ᠶᠠᠩ ᠡᠯ ᠰᠢ ᠵᠢᠶᠠᠩᠰᠢ ᠶᠢᠨ ᠭᠠᠨ ᠹᠧᠩ ᠯᠢ ᠴᠠᠬᠢᠯᠭᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠵᠠᠬᠢᠷᠤᠭᠴᠢ ᠯᠢᠦ ᠮᠢᠩ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2023/2/27
     2 ᠰᠠᠷ᠎ᠠ ᠶᠢᠨ 22 ᠤᠨ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠱᠦᠵᠢ ᠶᠠᠩ ᠡᠯ ᠰᠢ ᠵᠢᠶᠠᠩᠰᠢ ᠶᠢᠨ ᠭᠠᠨ ᠹᠧᠩ ᠯᠢ  ᠶᠢᠨ ᠴᠠᠬᠢᠯᠭᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠵᠠᠬᠢᠷᠤᠭᠴᠢ ᠯᠢᠦ ᠮᠢᠩ ᠨᠠᠷ ᠲᠠᠢ ᠠᠭᠤᠯᠵᠠᠪᠠ᠃ ᠠᠭᠤᠯᠵᠠᠯᠲᠠ ᠠᠴᠠ ᠡᠮᠦᠨ᠎ᠡ᠂ ᠶᠠᠩ ᠡᠯ ᠰᠢ ᠯᠢᠦ ᠮᠢᠩ ᠨᠠᠷ ᠲᠤ ᠪᠠᠷ᠎ᠠ ᠪᠣᠯᠵᠤ ᠲᠦᠷᠦᠯ ᠵᠦᠢᠯ ᠳᠤ ᠬᠡᠷᠡᠭᠯᠡᠬᠦ ᠭᠠᠵᠠᠷ ᠵᠡᠷᠭᠡ ᠲᠠᠯ᠎ᠠ ᠪᠠᠷ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃
     ᠶᠠᠷᠢᠯᠴᠠᠬᠤ ᠬᠤᠷᠠᠯ ᠳᠡᠭᠡᠷ᠎ᠡ᠂ ᠶᠠᠩ ᠡᠯ ᠰᠢ ᠯᠢᠦ ᠮᠢᠩ ᠨᠠᠷ ᠤᠨ ᠳ᠋ᠦᠩ ᠾᠧ ᠲᠣᠭᠤᠷᠢᠭ ᠲᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ᠲᠡᠷᠡ᠂ ᠣᠳᠣᠬᠠᠨ ᠳᠤ᠂ ᠳ᠋ᠦᠩ ᠡᡁᠸ ᠲᠣᠭᠤᠷᠢᠭ ᠤᠨ ᠬᠢᠨ ᠬᠤᠳᠠ ᠶᠢᠨ ᠨᠠᠮ ᠤᠨ ᠬᠤᠷᠢᠶ᠎ᠠ ᠶᠢᠨ︽ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠪᠤᠴᠠᠬᠤ︾ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠣᠯᠭᠠᠵᠤ᠂ ᠨᠡᠮᠡᠭᠳᠡᠯ ᠤᠨ ᠤᠬᠠᠮᠰᠠᠷ ᠢᠶᠠᠨ ᠴᠢᠩᠭᠠᠳᠬᠠᠵᠤ᠂︽ᠬᠤᠶᠠᠷ ᠰᠢᠨ᠎ᠡ︾ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ ᠭᠤᠣᠯ ᠰᠢᠪᠲᠤᠯᠤᠯᠲᠠ ᠶᠢᠨ ᠴᠢᠭᠯᠡᠯ ᠢᠶᠠᠨ ᠣᠨᠣᠪᠴᠢᠲᠠᠢ ᠰᠣᠩᠭᠤᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠢᠯᠡᠷᠡᠵᠡᠢ᠃      ᠠᠵᠤ ᠠᠬᠤᠶᠢᠯᠠᠯ ᠤᠨ ᠪᠡᠯᠡ ᠣᠷᠣᠭᠤᠯᠬᠤ ᠬᠦᠰᠡᠯ ᠤᠨ ᠲᠤᠬᠠᠢ᠂ ᠶᠠᠩ ᠡᠯ ᠰᠢ᠂ ᠳ᠋ᠦᠩ ᠾᠧ ᠲᠣᠭᠤᠷᠢᠭ ᠤᠨ ᠠᠵᠤ ᠦᠢᠯᠡᠳᠪᠦᠷᠢ ᠶᠢᠨ ᠰᠠᠭᠤᠷᠢ ᠯᠠᠪᠳᠠᠭᠤᠨ ᠪᠠᠲᠤᠲᠠᠢ᠂ ᠡᠨᠧᠷᠭᠢ ᠶᠢᠨ ᠡᠬᠢ ᠪᠠᠶᠠᠯᠢᠭ ᠡᠯᠪᠡᠭ᠂ ᠠᠵᠤ ᠦᠢᠯᠡᠰ ᠤᠨ ᠠᠵᠢᠯᠴᠢᠨ ᠤ ᠡᠩᠨᠡᠭᠡ ᠯᠤᠲᠤ ᠶᠡᠭᠡ ᠪᠠᠶᠢᠨ᠎ᠠ᠃ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠣᠯ ᠥᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ ᠲᠤᠷᠰᠢᠯᠲᠠ ᠶᠢᠨ ᠴᠢᠭ᠋ ᠪᠣᠯᠬᠤ ᠪᠥᠭᠡᠳ ᠪᠠᠰᠠ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠵᠥᠪᠰᠢᠶᠡᠷᠡᠯ ᠣᠯᠣᠭᠰᠠᠨ ᠤᠯᠤᠰ ᠤᠨ ︽ᠬᠤᠲᠠ ᠶᠢᠨ ᠠᠭᠤᠷᠬᠠᠢ ᠶᠢᠨ ᠭᠠᠷᠤᠯᠲᠠ︾ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠶᠢᠵᠤ᠂ ᠴᠡᠴᠡᠷᠯᠢᠭ ᠤᠨ ᠳᠣᠲᠣᠷᠠᠬᠢ ᠢᠵᠢ ᠪᠦᠷᠢᠳᠦᠭᠦᠯᠬᠦ ᠪᠡᠯᠡᠳᠬᠡᠮᠵᠢ ᠨᠢ ᠪᠦᠷᠢᠨ ᠭᠦᠢᠴᠡᠳ ᠪᠠᠶᠢᠵᠤ᠂ ᠠᠵᠤ ᠠᠬᠤᠶᠢᠯᠠᠯ ᠤᠨ ᠲᠥᠷᠥᠯ ᠵᠦᠢᠯ ᠤᠨ ᠪᠣᠶ ᠪᠣᠯᠬᠤ ᠡᠯ᠎ᠡ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠦᠨ᠎ᠡ᠃ᠪᠣᠳᠠᠲᠠᠶᠢᠵᠢᠭᠤᠯᠤᠭᠰᠠᠨ ᠪᠣᠶ ᠪᠦᠬᠦᠢ ᠲᠥᠷᠥᠯ ᠵᠦᠢᠯ ᠳᠤ᠂ ᠪᠢᠳᠡ ᠰᠢᠶᠠᠨ ᠤ ᠱᠠᠲᠤᠨ ᠤ ᠤᠳᠤᠷᠢᠳᠤᠯᠭ᠎ᠠ ᠳᠤ ︽ᠨᠢᠭᠡ ᠳᠤ ᠨᠢᠭᠡ ᠶᠢ ᠳᠠᠭᠠᠭᠠᠴᠢᠯᠠᠭᠤᠯᠬᠤ ᠪᠠᠷ ᠲᠣᠬᠢᠷᠠᠭᠤᠯᠤᠨ᠂ ᠲᠤᠰᠬᠠᠢ ᠠᠩᠭᠢ ᠶᠢᠨ ᠪᠥᠬᠦ ᠶᠠᠪᠤᠴᠠ ᠪᠠᠷ ᠣᠷᠣᠯᠠᠨ ᠭᠦᠢᠴᠡᠳᠬᠡᠬᠦ ᠪᠠ ᠬᠠᠪᠰᠤᠷᠤᠨ ᠭᠦᠢᠴᠡᠳᠬᠡᠬᠦ ᠶᠢ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠬᠠᠩᠭᠠᠨ᠎ᠠ᠃      ᠯᠢᠦ ᠮᠢᠩ ᠵᠢᠶᠠᠩᠰᠢ ᠶᠢᠨ ᠭᠠᠨ ᠹᠧᠩ ᠯᠢ ᠶᠢᠨ ᠴᠠᠬᠢᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ᠂ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ᠂ ᠮᠡᠷᠭᠡᠵᠢᠯ ᠤᠨ ᠳᠠᠪᠠᠭᠤᠯᠢᠭ ᠵᠡᠷᠭᠡ ᠦᠨᠳᠦᠰᠦᠨ ᠪᠠᠶᠢᠳᠠᠯ ᠢ ᠲᠠᠨᠢᠯᠴᠠᠭᠤᠯᠪᠠ᠃ᠲᠡᠷᠡ ᠬᠡᠯᠡᠬᠦ ᠳᠡᠭᠡᠨ᠂ ᠳ᠋ᠦᠩ ᠾᠧ ᠲᠣᠭᠤᠷᠢᠭ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠰᠠᠶᠢᠨ᠂ ᠠᠵᠢᠯ ᠬᠢᠵᠦ ᠦᠢᠯᠡᠰ ᠴᠣᠭᠴᠠᠯᠠᠬᠤ ᠠᠭᠤᠷ ᠠᠮᠢᠰᠬᠤᠯ ᠥᠳᠬᠡᠨ ᠪᠠᠶᠢᠵᠤ᠂ ᠺᠣᠮᠫᠠᠨᠢ ᠶᠢᠨ ᠬᠢᠨ ᠳ᠋ᠦᠩ ᠾᠧ ᠲᠣᠭᠤᠷᠢᠭ  ᠯᠤᠭ᠎ᠠ ᠶᠢᠨ ᠬᠠᠮᠲᠤᠷᠠᠯᠴᠠᠭ᠎ᠠ ᠪᠠᠨ ᠨᠡᠮᠡᠭᠳᠡᠭᠦᠯᠬᠦ ᠳᠤ ᠢᠲᠡᠭᠡᠯ ᠪᠠ ᠬᠦᠰᠡᠯ ᠡᠷᠡᠮᠡᠯᠵᠡᠯ ᠳᠦᠭᠦᠷᠡᠩ ᠪᠠᠶᠢᠨ᠎ᠠ ᠭᠡᠵᠡᠢ᠃ᠳᠠᠷᠠᠭᠠᠴᠢ ᠶᠢᠨ ᠠᠯᠬᠤᠮ ᠳᠤ᠂ ᠺᠣᠮᠫᠠᠨᠢ ᠨᠢ ᠣᠷᠣᠨ ᠤ ᠵᠠᠰᠠᠭ ᠤᠨ ᠣᠷᠳᠣᠨ ᠲᠠᠢ ᠭᠦᠨᠵᠡᠭᠡᠢ ᠣᠯᠣᠯᠴᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃      ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠤᠸᠠᠨ ᠮᠣᠣ ᠯᠢᠨ᠂ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠲᠢᠶᠠᠨ ᠶᠦᠩ ᠭᠤᠸᠠᠩ᠂ ᠵᠢᠶᠠᠩᠰᠢ ᠶᠢᠨ ᠭᠠᠨ ᠹᠥ᠋ᠩ ᠯᠢ ᠴᠠᠬᠢᠯᠭᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠡᠵᠡᠩᠨᠡᠨ ᠪᠣᠷᠣᠯᠠᠭᠤᠯᠬᠤ ᠲᠥᠪ ᠤᠨ ᠶᠡᠷᠦᠩᠬᠡᠢ ᠳᠠᠭᠠᠭᠠᠮᠠᠯ ᠴᠧᠩ ᠪᠦᠦ ᠯᠢ᠂ ᠫᠠᠨ ᠬᠦ᠋ ᠤᠶᠤᠨ ᠤ ᠬᠥᠮᠥᠷᠭᠡ ᠶᠢᠨ ᠭᠦᠢᠴᠡᠳᠭᠡᠭᠴᠢ ᠨᠠᠷᠢᠨ ᠪᠢᠴᠢᠭ ᠤᠨ ᠳᠠᠷᠤᠭ᠎ᠠ ᠵᠧᠦ ᠵᠢᠢ᠂ ᠫᠠᠨ ᠬᠦ᠋ ᠤᠶᠤᠨ ᠤ ᠬᠥᠮᠥᠷᠭᠡ ᠶᠢᠨ ᠴᠢᠬᠤᠯᠠ ᠶᠡᠭᠡ ᠲᠦᠷᠦᠯ ᠵᠦᠢᠯ ᠤᠨ ᠬᠡᠯᠲᠡᠰ ᠤᠨ ᠶᠡᠷᠦᠩᠬᠡᠢ ᠬᠢᠨᠠᠭᠴᠢ ᠵᠦ ᠯᠢᠨ᠂ ᠳᠡᠳ᠋ ᠡᠷᠬᠢᠯᠡᠭᠴᠢ ᠵᠧᠦ ᠰᠢᠦᠢ ᠬᠤᠩ ᠵᠢᠴᠢ ᠳ᠋ᠦᠩ ᠾᠧ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1