︽ᠳ᠋ᠦᠩ ᠾᠧ ᠲᠣᠭᠤᠷᠢᠭ ᠨᠢ ᠪᠦᠬᠦ ᠬᠤᠲᠠ ᠶᠢᠨ ᠬᠥᠩᠭᠡᠨᠴᠠᠭᠠᠨ ᠤ ᠠᠵᠤ ᠦᠢᠯᠡᠰ ᠤᠨ ᠴᠢᠬᠤᠯᠠ | ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠬᠤᠲᠠ ᠶᠢᠨ ᠨᠠᠮ ᠤᠨ ᠬᠤᠷᠢᠶᠠᠨ ᠤ ︿ᠲᠡᠦᠬᠡ ᠶᠢᠨ ᠬᠠᠮᠤᠭ ᠤᠨ | ᠥᠨᠳᠥᠷ ᠲᠦᠪᠰᠢᠨ ᠳᠤ ᠪᠤᠴᠠᠬᠤ﹀ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠠᠤᠭ᠎ᠠ ᠰᠠᠨᠠᠭ᠎ᠠ ᠡᠷᠡᠯᠬᠡᠭ | ᠵᠣᠷᠢᠭ ᠢ ᠪᠣᠶ ᠪᠣᠯᠭᠠᠵᠤ᠂ ᠨᠡᠮᠡᠭᠳᠡᠯ ᠤᠨ ᠤᠬᠠᠮᠰᠠᠷ ᠢ ᠴᠢᠩᠭᠠᠷᠠᠭᠤᠯᠤᠨ᠂ ︿ᠬᠤᠶᠠᠷ ᠰᠢᠨ᠎ᠡ﹀ ᠶᠢᠨ | ᠤᠳᠤᠷᠢᠳᠤᠮᠵᠢ ᠶᠢ ᠪᠠᠷᠢᠮᠲᠠᠯᠠᠵᠤ᠂ ᠬᠥᠩᠭᠡᠨ ᠴᠠᠭᠠᠨ ᠢ ᠨᠠᠷᠢᠯᠢᠭ ᠭᠦᠨᠵᠡᠭᠡᠢ ᠡᠳ᠋ᠰᠢᠭᠦᠯᠬᠦ ᠲᠤᠭ ᠬᠡᠯᠪᠡᠷᠢᠲᠦ ᠠᠵᠤ | ᠦᠢᠯᠡᠰ ᠤᠨ ᠰᠦᠷᠦᠭᠵᠢᠯ ᠢ ᠪᠣᠶ ᠪᠣᠯᠭᠠᠬᠤ ᠪᠠᠷ ᠬᠠᠷᠠᠯᠲᠠ ᠪᠣᠯᠭᠠᠵᠤ᠂ ᠬᠥᠩᠭᠡᠨ ᠴᠠᠭᠠᠨ ᠤ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠴᠢᠩᠭᠠᠳᠬᠠᠬᠤ ᠡᠨᠡ ᠬᠦ ︿ᠵᠣᠬᠢᠶᠠᠯ﹀ ᠢ | ᠡᠷᠡᠰ ᠰᠠᠶᠢᠲᠤᠷ ᠬᠢᠵᠦ᠂ ᠬᠥᠩᠭᠡᠨ ᠴᠠᠭᠠᠨ ᠤ ᠠᠵᠤ ᠦᠢᠯᠡᠰ ᠤᠨ ᠳᠡᠭᠡᠳᠦ ᠦᠵᠦᠭᠦᠷᠴᠢᠯᠡᠬᠦ᠂ ᠣᠶᠤᠨᠴᠢᠯᠠᠬᠤ᠂ | ᠪᠣᠬᠢᠷᠳᠤᠯ ᠦᠭᠡᠢ ᠴᠢᠭᠯᠡᠯ ᠳᠠᠰᠢ ᠬᠥᠭᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ︾ ᠭᠡᠵᠡᠢ᠃ 2 | ᠰᠠᠷ᠎ᠠ ᠶᠢᠨ 14 ᠋ ᠤ ᠡᠳᠦᠷ ᠳ᠋ᠦᠩ ᠾᠧ ᠲᠣᠭᠤᠷᠢᠭ ᠲᠤ ᠶᠠᠪᠤᠭᠳᠠᠭᠰᠠᠨ ᠯᠢ ᠵᠦᠩ ᠪᠦᠯᠦᠭᠯᠡᠯ ᠤᠨ | ᠪᠤᠭᠤᠲᠤ ᠶᠢᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠳᠤ ᠭᠠᠷ ᠤᠨ ᠦᠰᠦᠭ ᠵᠢᠷᠤᠬᠤ ᠶᠣᠰᠣᠯᠠᠯ | ᠳᠡᠭᠡᠷ᠎ᠡ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠩ ᠡᠯ ᠰᠢ ᠭᠠᠷ ᠤᠨ ᠦᠰᠦᠭ ᠵᠢᠷᠤᠬᠤ ᠶᠣᠰᠣᠯᠠᠯ ᠳᠤ | ᠣᠷᠣᠯᠴᠠᠭᠰᠠᠨ ᠠᠵᠤ ᠠᠬᠤᠶᠢᠯᠠᠯᠲᠠᠨ ᠳᠤ ᠲᠠᠨᠢᠯᠴᠠᠭᠤᠯᠪᠠ᠃ | | | | | ᠪᠥᠬᠦ ᠤᠯᠤᠰ ᠤᠨ ᠨᠠᠷᠠᠲᠤ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠪᠠ ᠠᠵᠢᠯ ᠲᠥᠷᠥᠯ ᠤᠨ | ᠳᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠯᠢ ᠵᠥᠩ ᠰᠧ ᠲᠦᠩ ᠬᠥᠩᠭᠡᠨ ᠬᠠᠶᠢᠯᠤᠰᠢ ᠶᠢᠨ | ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ 2015 ᠣᠨ ᠳᠤ ᠳ᠋ᠦᠩ ᠾᠧ ᠲᠣᠭᠤᠷᠢᠭ ᠲᠤ | ᠪᠡᠯᠡ ᠣᠷᠣᠭᠤᠯᠪᠠ᠃ᠤᠯᠠᠨ ᠵᠢᠯ ᠤᠨ ᠲᠤᠷᠰᠢ᠂ ᠪᠤᠭᠤᠲᠤ ᠶᠢᠨ ᠲᠦᠷᠦᠯ ᠵᠦᠢᠯ ᠳᠤ ᠨᠡᠶᠢᠳᠡ 14 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ᠡᠭᠦᠨ ᠳᠤ᠂ ᠱᠧᠩ ᠲᠠᠢ ᠶᠢᠨ ᠬᠥᠩᠭᠡᠨ ᠴᠠᠭᠠᠨ ᠤ | ᠬᠠᠶᠢᠯᠤᠰᠢ ᠶᠢᠨ ᠲᠡᠷᠭᠡᠨ ᠬᠦᠷᠳᠦ ᠶᠢᠨ ᠦᠢᠯᠡᠳᠪᠦᠷᠢᠯᠡᠯ ᠤᠨ ᠴᠢᠳᠠᠪᠤᠷᠢ 600 ᠲᠦᠮᠡ ᠳᠤ ᠬᠦᠷᠴᠦ᠂ ᠤᠯᠤᠰ ᠤᠨ | ᠳᠣᠲᠣᠭᠠᠳᠤ ᠶᠢᠨ ᠲᠡᠷᠭᠡᠨ ᠬᠦᠷᠳᠦ ᠶᠢᠨ ᠦᠢᠯᠡᠳᠪᠦᠷᠢᠯᠡᠯ ᠤᠨ ᠴᠢᠳᠠᠪᠤᠷᠢ ᠪᠠᠷ ᠬᠠᠮᠤᠭ ᠤᠨ ᠶᠡᠭᠡ ᠲᠠᠩ ᠪᠡᠶᠡᠲᠦ | ᠦᠢᠯᠡᠳᠪᠦᠷᠢ ᠶᠢᠨ ᠨᠢᠭᠡ ᠪᠣᠯᠪᠠ︔2019 ᠣᠨ ᠳᠤ ᠪᠠᠶᠢᠭᠤᠯᠤᠭᠳᠠᠭᠰᠠᠨ ᠰᠧ ᠲᠦᠩ ︵ᠪᠤᠭᠤᠲᠤ︶ ᠺᠣᠮᠫᠠᠨᠢ ᠶᠢᠨ | ᠬᠥᠩᠭᠡᠨ ᠴᠠᠭᠠᠨ ᠤ ᠪᠦᠯᠦᠭ ᠤᠨ ᠬᠤᠪᠣᠷ ᠰᠢᠷᠣᠢ ᠶᠢᠨ ᠴᠢᠳᠠᠮᠵᠢᠲᠤ ᠳᠤᠮᠳᠠᠬᠢ ᠬᠠᠶᠢᠯᠤᠰᠢ ᠶᠢᠨ ᠦᠢᠯᠡᠳᠪᠦᠷᠢᠯᠡᠬᠦ | ᠴᠢᠳᠠᠪᠤᠷᠢ 5 ᠲᠦᠮᠡᠨ ᠲᠣᠨ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠬᠥᠩᠭᠡᠨ ᠴᠠᠭᠠᠨ ᠤ ᠪᠦᠯᠦᠭ ᠤᠨ | ᠬᠤᠪᠣᠷ ᠰᠢᠷᠣᠢ ᠶᠢᠨ ᠬᠡᠷᠡᠭᠯᠡᠯᠲᠡ ᠶᠢᠨ ᠬᠤᠭᠤᠰᠤᠨ ᠢ ᠨᠢᠭᠡ ᠯᠡ ᠳᠡᠭᠡᠷ᠎ᠡ ᠨᠥᠬᠦᠪᠦᠷᠢᠯᠡᠪᠡ᠃ᠲᠣᠰ ᠤᠳᠠᠭ᠎ᠠ ᠭᠡᠷ᠎ᠡ | ᠲᠣᠭᠲᠠᠬᠤ ᠳᠤ᠂ ᠬᠤᠶᠠᠷ ᠲᠠᠯ᠎ᠠ ᠪᠠᠷ ᠢᠶᠠᠨ ᠪᠤᠭᠤᠲᠤ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ | ᠬᠠᠮᠲᠤ ᠪᠠᠷ ᠡᠬᠢᠯᠡᠭᠦᠯᠵᠦ᠂ ᠪᠥᠬᠦ ᠬᠤᠲᠠ ᠶᠢᠨ ᠬᠥᠩᠭᠡᠨ ᠴᠠᠭᠠᠨ ᠢ ᠨᠠᠷᠢᠯᠢᠭ ᠪᠣᠯᠪᠠᠰᠤᠷᠠᠭᠤᠯᠬᠤ ᠰᠢᠨ᠎ᠡ ᠵᠢᠱᠢᠶ᠎ᠡ | ᠦᠵᠡᠭᠦᠯᠬᠦ ᠵᠠᠭᠪᠤᠷ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ | | | | | ᠬᠥᠭᠵᠢᠭᠦᠯᠬᠦ ᠳᠤ ᠪᠡᠯᠡ ᠣᠷᠣᠭᠤᠯᠤᠯᠲᠠ ᠳᠤ ᠲᠦᠰᠢᠭᠯᠡᠨ᠎ᠡ᠂ ᠪᠡᠯᠡ ᠣᠷᠣᠭᠤᠯᠬᠤ ᠳᠤ ᠲᠦᠷᠦᠯ ᠵᠦᠢᠯ ᠳᠤ | ᠲᠦᠰᠢᠭᠯᠡᠨ᠎ᠡ᠂ ᠲᠦᠷᠦᠯ ᠵᠦᠢᠯ ᠨᠢ ᠬᠤᠳᠠᠯᠳᠤᠭᠠᠴᠢᠨ ᠤᠷᠢᠬᠤ ᠳᠤ ᠲᠦᠰᠢᠭᠯᠡᠨ᠎ᠡ᠃ᠳ᠋ᠦᠩ ᠾᠧ ᠲᠣᠭᠤᠷᠢᠭ ᠤᠨ | ᠬᠢᠨ ᠰᠢ ᠶᠢᠨ ᠫᠢᠩ ᠶᠡᠷᠦᠩᠬᠡᠢ ᠱᠦᠵᠢ ᠶᠢᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ | ᠴᠢᠬᠤᠯᠠ ᠵᠢᠭᠠᠪᠤᠷᠢ ᠶᠢ ᠭᠦᠨᠵᠡᠭᠡᠢ ᠲᠤᠤᠱᠯᠠᠭᠤᠯᠵᠤ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠵᠤ᠂ | ᠨᠡᠮᠡᠭᠳᠡᠯ ᠤᠨ ᠤᠬᠠᠮᠰᠠᠷ ᠢᠶᠠᠨ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠠᠪᠤᠳᠠᠯ ᠢ ᠠᠵᠤ | ᠠᠬᠤᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠦᠴᠦᠲᠡᠢ ᠬᠥᠳᠡᠯᠭᠡᠭᠦ ᠬᠦᠴᠦᠨ ᠪᠣᠯᠭᠠᠵᠤ᠂ ᠠᠵᠤ | ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ᠂ ᠬᠤᠲᠠ ᠶᠢᠨ ᠠᠭᠤᠷᠬᠠᠢ ᠶᠢᠨ ᠭᠠᠷᠤᠯᠲᠠ ᠶᠢᠨ ᠣᠷᠴᠢᠯ ᠠᠵᠤ | ᠠᠬᠤᠢ ᠶᠢᠨ ᠠᠵᠤ ᠦᠢᠯᠡᠰ ᠤᠨ ᠬᠡᠯᠬᠢᠶ᠎ᠡ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ᠂ ᠪᠣᠬᠢᠷᠳᠤᠯ | ᠦᠭᠡᠢ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠡᠵᠡᠩᠨᠡᠯᠲᠡ ᠶᠢᠨ ᠬᠡᠯᠬᠢᠶ᠎ᠡ ᠵᠡᠷᠭᠡ ᠲᠠᠪᠤᠨ ᠲᠣᠮᠣ ᠬᠤᠳᠠᠯᠳᠤᠭᠠᠴᠢᠨ ᠤᠷᠢᠬᠤ ᠠᠵᠤ ᠦᠢᠯᠡᠰ ᠤᠨ ᠬᠡᠯᠬᠢᠶ᠎ᠡ ᠶᠢᠨ | ᠲᠣᠭᠤᠷᠢᠨ ᠳᠤ ᠨᠠᠷᠢᠯᠢᠭ ᠣᠨᠣᠴᠠᠲᠠᠢ ᠪᠥᠭᠡᠳ ᠬᠦᠴᠦᠲᠡᠢ ᠪᠠᠶᠢᠵᠤ᠂ ᠬᠡᠯᠬᠢᠶᠡᠰᠦ ᠶᠢ ᠨᠥᠬᠦᠪᠦᠷᠢᠯᠡᠨ ᠬᠡᠯᠬᠢᠶᠡᠰᠦ ᠶᠢ | ᠤᠷᠲᠤᠳᠬᠠᠵᠤ᠂ ᠴᠢᠨᠠᠷ ᠰᠠᠶᠢᠲᠠᠢ ᠲᠥᠷᠥᠯ ᠵᠦᠢᠯ ᠢ ᠶᠡᠬᠡᠪᠡᠷ ᠣᠷᠣᠭᠤᠯᠤᠨ ᠠᠪᠴᠢᠷᠠᠵᠤ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠪᠡ᠃ | ᠪᠥᠬᠦ ᠣᠷᠣᠨ ᠤ ᠳᠡᠭᠡᠳᠦ ᠳᠣᠣᠷᠠᠳᠤ ᠱᠠᠲᠤᠨ ᠤ ᠡᠯ᠎ᠡ ᠱᠠᠲᠤᠨ ᠤ ᠺᠠᠳ᠋ᠷᠴᠤᠳ ᠤᠨ ︽ᠣᠷᠭᠢᠯᠤᠮ᠎ᠠ | ᠬᠠᠯᠠᠭᠤᠨ ᠰᠡᠳᠬᠢᠯᠭᠡ ᠪᠠᠷ ᠪᠤᠭᠤᠲᠤ ᠪᠠᠨ ᠬᠠᠶᠢᠷᠠᠯᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ | ᠦᠵᠡᠭᠦᠯᠬᠦ︾ ᠬᠠᠮᠲᠤ ᠶᠢᠨ ᠴᠢᠷᠮᠠᠶᠢᠯᠭ᠎ᠠ ᠳᠣᠣᠷ᠎ᠠ᠂ ᠪᠥᠬᠦ ᠠᠵᠢᠯᠲᠠᠳ ᠬᠤᠳᠠᠯᠳᠤᠭᠠᠴᠢᠨ ᠤᠷᠢᠬᠤ ᠶᠢ ᠠᠳᠬᠤᠨ᠂ | ᠪᠥᠬᠦ ᠬᠦᠴᠦᠨ ᠢᠶᠠᠷ ᠢᠶᠠᠨ ᠠᠵᠤ ᠠᠬᠤᠢ ᠶᠢᠨ ᠲᠥᠯᠥᠭᠡ ᠵᠢᠳᠬᠦᠵᠦ᠂ ᠨᠢᠭᠡ ᠪᠦᠯᠦᠭ ᠨᠥᠯᠥᠭᠡᠯᠡᠬᠦ ᠬᠦᠴᠦᠨ ᠲᠠᠢ᠂ | ᠥᠨᠳᠥᠷ ᠨᠡᠮᠡᠯᠲᠡ ᠥᠷᠲᠡᠭ ᠲᠠᠢ ᠰᠢᠯᠢᠳᠡᠭ ᠲᠥᠷᠥᠯ ᠵᠦᠢᠯ ᠢ ᠠᠮᠵᠢᠯᠲᠠ ᠲᠠᠢ ᠪᠠᠷ ᠨᠠᠶᠢᠳᠠᠪᠤᠷᠢᠵᠢᠭᠤᠯᠪᠠ᠃2022 | ᠣᠨ ᠳᠤ ᠨᠡᠶᠢᠳᠠ 104 ᠲᠦᠷᠦᠯ ᠵᠦᠢᠯ ᠤᠨ ᠭᠡᠷ᠎ᠡ ᠲᠣᠭᠲᠠᠵᠤ᠂ ᠵᠥᠪᠯᠡᠯᠴᠡᠭᠡᠷ ᠤᠨ ᠶᠡᠷᠦᠩᠬᠡᠢ ᠵᠣᠭᠤᠰᠤᠨ ᠲᠤᠭ᠎ᠠ | 910 ᠳ᠋ᠦᠩᠰᠢᠭᠤᠷ ᠲᠥᠭᠦᠷᠢᠭ ᠲᠤ ᠬᠦᠷᠴᠡᠢ᠃ᠡᠭᠦᠨ ᠳᠤ᠂ 88 ᠲᠥᠷᠥᠯ ᠵᠦᠢᠯ ᠢ ᠨᠠᠶᠢᠳᠠᠪᠤᠷᠢᠵᠢᠭᠤᠯᠵᠤ᠂ 65 | ᠣᠨ ᠤ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ ᠨᠢ 135% ᠪᠠᠶᠢᠵᠤ᠂ ᠬᠡᠯᠡᠯᠴᠡᠭᠡᠷ ᠤᠨ ᠪᠥᠬᠦ ᠵᠣᠭᠤᠰᠤᠨ ᠲᠤᠭ᠎ᠠ | ᠨᠢ 449 ᠳ᠋ᠦᠩᠰᠢᠭᠤᠷ ᠲᠥᠭᠦᠷᠢᠭ ᠲᠤ ᠬᠦᠷᠴᠦ᠂ ᠨᠠᠶᠢᠳᠠᠪᠤᠷᠢᠵᠢᠭᠤᠯᠤᠭᠰᠠᠨ ᠨᠣᠷᠮ᠎ᠠ ᠨᠢ 84.6% ᠪᠠᠶᠢᠵᠤ᠂ | ᠠᠳᠠᠯᠢ ᠬᠤᠭᠤᠴᠠᠭᠠᠨ ᠤ ᠬᠢ ᠠᠴᠠ 44.3% ᠪᠠᠷ ᠨᠡᠮᠡᠭᠳᠡᠪᠡ᠃ | | | | | ᠰᠤᠨᠤᠮᠠᠯ ᠬᠡᠯᠬᠢᠶ᠎ᠡ ᠪᠠᠷ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠨᠢ ᠡᠳᠦᠭᠡ ᠳ᠋ᠦᠩ ᠾᠧ | ᠲᠣᠭᠤᠷᠢᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ︽ᠵᠠᠩᠭᠢᠯᠠᠭ᠎ᠠ ᠶᠢᠨ ᠦᠭᠡ︾ ᠪᠣᠯᠵᠠᠢ᠃ᠪᠤᠭᠤᠲᠤ ᠶᠢᠨ ᠬᠥᠩᠭᠡᠨᠴᠠᠭᠠᠨ ᠤ ᠠᠵᠤ ᠦᠢᠯᠡᠰ ᠤᠨ | ᠬᠦᠷᠢᠶᠡᠯᠡᠩ ᠲᠣᠭᠤᠷᠢᠭ ᠲᠤ ᠬᠦᠷᠴᠦ᠂ ᠪᠢᠴᠢᠯ ᠰᠠᠯᠠᠭ᠎ᠠ ︵ᠥᠪᠥᠷ ᠮᠣᠩᠭᠤᠯ︶ ᠶᠢᠨ ᠰᠢᠨ᠎ᠡ ᠮᠠᠲ᠋ᠧᠷᠢᠶᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 20 ᠲᠦᠮᠡᠨ ᠲᠣᠨ ᠪᠣᠬᠢᠷᠳᠤᠯ | ᠦᠭᠡᠢ ᠬᠥᠩᠭᠡᠨ ᠬᠡᠮᠵᠢᠶᠡᠨ ᠤ ᠳᠡᠭᠡᠳᠦ ᠲᠠᠰ ᠤᠨ ᠬᠥᠩᠭᠡᠨᠴᠠᠭᠠᠨ ᠤ ᠬᠠᠶᠢᠯᠤᠰᠢ ᠶᠢᠨ ᠰᠢᠨ᠎ᠡ ᠮᠠᠲ᠋ᠧᠷᠢᠶᠠᠯ ᠢ ᠨᠠᠷᠢᠯᠢᠭ | ᠪᠣᠯᠪᠠᠰᠤᠷᠠᠭᠤᠯᠬᠤ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠲᠣᠰ ᠲᠥᠷᠥᠯ ᠵᠦᠢᠯ ᠤᠨ ᠶᠡᠷᠦᠩᠬᠡᠢ ᠪᠡᠯᠡ | ᠣᠷᠣᠭᠤᠯᠤᠯᠲᠠ 13.9 ᠳ᠋ᠦᠩᠰᠢᠭᠤᠷ ᠲᠥᠭᠦᠷᠢᠭ ᠲᠤ ᠬᠦᠷᠴᠦ᠂ ᠣᠳᠣᠬᠠᠨ ᠳᠤ ᠨᠢᠭᠡᠨᠲᠡ ᠦᠢᠯᠡᠳᠪᠦᠷᠢ ᠶᠢᠨ ᠭᠡᠷ | ᠪᠠᠶᠢᠰᠢᠩ ᠵᠢᠴᠢ ᠠᠯᠪᠠᠨ ᠠᠰᠠᠷ ᠤᠨ 50% ᠶᠢᠨ ᠪᠠᠷᠢᠯᠭ᠎ᠠ ᠶᠢᠨ ᠬᠡᠮᠵᠢᠶ᠎ᠡ ᠶᠢ ᠪᠡᠶᠡᠯᠡᠭᠦᠯᠵᠦ᠂ ᠵᠢᠯ ᠤᠨ ᠡᠴᠦᠰ ᠲᠤ | ᠪᠠᠷᠢᠵᠤ ᠳᠠᠭᠤᠰᠬᠠᠬᠤ ᠪᠠᠷ ᠲᠥᠯᠥᠪᠯᠡᠵᠦ ᠪᠣᠶ᠃ | ︽ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠦᠷᠢᠯᠡᠵᠦ ᠬᠡᠯᠬᠢᠶᠡᠰᠦ ᠶᠢ ᠴᠢᠩᠭᠠᠳᠬᠠᠬᠤ | ᠭᠤᠣᠯᠳᠠᠯᠭ᠎ᠠ ᠲᠠᠢ ᠲᠥᠷᠥᠯ ᠵᠦᠢᠯ ᠪᠣᠯᠤᠭᠰᠠᠨ ᠤ ᠬᠤᠪᠢ ᠳᠤ᠂ ᠲᠣᠰ ᠲᠥᠷᠥᠯ ᠵᠦᠢᠯ ᠳᠤ ᠭᠤᠣᠯᠳᠠᠭᠤ | ᠬᠠᠶᠢᠯᠤᠭᠤᠯᠤᠨ ᠴᠢᠳᠬᠤᠬᠤ ᠦᠢᠯᠡᠳᠪᠦᠷᠢ ᠶᠢᠨ ᠲᠠᠰᠤᠭ᠂ ᠬᠡᠷᠡᠯ ᠴᠡᠨᠡᠭ ᠤᠨ ᠬᠡᠯᠪᠡᠷᠢᠲᠦ ᠮᠠᠲ᠋ᠧᠷᠢᠶᠠᠯ᠂ ᠬᠡᠷᠡᠯ | ᠴᠡᠨᠡᠭ ᠤᠨ ᠰᠡᠯᠪᠢᠭ ᠲᠣᠨᠤᠭ᠂ ᠥᠩᠭᠡᠨ ᠲᠠᠯ᠎ᠠ ᠶᠢᠨ ᠲᠡᠷᠭᠡᠨ ᠳᠣᠲᠣᠷᠠᠬᠢ ᠦᠢᠯᠡᠳᠪᠦᠷᠢ ᠶᠢᠨ ᠲᠠᠰᠤᠭ᠂ ᠵᠠᠮ | ᠬᠠᠷᠢᠯᠴᠠᠭᠠᠨ ᠤ ᠬᠥᠩᠭᠡᠨ ᠬᠡᠮᠵᠢᠶᠡᠨ ᠤ ᠨᠠᠷᠢᠯᠢᠭ ᠡᠳ᠋ᠰᠢᠭᠦᠯᠬᠦ ᠦᠢᠯᠡᠳᠪᠦᠷᠢ ᠶᠢᠨ ᠲᠠᠰᠤᠭ ᠵᠢᠴᠢ ᠠᠵᠢᠯᠯᠠᠬᠤ᠂ | ᠠᠮᠢᠳᠤᠷᠠᠯ ᠪᠠ ᠨᠡᠶᠢᠲᠡ ᠶᠢᠨ ᠪᠠ ᠲᠤᠰᠠᠯᠠᠬᠤ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠲᠥᠬᠦᠭᠡᠷᠦᠮᠵᠢ ᠶᠢ | ᠪᠠᠶᠢᠭᠤᠯᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠨᠢ ᠬᠥᠩᠭᠡᠨ ᠴᠠᠭᠠᠨ ᠤ ᠤᠰᠤ ᠶᠢ ᠲᠤᠬᠠᠢ ᠶᠢᠨ ᠭᠠᠵᠠᠷ | ᠲᠤᠨᠢ ᠬᠤᠪᠢᠷᠠᠭᠤᠯᠬᠤ ᠶᠢ ᠪᠡᠶᠡᠯᠡᠭᠦᠯᠵᠦ᠂ ᠬᠥᠩᠭᠡᠨ ᠴᠠᠭᠠᠨ ᠤ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ | ᠠᠯᠬᠤᠮ ᠤᠷᠲᠤᠳᠬᠠᠨ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠶᠯᠡᠳᠬᠦ ᠦᠢᠯᠡᠰ ᠤᠨ ᠰᠠᠭᠤᠷᠢᠨ ᠭᠠᠵᠠᠷ ᠢ | ᠪᠠᠶᠢᠭᠤᠯᠬᠤ ᠳᠤ ᠠᠰᠢᠭᠲᠠᠢ ᠨᠥᠬᠦᠴᠡᠯ ᠢ ᠡᠭᠦᠳᠴᠦ ᠥᠭᠭᠦᠭᠰᠡᠨ ᠪᠠᠶᠢᠨ᠎ᠠ︾ ᠭᠡᠵᠡᠢ᠃ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶᠠᠨ ᠤ ᠠᠵᠢᠯᠲᠠᠨ ᠰᠤᠷᠪᠤᠯᠵᠢᠯᠠᠭᠴᠢ ᠳᠤ ᠲᠠᠨᠢᠯᠴᠠᠭᠤᠯᠪᠠ᠃ | | | | | ᠬᠠᠷᠠᠯᠲᠠ ᠪᠠᠨ ᠲᠣᠭᠲᠠᠭᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠲᠡᠷᠢᠭᠦᠨ ᠳᠤ ᠣᠷᠣᠬᠤ ᠪᠠᠷ | ᠴᠢᠷᠮᠠᠶᠢᠬᠤ ᠬᠡᠷᠡᠭᠲᠡᠢ᠃ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ | ᠳ᠋ᠦᠩ ᠾᠧ ᠲᠣᠭᠤᠷᠢᠭ ᠤᠨ ᠬᠢᠨ ︽ᠳᠤᠮᠳᠠ ᠠᠴᠠ ᠰᠢᠨ᠎ᠡ ᠶᠢ ᠪᠤᠶ ᠪᠣᠯᠭᠠᠬᠤ︾ ᠪᠠ ︽ᠣᠷᠣ ᠦᠭᠡᠢ ᠭᠠᠵᠠᠷ | ᠣᠪᠣᠭ᠎ᠠ ᠪᠣᠰᠬᠠᠬᠤ︾ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ | ᠣᠷᠣᠭᠤᠯᠤᠨ ᠠᠪᠴᠢᠷᠠᠬᠤ ᠨᠠᠷᠢᠨ ᠰᠣᠩᠭᠤᠯᠲᠠ ᠬᠢᠬᠦ ᠠᠵᠢᠯᠯᠠᠭ᠎ᠠ ᠶᠢ ᠬᠡᠷᠡᠭᠵᠢᠭᠦᠯᠵᠦ᠂ ᠳᠡᠭᠡᠳᠦ ᠳᠡᠰ ᠤᠨ ᠰᠢᠨ᠎ᠡ | ᠮᠡᠷᠭᠡᠵᠢᠯ ᠪᠠ ᠣᠷᠣᠨ ᠪᠠᠶᠢᠭᠤᠯᠬᠤ ᠲᠣᠮᠣ ᠲᠥᠷᠥᠯ ᠵᠦᠢᠯ ᠢᠶᠠᠷ ᠭᠤᠣᠯᠳᠠᠯᠭ᠎ᠠ ᠪᠣᠯᠭᠠᠵᠤ᠂ ᠠᠵᠤ ᠦᠢᠯᠡᠰ ᠤᠨ | ᠬᠡᠯᠬᠢᠶ᠎ᠡ ᠪᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠲᠤᠰᠬᠠᠢ ᠮᠡᠷᠭᠡᠵᠢᠯ ᠢᠶᠠᠷ | ᠠᠷᠠᠯᠵᠢᠶᠠᠴᠢᠨ ᠤᠷᠢᠬᠤ ᠶᠢ ᠴᠢᠩᠭᠠᠳᠬᠠᠵᠤ᠂ ᠬᠤᠳᠠᠯᠳᠤᠭᠠᠴᠢᠳ ᠤᠨ ᠨᠡᠶᠢᠭᠡᠮᠯᠢᠭ᠂ ᠬᠤᠳᠠᠯᠳᠤᠭᠠᠴᠢᠨ ᠤᠷᠢᠬᠤ | ᠵᠥᠪᠯᠡᠭᠴᠢ ᠶᠢᠨ ᠦᠢᠯᠡᠳᠦᠯ ᠢ ᠪᠠᠳᠠᠷᠠᠭᠤᠯᠵᠤ᠂ ᠪᠤᠭᠤᠲᠤ ᠬᠤᠲᠠ ᠳᠤ ᠲᠦᠰᠢᠭᠯᠡᠨ ︽ᠳᠡᠯᠡᠬᠡᠢ ᠶᠢᠨ ᠬᠤᠪᠣᠷ | ᠰᠢᠷᠣᠢ ᠶᠢᠨ ᠬᠤᠲᠠ︾ ︽ᠳᠡᠯᠡᠬᠡᠢ ᠶᠢᠨ ᠪᠣᠬᠢᠷᠳᠤᠯ ᠦᠭᠡᠢ ᠴᠠᠬᠢᠭᠤᠷ ᠤᠨ ᠬᠤᠲᠠ︾ ᠭᠡᠬᠦ ᠬᠤᠶᠠᠷ ᠲᠣᠮᠣ ᠲᠤᠭ | ᠲᠡᠮᠳᠡᠭ ᠤᠨ ᠬᠡᠯᠪᠡᠷᠢ ᠶᠢᠨ ᠠᠵᠤ ᠦᠢᠯᠡᠰ ᠤᠨ ᠰᠦᠷᠦᠭᠵᠢᠯ ᠢ ᠪᠤᠶ ᠪᠣᠯᠭᠠᠵᠤ᠂ ᠰᠢᠨ᠎ᠡ ᠬᠦᠷᠢᠶ᠎ᠡ ᠴᠠᠷᠠᠭ᠎ᠠ ᠰᠢᠨ᠎ᠡ | ᠤᠷᠤᠯᠳᠤᠭᠠᠨ ᠤ ᠵᠠᠮ ᠢ ᠲᠦᠷᠭᠡᠨ ᠬᠥᠭᠵᠢᠭᠦᠯᠵᠦ᠂ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ | ᠭᠤᠣᠯ ᠲᠣᠭᠤᠷᠢᠭ ᠢ ᠳᠦᠭᠦᠷᠭᠡᠵᠦ᠂ ᠨᠡᠶᠢᠲᠡ ᠶᠢᠨ ᠬᠤᠷᠠᠮᠳᠤᠯᠭ᠎ᠠ ᠶᠢᠨ ᠬᠠᠪᠲᠠᠰᠤ ᠶᠢᠨ ᠬᠡᠰᠡᠭ ᠤᠨ ᠠᠵᠤ | ᠦᠢᠯᠡᠰ ᠤᠨ ᠲᠥᠯᠦᠪᠵᠢᠭᠦᠯᠭᠡ ᠪᠠᠶᠢᠷᠢᠰᠢᠭᠤᠯᠤᠯᠲᠠ ᠶᠢ ᠬᠠᠮᠵᠢᠯᠴᠠᠨ ᠠᠬᠢᠭᠤᠯᠵᠤ᠂ ᠭᠡᠷᠡᠯ ᠴᠡᠨᠡᠭ ᠤᠨ ᠲᠤᠨᠤᠭ | ᠲᠥᠬᠦᠭᠡᠷᠦᠮᠵᠢ ᠦᠢᠯᠡᠳᠬᠦ᠂ ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠬᠥᠮᠥᠷᠭᠡᠯᠡᠯᠲᠡ ᠵᠡᠷᠭᠡ ᠠᠵᠤ | ᠦᠢᠯᠡᠰ ᠲᠤ ᠣᠷᠣᠭᠤᠯᠬᠤ ᠶᠢ ᠲᠦᠷᠭᠡᠳᠬᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨᠬᠦ ᠠᠳᠬᠤᠨ ᠪᠣᠳᠠᠲᠠᠢ | ᠠᠵᠢᠯᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠤᠭᠤᠲᠤ ᠶᠢ ᠬᠠᠶᠢᠷᠠᠯᠠᠵᠤ᠂ ᠬᠤᠪᠢ ᠨᠡᠮᠡᠷᠢ ᠦᠵᠡᠭᠦᠯᠵᠦ᠂ ᠵᠡᠭᠦᠨ | ᠭᠤᠣᠯ ᠤᠨ ᠰᠦᠷ ᠵᠢᠪᠬᠤᠭ᠎ᠠ ᠶᠢ ᠰᠡᠷᠭᠦᠭᠡᠵᠦ᠂ ᠥᠩᠭᠡᠷᠡᠭᠰᠡᠨ ᠤ ᠬᠥᠭᠵᠢᠯ ᠪᠠᠳᠠᠷᠠᠯ ᠢ ᠲᠠᠬᠢᠨ ᠢᠯᠡᠷᠡᠭᠦᠯᠦᠨ᠎ᠡ᠃ | |