠭᠡᠢ ᠮᠠᠭᠲᠠᠵᠤ ᠪᠠᠶᠢᠯ᠎ᠠ᠃      ᠨᠢᠳᠤᠨᠤᠨ ᠠᠴᠠ ᠨᠠᠰᠢ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠨᠡᠶᠢᠳᠡ 2.9 ᠲᠦᠮᠡᠨ ᠬᠤᠪᠢ ︵ᠤᠳᠠᠭ᠎ᠠ︶ ᠲᠤ ᠦᠢᠯᠡᠴᠢᠯᠡᠵᠦ᠂ ᠠᠭᠤᠯᠭ᠎ᠠ ᠨᠢ ᠠᠷᠠᠳ ᠤᠨ ᠠᠮᠢᠳᠤᠷᠠᠯ ᠤᠨ ᠡᠯ᠎ᠡ ᠲᠠᠯ᠎ᠠ ᠶᠢ ᠬᠠᠮᠤᠷᠴᠤ᠂ ᠠᠵᠤ ᠠᠬᠤᠶᠢᠯᠠᠯ ᠪᠣᠯᠣᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠲᠤᠰᠢᠶᠠᠨ ᠭᠦᠢᠴᠡᠳᠬᠡᠭᠦᠯᠵᠦ᠂ ᠳᠠᠭᠠᠭᠠᠨ ᠭᠦᠢᠴᠡᠳᠬᠡᠬᠦ ᠨᠢᠭᠡᠴᠡ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢ ᠰᠢᠢᠳᠪᠦᠷᠢᠯᠡᠨ ᠬᠦᠴᠢᠷᠳᠡᠯ ᠢ ᠨᠢ ᠰᠢᠢᠳᠪᠦᠷᠢᠯᠡᠵᠦ᠂ ᠠᠷᠠᠳ ᠤᠯᠠᠨ ᠤ ᠤᠴᠢᠷ ᠶᠠᠪᠤᠳᠠᠯ ᠰᠢᠢᠳᠪᠦᠷᠢᠯᠡᠬᠦ ᠳᠤ ᠨᠡᠩ ᠤᠯᠠᠨ ᠲᠦᠬᠦᠮ ᠦᠵᠡᠭᠦᠯᠪᠡ᠃ᠡᠭᠦᠨ ᠤ ᠬᠠᠮᠲᠤ᠂ ᠳ᠋ᠦᠩ ᠾᠧ ᠲᠣᠭᠤᠷᠢᠭ ᠤᠨ ᠬᠢᠨ ︽ᠨᠢᠭᠡ ᠶᠠᠪᠤᠳᠠᠯ ᠢ ᠨᠢᠭᠡ ᠤᠴᠢᠷ ᠲᠤ ᠨᠢᠭᠡ ᠯᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡ ᠶᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠢᠵᠢ ᠦᠢᠯᠡᠴᠢᠯᠡᠭᠡᠨ ᠤ ᠬᠡᠯᠪᠡᠷᠢ᠂ ᠭᠤᠣᠯ ᠰᠡᠳᠦᠪᠲᠦ ᠬᠡᠯᠪᠡᠷᠢ ᠶᠢᠨ ᠬᠤᠷᠠᠮᠠᠯ ᠦᠢᠯᠡᠴᠢᠯᠡᠭᠡ ᠶᠢ ᠬᠠᠩᠭᠠᠵᠤ᠂ ᠠᠵᠤ ᠠᠬᠤᠶᠢᠯᠠᠯ ᠤᠨ ︽ᠨᠢᠭᠡ ᠴᠣᠩᠬᠤ ᠪᠠᠷ ᠣᠷᠣᠭᠤᠯᠵᠤ᠂ ᠨᠢᠭᠡ ᠴᠣᠩᠬᠤ ᠪᠠᠷ ᠭᠠᠷᠭᠠᠬᠤ︾ ︽ᠦᠨᠡᠮᠯᠡᠯ ᠪᠠ ᠦᠨᠡᠮᠯᠡᠯ ᠢ ᠬᠠᠮᠲᠤᠷᠠᠨ ᠭᠦᠢᠴᠡᠳᠬᠡᠬᠦ︾ ᠵᠡᠷᠭᠡ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠠᠵᠤ ᠠᠬᠤᠶᠢᠯᠠᠯ ᠪᠠ ᠣᠯᠠᠨ ᠲᠦᠮᠡᠨ ᠳᠤᠲᠠᠭᠤ ᠭᠦᠶᠦᠯᠭᠡᠵᠦ᠂ ᠲᠤᠭ᠎ᠠ ᠪᠠᠷᠢᠮᠲᠠ ᠶᠢ ᠢᠯᠡᠭᠦᠦ ᠭᠦᠶᠦᠯᠭᠡᠬᠦ︾ ᠶᠢ ᠦᠨᠡᠨ ᠬᠦ ᠪᠡᠶᠡᠯᠡᠭᠦᠯᠪᠡ᠃
     ︽ᠡᠩ ᠤᠨ ᠪᠠᠶᠢᠳᠠᠯ ᠳᠤ ᠠᠪᠴᠤ ᠬᠡᠯᠡᠪᠡᠯ᠂ ᠪᠢᠳᠡ ᠪᠣᠳᠠᠲᠠᠢ ᠬᠦᠴᠢᠷᠳᠡᠯ ᠲᠠᠢ ᠠᠵᠤ ᠠᠬᠤᠶᠢᠯᠠᠯ ᠳᠤ ᠣᠯᠠᠨ ᠵᠦᠢᠯ ᠤᠨ ᠰᠠᠭᠠᠳ ᠦᠭᠡᠢ ᠨᠡᠪᠲᠡᠷᠡᠬᠦ ᠵᠠᠮ ᠨᠡᠭᠡᠭᠡᠵᠦ ᠥᠭᠭᠦᠨ᠎ᠡ᠂ ᠵᠢᠱᠢᠶᠡᠯᠡᠪᠡᠯ ᠨᠢᠳᠤᠨᠤᠨ ᠵᠢᠯ ᠤᠨ ᠡᠬᠢᠨ ᠳᠤ᠂ ᠳᠤᠮᠳᠠᠳᠤ ᠤᠯᠤᠰ ᠤᠨ ᠴᠥᠮ᠎ᠡ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠨᠢ ᠬᠤᠪᠢᠷᠠᠭᠤᠯᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠴᠢᠬᠤᠯᠠᠲᠠᠢ ᠪᠠᠶᠢᠪᠠ᠂ ᠶᠡᠷᠦᠩᠬᠡᠢ ᠺᠣᠮᠫᠠᠨᠢ ᠪᠣᠯᠣᠨ ᠡᠷᠭᠢᠯᠡᠨ ᠬᠢᠭᠴᠢ ᠨᠢ ᠴᠥᠮ ᠪᠡᠭᠡᠵᠢᠩ ᠳᠤ ᠪᠠᠶᠢᠬᠤ ᠤᠴᠢᠷ ᠠᠴᠠ ᠮᠠᠨ ᠤ ᠠᠵᠢᠯᠲᠠᠳ ᠠᠵᠤ ᠠᠬᠤᠶᠢᠯᠠᠯ ᠲᠠᠢ ᠣᠯᠠᠨ ᠤᠳᠠᠭ᠎ᠠ ᠵᠣᠯᠭᠠᠭᠤᠯᠤᠭᠰᠠᠨ ᠤ ᠳᠠᠷᠠᠭ᠎ᠠ᠂ ᠰᠦᠯᠵᠢᠶᠡᠨ ᠳᠡᠭᠡᠷᠡᠬᠢ ᠠᠷᠭ᠎ᠠ ᠮᠠᠶ᠋ᠢᠭ ᠢᠶᠠᠷ ᠲᠤᠬᠠᠶᠢᠯᠠᠭᠰᠠᠨ ᠠᠵᠢᠯ ᠤᠨ ᠬᠢᠨᠠᠨ ᠬᠠᠷᠭᠤᠭᠤᠯᠤᠯᠲᠠ ᠪᠠ ᠭᠦᠢᠴᠡᠳᠭᠡᠯᠲᠡ ᠶᠢ ᠪᠡᠶᠡᠯᠡᠭᠦᠯᠦᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠡᠮᠦᠨ᠎ᠡ ᠨᠢᠭᠡ ᠬᠤᠭᠤᠴᠠᠭᠠᠨ ᠳᠤ ᠭᠥᠯᠢᠶᠡᠨ ᠠᠪᠴᠤ ᠰᠢᠢᠳᠪᠦᠷᠢᠯᠡᠭᠰᠡᠨ ᠳᠤᠮᠳᠠᠳᠤ ᠤᠯᠤᠰ ᠤᠨ ᠰᠢᠤᠳᠠᠨ ᠤ ᠶᠠᠪᠤᠳᠠᠯ ᠤᠨ ᠬᠠᠷᠢᠶᠠᠨ ᠳᠠᠬᠢ 19 ᠰᠠᠯᠪᠤᠷᠢ ᠪᠠᠶᠢᠭᠤᠯᠤᠮᠵᠢ ᠶᠢᠨ ᠡᠵᠡᠩᠨᠡᠯᠲᠡ ᠶᠢᠨ ᠬᠡᠪᠴᠢᠶ᠎ᠡ ᠶᠢᠨ ᠲᠤᠬᠠᠶᠢᠯᠠᠭᠰᠠᠨ ᠠᠵᠢᠯ ᠢ ᠬᠤᠪᠢᠷᠠᠭᠤᠯᠵᠤ᠂ ᠠᠵᠤ ᠠᠬᠤᠶᠢᠯᠠᠯ ᠤᠨ ᠪᠣᠳᠠᠲᠠᠢ ᠬᠡᠷᠡᠭᠴᠡᠭᠡ ᠶᠢ ᠦᠨᠳᠦᠰᠦᠯᠡᠨ᠂ ᠪᠢᠳᠡ ᠠᠵᠤ ᠠᠬᠤᠶᠢᠯᠠᠯ ᠳᠤ ︿ᠨᠢᠭᠡ ᠯᠡ ᠤᠳᠠᠭ᠎ᠠ ᠳᠤ ᠭᠥᠯᠢᠶᠡᠨ ᠠᠪᠴᠤ ᠰᠢᠢᠳᠪᠦᠷᠢᠯᠡᠬᠦ﹀ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠨ ᠥᠭᠴᠦ᠂ ᠠᠳᠠᠯᠢ ᠲᠥᠷᠥᠯ ᠤᠨ ᠲᠤᠬᠠᠶᠢᠯᠠᠭᠰᠠᠨ ᠠᠵᠢᠯ ᠢ ᠨᠠᠷᠢᠯᠢᠭ ᠣᠨᠣᠴᠠᠲᠠᠢ ᠪᠠᠷ ᠬᠤᠷᠢᠶᠠᠩᠭᠤᠶᠢᠯᠠᠵᠤ᠂ ᠨᠢᠭᠡ ᠯᠡ ᠤᠳᠠᠭ᠎ᠠ ᠳᠤ ᠰᠢᠢᠳᠪᠦᠷᠢᠯᠡᠵᠦ ᠳᠠᠭᠤᠰᠬᠠᠪᠠ︾ ᠭᠡᠵᠦ ᠳ᠋ᠦᠩ ᠾᠧ ᠲᠣᠭᠤᠷᠢᠭ ᠤᠨ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ ᠤᠨ ᠬᠠᠷᠢᠭᠤᠴᠠᠯᠭᠠᠲᠠᠨ ᠲᠠᠨᠢᠯᠴᠠᠭᠤᠯᠪᠠ᠃      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠡᠵᠢᠶᠡᠳᠡ ᠵᠣᠭᠰᠣᠰᠢ ᠦᠭᠡᠢ ᠪᠠᠶᠢᠳᠠᠭ᠃2023 ᠣᠨ ᠳᠤ᠂ ᠳ᠋ᠦᠩ ᠡᡁᠸ ᠲᠣᠭᠤᠷᠢᠭ ᠤᠨ ᠬᠢᠨ ︽ᠣᠶᠢᠯᠠᠭᠠᠬᠤ ᠰᠡᠳᠬᠢᠬᠦᠢ︾ ᠶᠢ ᠦᠷᠭᠦᠯᠵᠢᠯᠡᠨ ᠴᠢᠩᠭᠠᠳᠬᠠᠵᠤ᠂ ᠪᠦᠬᠦ ᠬᠦᠴᠦᠨ ᠢᠶᠠᠷ ᠢᠶᠠᠨ︽ᠳᠡᠯᠭᠡᠭᠦᠷ ᠤᠨ ᠪᠠᠭ᠎ᠠ ᠬᠤᠶᠠᠳᠤᠭᠠᠷ︾ᠪᠣᠯᠵᠤ᠂ ᠨᠡᠩ ᠶᠡᠭᠡ ᠬᠦᠴᠦᠯᠡᠴᠡ᠂ ᠨᠡᠩ ᠥᠨᠳᠥᠷ ᠪᠠᠷᠢᠮᠵᠢᠶ᠎ᠠ ᠪᠠᠷ ᠠᠬᠢᠭᠤᠯᠵᠤ᠂ ︽ᠰᠡᠳᠬᠢᠯ ᠬᠠᠨᠤᠮᠵᠢᠲᠠᠢ ᠪᠠᠶᠢᠬᠤ ᠶᠢ ᠳᠠᠭᠠᠭᠠᠨ᠎ᠠ︾᠂︽ᠰᠡᠳᠬᠢᠯ ᠠᠮᠤᠷ ᠪᠠᠶᠢᠬᠤ ᠶᠢ ᠳᠠᠭᠠᠭᠠᠨ᠎ᠠ︾ᠭᠡᠬᠦ ᠡᠵᠡᠩᠨᠡᠯᠲᠡ ᠶᠢᠨ ᠣᠷᠴᠢᠨ ᠲᠣᠭᠤᠷᠢᠨ ᠤ ᠲᠦᠷᠦᠯ ᠲᠡᠮᠳᠡᠭ ᠢ ᠦᠷᠭᠦᠯᠵᠢᠯᠡᠨ ᠭᠡᠷᠡᠯᠳᠦᠬᠦᠯᠵᠦ᠂ ᠳ᠋ᠦᠩ ᠡᡁᠸ ᠲᠣᠭᠤᠷᠢᠭ ᠢ ᠠᠵᠤ ᠠᠬᠤᠶᠢᠯᠠᠯᠲᠠᠨ ᠤ ᠲᠠᠭᠠᠰᠢᠶᠠᠯ ᠢ ᠣᠯᠣᠭᠰᠠᠨ ᠥᠨᠳᠦᠷᠯᠢᠭ ᠭᠠᠵᠠᠷ ᠪᠣᠯᠭᠠᠵᠤ᠂ ᠡᠯ᠎ᠡ ᠲᠦᠷᠦᠯ ᠤᠨ ᠴᠢᠳᠠᠪᠤᠷᠢᠲᠠᠨ ᠢ ᠣᠶᠢᠷ᠎ᠠ ᠶᠢᠨ ᠬᠤᠭᠤᠴᠠᠭᠠᠨ ᠳᠤ ᠪᠠᠶᠠᠰᠤᠨ ᠪᠠᠶᠠᠰᠬᠠᠬᠤ ᠬᠠᠯᠠᠭᠤᠨ ᠣᠷᠣᠨ ᠪᠣᠯᠭᠠᠨ᠎ᠠ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1